ᠵᠠᠩ ᠲᠢᠶᠠᠨ ᠱᠦᠨ ᠮᠡᠳᠡᠭᠡᠯᠡᠪᠡ
ᠴᠤᠯᠮᠤᠨ ᠣᠷᠴᠢᠭᠤᠯᠪᠠ
6 ᠳ᠋ᠤᠭ᠋ᠠᠷ ᠰᠠᠷ᠎ᠠ ᠵᠢᠨ 1᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠤᠷᠤᠨ ᠪᠤᠯᠤᠨ ᠬᠠᠷᠠᠮᠦᠢ᠍ᠷᠡᠨ ᠮᠣᠵᠢ ᠵᠢᠨ ᠵᠠᠰᠠᠭ ᠵᠠᠬᠢᠷᠭ᠋ᠠᠨ᠎ᠤ ᠵᠠᠭ᠋ᠠᠭ ᠱᠤᠭᠤᠮ᠎ᠤᠨ ᠲᠠᠪᠤᠳᠤᠭ᠋ᠠᠷ ᠡᠭᠡᠯᠵᠢ ᠵᠢᠨ ᠬᠠᠮᠲᠤᠷᠠᠭᠰᠠᠨ ᠪᠠᠢ᠌ᠴᠠᠭ᠋ᠠᠯᠲᠠ ᠵᠢᠨ ᠠᠵᠢᠯ ᠬᠢᠭᠡᠳ ᠠᠮᠤᠷ ᠠᠮᠤᠭᠤᠯᠠᠩ ᠵᠠᠭ᠋ᠠᠭ ᠱᠤᠭᠤᠮ᠎ᠤᠨ ᠣᠷᠤᠨ᠎ᠢ ᠡᠭᠦᠳᠦᠨ ᠪᠠᠶ᠋ᠢᠭᠤᠯᠬᠤ ᠬᠤᠷᠠᠯ ᠴᠢᠴᠢᠬᠠᠷ ᠬᠣᠲᠠ ᠵᠢᠨ ᠭᠠᠨᠨᠠᠨ ᠰᠢᠶᠠᠨ᠎ᠳᠤ ᠬᠤᠷᠠᠯᠳᠤᠪᠠ᠃ ᠬᠠᠷᠠᠮᠥ᠋ᠷᠡᠨ ᠮᠤᠵᠢ ᠵᠢᠨ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠢᠭᠡᠳᠦᠭᠡᠷ ᠳᠡᠰ᠎ᠤᠨ ᠲᠣᠭᠣᠷᠢᠨ ᠪᠠᠢ᠌ᠴᠠᠭ᠋ᠠᠭᠴᠢ ᠦ᠋ ᠰᠢᠶᠣᠣ ᠫᠢᠩ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ ᠂ ᠲᠢᠩᠬᠢᠮ᠎ᠤᠨ ᠳᠡᠳ᠋ ᠳᠠᠷᠤᠭ᠎ᠠ ᠴᠣᠭ ᠬᠤᠷᠠᠯ᠎ᠳᠤ ᠣᠷᠣᠯᠴᠠᠵᠣ ᠲᠣᠰ ᠲᠣᠰ ᠶᠠᠷᠢᠶ᠎ᠠ ᠲᠠᠯᠪᠢᠭᠰᠠᠨ᠎ᠤ ᠬᠠᠮᠲᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠤᠷᠤᠨ ᠪᠤᠯᠤᠨ ᠬᠠᠷᠠᠮᠦᠢ᠍ᠷᠡᠨ ᠮᠣᠵᠢ ᠵᠢᠨ ᠠᠮᠤᠷ ᠠᠮᠤᠭᠤᠯᠠᠩ ᠵᠠᠭ᠋ᠠᠭ ᠱᠤᠭᠤᠮ᠎ᠤᠨ ᠣᠷᠤᠨ᠎ᠢ ᠡᠭᠦᠳᠦᠨ ᠪᠠᠶ᠋ᠢᠭᠤᠯᠬᠤ ᠬᠡᠯᠡᠯᠴᠡᠭᠡᠷ᠎ᠤᠨ ᠪᠢᠴᠢᠭ᠎ᠲᠤ ᠭᠠᠷᠤᠨ ᠥᠰᠥᠭ ᠵᠢᠷᠤᠪᠠ᠃
ᠬᠤᠷᠠᠯ᠎ᠠᠴᠠ 《ᠬᠠᠷᠠᠮᠥ᠋ᠷᠡᠨ ᠮᠤᠵᠢ ᠵᠢᠨ ᠠᠷᠠᠳ᠎ᠤᠨ ᠶᠠᠪᠤᠳᠠᠯ᠎ᠤᠨ ᠲᠢᠩᠬᠢᠮ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠤᠷᠤᠨ ᠪᠤᠯᠤᠨ ᠬᠠᠷᠠᠮᠦᠢ᠍ᠷᠡᠨ ᠮᠣᠵᠢ ᠵᠢᠨ ᠵᠠᠰᠠᠭ ᠵᠠᠬᠢᠷᠭ᠋ᠠᠨ᠎ᠤ ᠵᠠᠭ᠋ᠠᠭ ᠱᠤᠭᠤᠮ᠎ᠤᠨ ᠲᠠᠪᠤᠳᠤᠭ᠋ᠠᠷ ᠡᠭᠡᠯᠵᠢ ᠵᠢᠨ ᠬᠠᠮᠲᠤᠷᠠᠭᠰᠠᠨ ᠪᠠᠢ᠌ᠴᠠᠭ᠋ᠠᠯᠲᠠ ᠵᠢᠨ ᠠᠵᠢᠯ᠎ᠤᠨ ᠲᠤᠬᠠᠢ ᠬᠡᠷᠡᠭᠵᠢᠭᠦᠯᠬᠦ ᠲᠦᠰᠦᠯ》᠎ᠢ ᠳᠠᠮᠵᠢᠭᠤᠯᠪᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠤᠷᠤᠨ ᠪᠤᠯᠤᠨ ᠬᠠᠷᠠᠮᠦᠢ᠍ᠷᠡᠨ ᠮᠣᠵᠢ ᠵᠢᠨ ᠬᠥᠷᠰᠢ ᠵᠡᠷᠭᠡᠯᠡᠳᠡᠭᠡ ᠣᠷᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠤᠯᠤᠰ ᠲᠦᠷᠦ ᠵᠢᠨ ᠵᠣᠭᠰᠣᠴᠠ᠎ᠪᠠᠨ ᠴᠢᠨᠠᠭᠰᠢᠳᠠ ᠳᠡᠭᠡᠭᠰᠢᠯᠡᠭᠦᠯᠵᠦ᠂ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠡᠬᠢᠵᠢᠭᠦᠯᠵᠣ᠂ ᠠᠷᠠᠳ ᠲᠦᠮᠡᠨ᠎ᠳᠤ ᠦᠢ᠍ᠯᠡᠴᠢᠯᠡᠬᠦ ᠦᠵᠡᠯ ᠰᠠᠨᠠᠭ᠎ᠠ ᠵᠢ ᠦᠢ᠍ᠯᠡᠳᠦᠯᠭᠡᠵᠢᠭᠦᠯᠵᠣ᠂ ᠵᠠᠰᠠᠭ᠎ᠤᠨ ᠣᠷᠳᠣᠨ᠎ᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠥᠨᠳᠥᠷᠴᠡ᠎ᠳᠤ ᠰᠠᠭᠤᠷᠢᠯᠠᠵᠤ᠂ ᠵᠠᠭ᠋ᠠᠭ ᠱᠤᠭᠤᠮ᠎ᠤᠨ ᠬᠠᠮᠢᠶᠠᠷᠤᠯᠲᠠ ᠪᠣᠯᠣᠨ ᠬᠠᠮᠲᠤᠷᠠᠭᠰᠠᠨ ᠪᠠᠢ᠌ᠴᠠᠭ᠋ᠠᠯᠲᠠ ᠵᠢᠨ ᠠᠵᠢᠯ᠎ᠢ ᠰᠠᠢ᠌ᠲᠤᠷ ᠬᠢᠬᠦ ᠬᠠᠷᠢᠭᠤᠴᠠᠯᠭ᠋ᠠᠲᠤ ᠰᠡᠳᠬᠢᠯᠭᠡ ᠪᠣᠯᠣᠨ ᠡᠭᠦᠷᠭᠡᠲᠦ ᠰᠡᠳᠬᠢᠯᠭᠡ᠎ᠪᠠᠨ ᠴᠢᠩᠭ᠋ᠠᠳᠬᠠᠬᠤ ᠬᠡᠷᠡᠭᠲᠡᠢ ᠭᠡᠵᠦ ᠬᠤᠷᠠᠯ᠎ᠠᠴᠠ ᠴᠢᠬᠤᠯᠠᠴᠢᠯᠠᠪᠠ᠃
ᠬᠤᠷᠠᠯ᠎ᠠᠴᠠ᠂ ᠵᠠᠭ᠋ᠠᠭ ᠱᠤᠭᠤᠮ᠎ᠤᠨ ᠣᠷᠤᠨ᠎ᠤ ᠬᠠᠮᠢᠶᠠᠷᠤᠯᠲᠠ ᠪᠣᠯᠣᠨ ᠬᠠᠮᠲᠤᠷᠠᠨ ᠪᠠᠢ᠌ᠴᠠᠭ᠋ᠠᠬᠤ ᠠᠵᠢᠯ᠎ᠢ ᠰᠠᠢ᠌ᠲᠤᠷ ᠬᠢᠬᠦ᠎ᠳᠤ ᠡᠷᠲᠡ᠎ᠠᠴᠠ ᠰᠦᠪᠡᠭᠴᠢᠯᠡᠬᠦ ᠵᠢ ᠪᠠᠷᠢᠮᠲᠠᠯᠠᠵᠤ᠂ ᠬᠠᠤᠯᠢ ᠶᠣᠰᠣᠭ᠋ᠠᠷ ᠥᠷᠨᠢᠭᠦᠯᠬᠦ ᠵᠢ ᠪᠠᠷᠢᠮᠲᠠᠯᠠᠵᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠪᠣᠳᠠᠲᠠᠢ ᠵᠢ ᠡᠷᠬᠢᠮᠯᠡᠬᠦ ᠰᠤᠷᠲᠠᠯ᠎ᠢ ᠪᠠᠷᠢᠮᠲᠠᠯᠠᠵᠤ᠂ ᠮᠠᠲ᠋ᠧᠷᠢᠶᠠᠯ᠎ᠢ ᠳᠥᠷᠢᠮᠵᠢᠯ᠎ᠲᠠᠢ ᠡᠮᠬᠢ ᠵᠢᠷᠤᠮ᠎ᠲᠠᠢ ᠡᠷᠴᠢᠮᠲᠡᠢ ᠠᠬᠢᠭᠤᠯᠬᠤ ᠵᠢ ᠪᠠᠷᠢᠮᠲᠠᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠵᠠᠭ᠋ᠠᠭ ᠱᠤᠭᠤᠮ᠎ᠤᠨ ᠣᠷᠤᠨ᠎ᠤ ᠬᠠᠮᠢᠶᠠᠷᠤᠯᠲᠠ ᠵᠢᠨ ᠠᠷᠭ᠎ᠠ ᠬᠡᠯᠪᠡᠷᠢ ᠵᠢ ᠰᠠᠢ᠌ᠵᠢᠷᠠᠭᠤᠯᠵᠣ᠂ ᠵᠠᠭ᠋ᠠᠭ ᠱᠤᠭᠤᠮ᠎ᠤᠨ ᠬᠠᠮᠢᠶᠠᠷᠤᠯᠲᠠ ᠵᠢᠨ ᠲᠦᠷᠦ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠵᠢ ᠴᠢᠩᠭ᠋ᠠᠳᠬᠠᠵᠣ᠂ ᠠᠮᠤᠷ ᠠᠮᠤᠭᠤᠯᠠᠩ ᠵᠠᠭ᠋ᠠᠭ ᠱᠤᠭᠤᠮ᠎ᠤᠨ ᠣᠷᠤᠨ᠎ᠢ ᠡᠭᠦᠳᠦᠨ ᠪᠠᠶ᠋ᠢᠭᠤᠯᠬᠤ ᠵᠢᠨ ᠦᠨᠢᠷ ᠦᠳᠬᠡᠨ ᠠᠭᠤᠷ ᠠᠮᠢᠰᠬᠤᠯ᠎ᠢ ᠪᠤᠢ ᠪᠣᠯᠭ᠋ᠠᠬᠤ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠣᠨ᠂ ᠠᠮᠤᠷ ᠠᠮᠤᠭᠤᠯᠠᠩ ᠵᠠᠭ᠋ᠠᠭ ᠱᠤᠭᠤᠮ᠎ᠤᠨ ᠣᠷᠤᠨ᠎ᠢ ᠡᠭᠦᠳᠦᠨ ᠪᠠᠶ᠋ᠢᠭᠤᠯᠬᠤ ᠠᠵᠢᠯᠯᠠᠭ᠎ᠠ ᠵᠢ ᠴᠢᠨᠠᠭᠰᠢᠳᠠ ᠪᠡᠬᠢᠵᠢᠭᠦᠯᠦᠨ ᠭᠦᠨᠵᠡᠭᠡᠢ᠌ᠷᠡᠭᠦᠯᠬᠦ ᠬᠡᠷᠡᠭᠲᠡᠢ ᠭᠡᠵᠦ ᠰᠠᠨᠠᠭ᠋ᠠᠴᠢᠯᠠᠪᠠ᠃
ᠬᠤᠷᠠᠯ᠎ᠤᠨ ᠳᠠᠷᠠᠭ᠎ᠠ᠂ ᠬᠣᠶᠠᠷ ᠮᠤᠵᠢ ᠥᠪᠡᠷᠲᠡᠭᠡᠨ ᠵᠠᠰᠠᠬᠤ ᠣᠷᠣᠨ᠎ᠤ ᠬᠤᠷᠠᠯ᠎ᠳᠤ ᠣᠷᠣᠯᠴᠠᠭᠰᠠᠳ ᠲᠤᠬᠠᠢ ᠵᠢᠨ ᠭᠠᠵᠠᠷ᠎ᠲᠤ ᠬᠦᠷᠴᠦ 13 ᠳ᠋ᠤᠭ᠋ᠠᠷ ᠵᠠᠭ᠋ᠠᠭ ᠱᠤᠭᠤᠮ᠎ᠤᠨ ᠱᠤᠩᠢ ᠪᠠᠢ᠌ᠴᠠᠭ᠋ᠠᠨ ᠦᠵᠡᠭᠰᠡᠨ ᠪᠥᠭᠡᠳ ᠬᠠᠮᠲᠤ ᠵᠢᠨ ᠰᠡᠭᠦᠳᠡᠷ ᠲᠠᠲᠠᠭᠤᠯᠵᠤ ᠳᠤᠷᠠᠰᠬᠠᠯ ᠦᠯᠡᠳᠡᠭᠡᠪᠡ᠃ ᠬᠣᠶᠠᠷ ᠮᠤᠵᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠤᠳᠤᠷᠢᠳᠤᠯᠭ᠎ᠠ᠂ ᠲᠤᠬᠠᠢ᠌ᠯᠠᠭᠰᠠᠨ ᠠᠵᠢᠯ᠎ᠤᠨ ᠠᠵᠢᠯᠲᠠᠳ ᠵᠠᠭ᠋ᠠᠭ ᠱᠤᠭᠤᠮ᠎ᠤᠨ ᠱᠤᠩ᠎ᠤᠨ ᠦᠰᠦᠭ᠎ᠢ ᠤᠯᠠᠭ᠋ᠠᠨ ᠵᠶ᠋ᠠᠷ ᠪᠤᠳᠤᠪᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠤᠷᠤᠨ ᠪᠤᠯᠤᠨ ᠬᠠᠷᠠᠮᠦᠢ᠍ᠷᠡᠨ ᠮᠣᠵᠢ ᠵᠢᠨ ᠬᠥᠷᠰᠢ ᠵᠡᠷᠭᠡᠯᠡᠳᠡᠭᠡ ᠮᠤᠵᠢ᠂ ᠬᠣᠲᠠ (ᠭᠠᠵᠠᠷ)᠂ ᠬᠣᠰᠢᠭᠤ ᠰᠢᠶᠠᠨ ᠭᠤᠷᠪᠠᠨ ᠱᠠᠲᠤᠨ᠎ᠤ 60 ᠰᠢᠬᠠᠮ ᠨᠥᠬᠥᠳ ᠳᠡᠭᠡᠷᠡᠬᠢ ᠠᠵᠢᠯᠯᠠᠭ᠎ᠠ᠎ᠳᠤ ᠣᠷᠣᠯᠴᠠᠪᠠ᠃
ᠮᠡᠳᠡᠭᠡᠯᠡᠭᠴᠢ ᠵᠢᠨ ᠬᠠᠶᠢᠭ᠄ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠵᠠᠰᠠᠭ ᠵᠠᠬᠢᠷᠭ᠋ᠠᠨ᠎ᠤ ᠣᠷᠣᠨ ᠬᠣᠪᠢᠶᠠᠷᠢᠯᠠᠯ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠭᠠᠵᠠᠷ
ᠣᠷᠴᠢᠭᠤᠯᠤᠭᠴᠢ ᠵᠢᠨ ᠬᠠᠶᠢᠭ᠄ ᠬᠦᠬᠡᠬᠤᠲᠠ ᠵᠢᠨ ᠰᠠᠢ᠌ᠬᠠᠨ ᠲᠤᠭᠤᠷᠢᠭ