ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠵᠠᠰᠠᠭ ᠵᠠᠬᠢᠷᠭᠠᠨ᠎ᠤ ᠣᠷᠣᠨ ᠬᠤᠪᠢᠶᠠᠷᠯᠠᠯ᠎ᠤᠨ ᠭᠠᠵᠠᠷ᠎ᠤᠨ ᠨᠡᠷ᠎ᠡ
ᠠᠷᠠᠳ᠎ᠤᠨ ᠶᠠᠪᠤᠳᠠᠯ᠎ᠤᠨ ᠶᠠᠮᠤᠨ᠎ᠤ ᠭᠠᠵᠠᠷ᠎ᠤᠨ ᠨᠡᠷᠡᠰ ᠰᠤᠳᠤᠯᠬᠤ ᠭᠠᠵᠠᠷ᠎ᠤᠨ᠎ᠬᠢᠨ ᠮᠠᠨ᠎ᠤ ᠣᠷᠣᠨ᠎ᠳᠤ ᠢᠷᠡᠵᠦ ᠴᠦᠬᠡᠨ ᠲᠤᠭ᠋ᠠᠲᠤ ᠦᠨᠳᠦᠰᠦᠲᠡᠨ᠎ᠤ ᠬᠡᠯᠡᠨ᠎ᠤ ᠭᠠᠵᠠᠷ᠎ᠤᠨ ᠨᠡᠷᠡᠰ᠎ᠢ ᠠᠪᠢᠶᠠᠴᠢᠯᠠᠨ ᠪᠢᠴᠢᠬᠦ ᠵᠢ ᠲᠦᠷᠢᠮᠵᠢᠭᠦᠯᠬᠦ ᠲᠤᠬᠠᠢ ᠪᠠᠢ᠌ᠴᠠᠭ᠋ᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄ 2023-08-21

                     ᠤᠷᠢᠬᠠᠨ ᠮᠡᠳᠡᠭᠡᠯᠡᠪᠡ
   ᠭᠠᠵᠠᠷ᠎ᠤᠨ ᠨᠡᠷᠡᠰ᠎ᠤᠨ ᠠᠪᠢᠶᠠᠴᠢᠯᠠᠭᠰᠠᠨ ᠪᠢᠴᠢᠯᠭᠡ ᠵᠢ ᠪᠠᠷᠢᠮᠵᠢᠶᠠᠵᠢᠭᠤᠯᠣᠨ ᠳᠦᠷᠢᠮᠵᠢᠭᠦᠯᠬᠦ ᠬᠢᠷᠢ ᠲᠦᠪᠰᠢᠨ᠎ᠢ ᠳᠡᠭᠡᠭᠰᠢᠯᠡᠭᠦᠯᠵᠤ᠂ ᠭᠠᠵᠠᠷ᠎ᠤᠨ ᠨᠡᠷᠡᠰ᠎ᠤᠨ ᠠᠵᠤ ᠠᠬᠤᠢ ᠨᠡᠢ᠌ᠭᠡᠮ᠎ᠤᠨ ᠬᠥᠭᠵᠢᠯᠲᠡ ᠎ᠳᠤ᠎ᠬᠢ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠦᠢ᠍ᠯᠡᠳᠦᠯ᠎ᠢ ᠤᠯᠠᠮ ᠰᠠᠢ᠌ᠨ ᠪᠠᠳᠠᠷᠠᠭᠤᠯᠬᠣ ᠵᠢᠨ ᠲᠥᠯᠥᠭᠡ᠂ 6 ᠳ᠋ᠣᠭ᠋ᠠᠷ ᠰᠠᠷ᠎ᠠ ᠵᠢᠨ 6᠎ᠤ ᠡᠳᠦᠷ᠎ᠠᠴᠠ 9᠎ᠤ ᠡᠳᠦᠷ ᠪᠣᠯᠲᠠᠯ᠎ᠠ᠂ ᠠᠷᠠᠳ᠎ᠤᠨ ᠶᠠᠪᠤᠳᠠᠯ᠎ᠤᠨ ᠶᠠᠮᠤᠨ᠎ᠤ ᠭᠠᠵᠠᠷ᠎ᠤᠨ ᠨᠡᠷᠡᠰ ᠰᠤᠳᠤᠯᠬᠤ ᠭᠠᠵᠠᠷ᠎ᠤᠨ ᠳᠠᠷᠤᠭ᠎ᠠ ᠯᠢ ᠪᠥᠸᠧ ᠰᠧᠨ᠂ ᠤᠯᠤᠰ᠎ᠤᠨ ᠦᠭᠡ ᠬᠡᠯᠡ ᠦᠰᠦᠭ ᠪᠢᠴᠢᠭ᠎ᠤᠨ ᠠᠵᠢᠯ᠎ᠤᠨ ᠵᠥᠪᠯᠡᠯ ᠪᠠ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠎ᠤᠨ ᠲᠤᠰᠬᠠᠢ ᠮᠡᠷᠭᠡᠵᠢᠯᠲᠡᠨ ᠨᠠᠷ ᠥᠪᠥᠷ ᠮᠣᠩᠭᠣᠯ᠎ᠤᠨ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠳᠡᠳ᠋ ᠳᠠᠷᠤᠭ᠎ᠠ ᠴᠣᠭ᠎ᠤᠨ ᠪᠠᠷ᠎ᠠ ᠪᠤᠯᠤᠯᠭ᠎ᠠ᠎ᠲᠠᠢ᠎ᠪᠠᠷ ᠲᠣᠰ ᠲᠣᠰ ᠣᠷᠳᠣᠰ ᠬᠣᠲᠠ᠂ ᠬᠥᠬᠡᠬᠣᠲᠠ᠎ᠳᠤ ᠬᠦᠷᠴᠦ ᠴᠥᠭᠡᠨ ᠲᠣᠭ᠋ᠠᠲᠤ ᠦᠨᠳᠦᠰᠦᠲᠡᠨ᠎ᠤ ᠬᠡᠯᠡᠨ᠎ᠤ ᠭᠠᠵᠠᠷ᠎ᠤᠨ ᠨᠡᠷᠡᠰ᠎ᠢ ᠠᠪᠢᠶᠠᠴᠢᠯᠠᠨ ᠪᠢᠴᠢᠬᠦ ᠵᠢ ᠳᠦᠷᠢᠮᠵᠢᠭᠦᠯᠬᠦ ᠠᠵᠢᠯ᠎ᠢ ᠪᠠᠢ᠌ᠴᠠᠭ᠋ᠠᠨ ᠰᠤᠳᠤᠯᠵᠤ ᠵᠢᠭ᠋ᠠᠨ ᠵᠢᠯᠣᠭᠣᠳᠪᠠ᠃
7᠎ᠤ ᠡᠳᠦᠷ᠎ᠤᠨ ᠦᠳᠡ ᠵᠢᠨ ᠡᠮᠦᠨ᠎ᠡ᠂ ᠣᠷᠳᠣᠰ ᠬᠣᠲᠠ᠎ᠳᠤ ᠴᠥᠭᠡᠨ ᠲᠣᠭ᠋ᠠᠲᠤ ᠦᠨᠳᠦᠰᠦᠲᠡᠨ᠎ᠤ ᠬᠡᠯᠡᠨ᠎ᠤ ᠭᠠᠵᠠᠷ᠎ᠤᠨ ᠨᠡᠷᠡᠰ᠎ᠢ ᠠᠪᠢᠶᠠᠴᠢᠯᠠᠨ ᠪᠢᠴᠢᠬᠦ ᠵᠢ ᠳᠦᠷᠢᠮᠵᠢᠭᠦᠯᠬᠦ ᠵᠢᠨ ᠪᠠᠢ᠌ᠴᠠᠭ᠋ᠠᠨ ᠰᠤᠳᠤᠯᠤᠯᠲᠠ ᠵᠢᠨ ᠶᠠᠷᠢᠯᠴᠠᠬᠤ ᠬᠤᠷᠠᠯ ᠬᠤᠷᠠᠯᠳᠤᠭᠤᠯᠵᠤ᠂ ᠣᠷᠳᠣᠰ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠳᠡᠳ᠋ ᠳᠠᠷᠤᠭ᠎ᠠ ᠶᠠᠩ ᠵᠢᠶᠦ᠋ᠨ ᠯᠢ ᠣᠷᠳᠣᠰ ᠬᠣᠲᠠ ᠵᠢᠨ ᠴᠥᠭᠡᠨ ᠲᠣᠭ᠋ᠠᠲᠤ ᠦᠨᠳᠦᠰᠦᠲᠡᠨ᠎ᠤ ᠬᠡᠯᠡᠨ᠎ᠤ ᠭᠠᠵᠠᠷ᠎ᠤᠨ ᠨᠡᠷᠡᠰ᠎ᠢ ᠳᠦᠷᠢᠮᠵᠢᠭᠦᠯᠵᠣ ᠠᠪᠢᠶᠠᠴᠢᠯᠠᠨ ᠪᠢᠴᠢᠬᠦ ᠲᠠᠯ᠎ᠠ ᠵᠢᠨ ᠬᠣᠯᠪᠣᠭᠳᠠᠯ ᠪᠦᠬᠦᠢ ᠪᠠᠢ᠌ᠳᠠᠯ᠎ᠤᠨ ᠲᠣᠭᠣᠷᠢᠨ᠎ᠳᠤ ᠬᠠᠷᠢᠭᠤ ᠮᠡᠳᠡᠭᠦᠯᠦᠯᠲᠡ ᠬᠢᠵᠦ᠂ ᠣᠷᠳᠣᠰ ᠬᠣᠲᠠ ᠵᠢᠨ ᠦᠭᠡ ᠬᠡᠯᠡ ᠦᠰᠦᠭ ᠪᠢᠴᠢᠭ᠎ᠤᠨ ᠠᠵᠢᠯ᠎ᠤᠨ ᠵᠥᠪᠯᠡᠯ᠂ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠨᠥᠬᠥᠳ ᠪᠠ ᠭᠠᠵᠠᠷ᠎ᠤᠨ ᠨᠡᠷᠡᠰ᠎ᠤᠨ ᠲᠤᠰᠬᠠᠢ ᠮᠡᠷᠭᠡᠵᠢᠯᠲᠡᠨ ᠨᠠᠷ ᠪᠠᠢ᠌ᠴᠠᠭ᠋ᠠᠨ ᠰᠤᠳᠤᠯᠤᠯᠲᠠ ᠵᠢᠨ ᠭᠣᠣᠯ ᠰᠡᠳᠦᠪ᠎ᠤᠨ ᠲᠣᠭᠣᠷᠢᠨ᠎ᠳᠤ ᠰᠠᠨᠠᠯ ᠵᠶ᠋ᠠᠨ ᠰᠣᠯᠢᠯᠴᠠᠵᠤ ᠶᠠᠷᠢᠶ᠎ᠠ ᠲᠠᠯᠪᠢᠪᠠ᠃
   7᠎ᠤ ᠦᠳᠡ ᠵᠢᠨ ᠬᠣᠢ᠌ᠨ᠎ᠠ᠂ ᠯᠢ ᠪᠥᠸᠧ ᠰᠸᠨ ᠨᠠᠷ ᠣᠷᠳᠣᠰ ᠬᠤᠲᠠ ᠵᠢᠨ ᠡᠵᠡᠨ ᠬᠣᠷᠣᠭ᠎ᠠ ᠬᠣᠰᠢᠭᠤᠨ᠎ᠤ ᠰᠣᠪᠤᠷᠭ᠎ᠠ ᠪᠠᠯᠭ᠋ᠠᠰᠤᠨ᠎ᠤ ᠰᠣᠪᠤᠷᠭ᠎ᠠ ᠭᠠᠴᠠᠭ᠎ᠠ᠎ᠳᠤ ᠬᠦᠷᠴᠦ ᠵᠠᠮ᠎ᠤᠨ ᠲᠡᠮᠳᠡᠭ ᠫᠠᠢ᠌ᠰᠠ ᠵᠢ ᠪᠠᠢ᠌ᠴᠠᠭ᠋ᠠᠨ ᠦᠵᠡᠵᠦ᠂ ᠡᠵᠡᠨ ᠬᠣᠷᠣᠭ᠎ᠠ ᠬᠣᠰᠢᠭᠤᠨ᠎ᠤ ᠴᠥᠭᠡᠨ ᠲᠣᠭ᠋ᠠᠲᠤ ᠦᠨᠳᠦᠰᠦᠲᠡᠨ᠎ᠤ ᠬᠡᠯᠡᠨ᠎ᠤ ᠭᠠᠵᠠᠷ᠎ᠤᠨ ᠨᠡᠷᠡᠰ᠎ᠢ ᠠᠪᠢᠶᠠᠴᠢᠯᠠᠨ ᠪᠢᠴᠢᠵᠦ ᠪᠠᠢ᠌ᠭ᠎ᠠ ᠣᠳᠣᠬᠢ ᠪᠠᠢ᠌ᠳᠠᠯ᠂ ᠭᠠᠵᠠᠷ᠎ᠤᠨ  ᠨᠡᠷᠡᠰ᠎ᠤᠨ ᠢᠷᠡᠯᠲᠡ ᠪᠠ ᠭᠠᠵᠠᠷ᠎ᠤᠨ ᠨᠡᠷᠡᠰ᠎ᠤᠨ ᠤᠳᠬ᠎ᠠ ᠠᠭᠤᠯᠬᠤᠨ ᠵᠡᠷᠭᠡ ᠪᠠᠢ᠌ᠳᠠᠯ᠎ᠢ ᠨᠠᠷᠢᠨ ᠣᠢ᠌ᠯᠠᠭ᠋ᠠᠬᠣ ᠵᠢᠨ ᠬᠠᠮᠲᠤ ᠲᠤᠬᠠᠢ ᠵᠢᠨ ᠭᠠᠵᠠᠷ᠎ᠤᠨ ᠮᠠᠯᠴᠢᠳ᠎ᠢ ᠵᠣᠬᠢᠶᠠᠨ ᠪᠠᠢ᠌ᠭᠤᠯᠵᠤ ᠴᠥᠭᠡᠨ ᠲᠣᠭ᠋ᠠᠲᠤ ᠦᠨᠳᠦᠰᠦᠲᠡᠨ᠎ᠤ ᠬᠡᠯᠡᠨ᠎ᠤ ᠭᠠᠵᠠᠷ᠎ᠤᠨ ᠨᠡᠷᠡᠰ᠎ᠢ ᠠᠪᠢᠶᠠᠴᠢᠯᠠᠨ ᠪᠢᠴᠢᠬᠦ ᠲᠤᠬᠠᠢ ᠠᠰᠠᠭᠤᠯᠲᠠ ᠵᠢᠨ ᠬᠠᠭᠤᠳᠠᠰᠤ ᠲᠠᠭᠯᠠᠭᠤᠯᠪᠠ᠃
   8᠎ᠤ ᠡᠳᠦᠷ᠎ᠤᠨ ᠦᠳᠡ ᠵᠢᠨ ᠡᠮᠦᠨ᠎ᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠳᠤ ᠬᠥᠬᠡᠬᠣᠲᠠ ᠵᠢᠨ ᠴᠥᠭᠡᠨ ᠲᠣᠭ᠋ᠠᠲᠤ ᠦᠨᠳᠦᠰᠦᠲᠡᠨ᠎ᠤ ᠬᠡᠯᠡᠨ᠎ᠤ ᠭᠠᠵᠠᠷ᠎ᠤᠨ ᠨᠡᠷᠡᠰ᠎ᠤᠨ ᠠᠪᠢᠶᠠᠴᠢᠯᠠᠨ ᠪᠢᠴᠢᠬᠦ ᠵᠢ ᠳᠦᠷᠢᠮᠵᠢᠭᠦᠯᠬᠦ ᠵᠢᠨ ᠪᠠᠢ᠌ᠴᠠᠭ᠋ᠠᠨ ᠰᠤᠳᠤᠯᠤᠯᠲᠠ ᠵᠢᠨ ᠶᠠᠷᠢᠯᠴᠠᠬᠤ ᠬᠤᠷᠠᠯ ᠬᠤᠷᠠᠯᠳᠤᠭᠤᠯᠵᠤ᠂ ᠬᠦᠬᠡᠬᠤᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠳᠡᠳ᠋ ᠳᠠᠷᠤᠭ᠎ᠠ ᠬᠤᠸᠠᠩ ᠬᠠᠢ ᠯᠦᠩ ᠬᠥᠬᠡᠬᠣᠲᠠ ᠵᠢᠨ ᠴᠥᠭᠡᠨ ᠲᠣᠭ᠋ᠠᠲᠤ ᠦᠨᠳᠦᠰᠦᠲᠡᠨ᠎ᠤ ᠬᠡᠯᠡᠨ᠎ᠤ ᠭᠠᠵᠠᠷ᠎ᠤᠨ ᠨᠡᠷᠡᠰ᠎ᠢ ᠳᠦᠷᠢᠮᠵᠢᠭᠦᠯᠦᠨ ᠠᠪᠢᠶᠠᠴᠢᠯᠠᠨ ᠪᠢᠴᠢᠬᠦ ᠲᠠᠯ᠎ᠠ ᠵᠢᠨ ᠬᠠᠮᠢᠶ᠎ᠠ ᠪᠦᠬᠦᠢ ᠪᠠᠢ᠌ᠳᠠᠯ᠎ᠤᠨ ᠲᠣᠭᠣᠷᠢᠨ᠎ᠳᠤ ᠬᠠᠷᠢᠭᠤ ᠮᠡᠳᠡᠭᠦᠯᠦᠯᠲᠡ ᠬᠢᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠤᠷᠤᠨ᠎ᠤ ᠦᠭᠡ ᠬᠡᠯᠡ ᠦᠰᠦᠭ ᠪᠢᠴᠢᠭ᠎ᠤᠨ ᠠᠵᠢᠯ᠎ᠤᠨ ᠵᠥᠪᠯᠡᠯ᠂ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠂ ᠬᠥᠬᠡᠬᠣᠲᠠ ᠵᠢᠨ ᠦᠭᠡ ᠬᠡᠯᠡ ᠦᠰᠦᠭ ᠪᠢᠴᠢᠭ᠎ᠤᠨ ᠠᠵᠢᠯ᠎ᠤᠨ ᠵᠥᠪᠯᠡᠯ᠂ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠨᠥᠬᠥᠳ᠂ ᠭᠠᠵᠠᠷ᠎ᠤᠨ ᠨᠡᠷᠡᠰ᠎ᠤᠨ ᠲᠤᠰᠬᠠᠢ ᠮᠡᠷᠭᠡᠵᠢᠯᠲᠡᠨ ᠪᠠ ᠰᠠᠭᠤᠭ᠋ᠠᠯᠢ ᠠᠷᠠᠳ᠎ᠤᠨ ᠲᠥᠯᠥᠭᠡᠯᠡᠭᠴᠢ ᠨᠠᠷ ᠰᠠᠨᠠᠯ ᠵᠶ᠋ᠠᠨ ᠰᠣᠯᠢᠯᠴᠠᠨ ᠶᠠᠷᠢᠶ᠎ᠠ ᠲᠠᠯᠪᠢᠵᠤ᠂ ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠠᠰᠠᠭᠤᠯᠲᠠ ᠬᠠᠷᠢᠭᠤᠯᠲᠠ ᠵᠢᠨ ᠬᠡᠯᠪᠡᠷᠢ᠎ᠪᠠᠷ ᠬᠥᠬᠡᠬᠣᠲᠠ ᠵᠢᠨ ᠴᠥᠭᠡᠨ ᠲᠣᠭ᠋ᠠᠲᠤ ᠦᠨᠳᠦᠰᠦᠲᠡᠨ᠎ᠤ ᠬᠡᠯᠡᠨ᠎ᠤ ᠭᠠᠵᠠᠷ᠎ᠤᠨ ᠨᠡᠷᠡᠰ᠎ᠢ ᠠᠪᠢᠶᠠᠴᠢᠯᠠᠨ ᠪᠢᠴᠢᠵᠦ ᠪᠠᠢ᠌ᠭ᠎ᠠ ᠪᠠᠢ᠌ᠳᠠᠯ ᠬᠢᠭᠡᠳ ᠣᠢ᠌ᠷ᠎ᠠ ᠵᠢᠨ ᠵᠢᠯ᠎ᠤᠨ ᠲᠤᠷᠰᠢᠬᠢ ᠬᠥᠬᠡᠬᠣᠲᠠ ᠵᠢᠨ ᠵᠡᠭᠡᠯᠢ ᠭᠤᠳᠤᠮᠵᠢ ᠎ᠳᠤ᠎ᠬᠢ ᠭᠠᠵᠠᠷ᠎ᠤᠨ ᠨᠡᠷᠡᠰ᠎ᠤᠨ ᠲᠡᠮᠳᠡᠭ ᠫᠠᠢ᠌ᠰᠠ ᠵᠢ ᠳᠦᠷᠢᠮᠵᠢᠭᠦᠯᠦᠭᠰᠡᠨ ᠠᠵᠢᠯ᠎ᠤᠨ ᠪᠠᠢ᠌ᠳᠠᠯ᠎ᠢ ᠪᠦᠬᠦ ᠲᠠᠯ᠎ᠠ᠎ᠪᠠᠷ ᠣᠢ᠌ᠯᠠᠭ᠋ᠠᠪᠠ᠃ ᠡᠭᠦᠨ᠎ᠤ ᠬᠠᠮᠲᠤ ᠴᠥᠭᠡᠨ ᠲᠣᠭ᠋ᠠᠲᠤ ᠦᠨᠳᠦᠰᠦᠲᠡᠨ᠎ᠤ ᠬᠡᠯᠡᠨ᠎ᠤ ᠭᠠᠵᠠᠷ᠎ᠤᠨ ᠨᠡᠷᠡᠰ᠎ᠢ ᠠᠪᠢᠶᠠᠴᠢᠯᠠᠨ ᠪᠢᠴᠢᠬᠦ ᠠᠵᠢᠯ᠎ᠢ ᠬᠡᠷᠬᠢᠨ ᠰᠠᠢ᠌ᠵᠢᠷᠠᠭᠤᠯᠤᠨ ᠳᠥᠷᠢᠮᠵᠢᠭᠦᠯᠬᠦ ᠲᠤᠬᠠᠢ ᠲᠤᠰᠬᠠᠢ ᠮᠡᠷᠭᠡᠵᠢᠯᠲᠡᠨ᠎ᠤ ᠰᠠᠨᠠᠯ᠎ᠢ ᠰᠣᠨᠣᠰᠪᠠ᠃
   8᠎ᠤ ᠡᠳᠦᠷ᠎ᠤᠨ ᠦᠳᠡ ᠵᠢᠨ ᠬᠣᠢ᠌ᠨ᠎ᠠ᠂ ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠬᠥᠬᠡᠬᠣᠲᠠ ᠵᠢᠨ ᠬᠣᠷᠢᠨᠭᠡᠷ ᠰᠢᠶᠠᠨ᠎ᠤ ᠴᠧᠩ ᠭᠤᠸᠠᠨ ᠪᠠᠯᠭ᠋ᠠᠰᠤᠨ᠎ᠳᠤ ᠬᠦᠷᠴᠦ ᠵᠡᠭᠡᠯᠢ ᠭᠤᠳᠤᠮᠵᠢ ᠵᠢᠨ ᠭᠠᠵᠠᠷ᠎ᠤᠨ ᠨᠡᠷᠡᠰ᠎ᠤᠨ ᠲᠡᠮᠳᠡᠭ ᠫᠠᠢ᠌ᠰᠠ ᠵᠢ ᠲᠣᠬᠢᠷᠠᠭᠤᠯᠤᠭᠰᠠᠨ ᠪᠠᠢ᠌ᠳᠠᠯ ᠪᠠ ᠲᠡᠮᠳᠡᠭ ᠫᠠᠢ᠌ᠰᠠ ᠳᠡᠭᠡᠷᠡᠬᠢ ᠴᠥᠭᠡᠨ ᠲᠣᠭ᠋ᠠᠲᠤ ᠦᠨᠳᠦᠰᠦᠲᠡᠨ᠎ᠤ ᠬᠡᠯᠡᠨ᠎ᠤ ᠭᠠᠵᠠᠷ᠎ᠤᠨ ᠨᠡᠷᠡᠰ᠎ᠢ ᠠᠪᠢᠶᠠᠴᠢᠯᠠᠨ ᠪᠢᠴᠢᠭᠰᠡᠨ ᠪᠠᠢ᠌ᠳᠠᠯ᠎ᠢ ᠪᠠᠢ᠌ᠴᠠᠭ᠋ᠠᠨ ᠦᠵᠡᠪᠡ᠃
   ᠪᠠᠢ᠌ᠴᠠᠭ᠋ᠠᠨ ᠰᠤᠳᠤᠯᠤᠯᠲᠠ᠎ᠪᠠᠷ ᠳᠡᠮᠵᠢᠨ᠂ ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠮᠠᠨ᠎ᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠬᠡᠯᠡᠨ᠎ᠤ ᠭᠠᠵᠠᠷ᠎ᠤᠨ ᠨᠡᠷᠡᠰ᠎ᠢ ᠠᠪᠢᠶᠠᠴᠢᠯᠠᠨ ᠪᠢᠴᠢᠬᠦ ᠠᠵᠢᠯ᠎ᠳᠤ ᠨᠠᠩ ᠭᠦᠨᠵᠡᠭᠡᠢ ᠣᠢ᠌ᠯᠠᠭ᠋ᠠᠯᠲᠠ᠎ᠲᠠᠢ ᠪᠣᠯᠬᠤ ᠵᠢᠨ ᠬᠠᠮᠲᠤ ᠴᠥᠭᠡᠨ ᠲᠣᠭ᠋ᠠᠲᠤ ᠦᠨᠳᠦᠰᠦᠲᠡᠨ᠎ᠤ ᠬᠡᠯᠡᠨ᠎ᠤ ᠭᠠᠵᠠᠷ᠎ᠤᠨ ᠨᠡᠷᠡᠰ᠎ᠢ ᠠᠪᠢᠶᠠᠴᠢᠯᠠᠨ ᠪᠢᠴᠢᠬᠦ ᠵᠢ ᠳᠦᠷᠢᠮᠵᠢᠭᠦᠯᠬᠦ ᠠᠵᠢᠯ᠎ᠢ ᠬᠡᠷᠬᠢᠨ ᠰᠠᠢ᠌ᠵᠢᠷᠠᠭᠤᠯᠤᠨ ᠴᠢᠩᠭ᠋ᠠᠳᠬᠠᠬᠤ ᠲᠤᠬᠠᠢ ᠮᠠᠰᠢ ᠰᠠᠢ᠌ᠨ ᠰᠠᠨᠠᠭᠤᠯᠭ᠎ᠠ ᠳᠤᠷᠠᠳᠪᠠ᠃ ᠮᠦᠨ ᠴᠦ᠍ ᠭᠠᠵᠠᠷ᠎ᠤᠨ ᠨᠡᠷᠡᠰ᠎ᠢ ᠠᠪᠢᠶᠠᠴᠢᠯᠠᠨ ᠪᠢᠴᠢᠬᠦ ᠠᠵᠢᠯ᠎ᠳᠤ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠪᠣᠯᠣᠨ ᠭᠠᠵᠠᠷ᠎ᠤᠨ  ᠨᠡᠷᠡᠰ᠎ᠤᠨ ᠠᠵᠢᠯ᠎ᠤᠨ ᠲᠠᠯ᠎ᠠ᠎ᠪᠠᠷ᠎ᠬᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠴᠥᠭᠡᠨ ᠲᠣᠭ᠋ᠠᠲᠤ ᠦᠨᠳᠦᠰᠦᠲᠡᠨ᠎ᠤ ᠬᠡᠯᠡᠨ᠎ᠤ ᠭᠠᠵᠠᠷ᠎ᠤᠨ ᠨᠡᠷᠡᠰ᠎ᠢ ᠠᠪᠢᠶᠠᠴᠢᠯᠠᠨ ᠪᠢᠴᠢᠬᠦ ᠵᠢ ᠳᠦᠷᠢᠮᠵᠢᠭᠦᠯᠬᠦ ᠠᠵᠢᠯ᠎ᠤᠨ ᠴᠢᠬᠤᠯᠠ ᠴᠢᠨᠠᠷ᠎ᠢ ᠭᠦᠢ᠍ᠴᠡᠳ ᠲᠠᠨᠢᠵᠤ᠂ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠎ᠲᠠᠢ ᠨᠢᠭᠲᠠ ᠤᠶᠠᠯᠳᠤᠭᠤᠯᠤᠨ᠂ ᠨᠠᠩ ᠥᠨᠳᠥᠷ ᠤᠯᠤᠰ ᠲᠥᠷᠥ ᠵᠢᠨ ᠵᠣᠭᠰᠣᠴᠠ᠂ ᠨᠠᠩ ᠴᠢᠩᠭ᠎ᠠ ᠬᠠᠷᠢᠭᠤᠴᠠᠯᠭ᠋ᠠᠲᠤ ᠰᠡᠳᠬᠢᠯᠭᠡ᠂ ᠡᠭᠦᠷᠭᠡᠲᠦ ᠰᠡᠳᠬᠢᠯᠭᠡ᠎ᠪᠠᠷ ᠴᠥᠭᠡᠨ ᠲᠣᠭ᠋ᠠᠲᠤ ᠦᠨᠳᠦᠰᠦᠲᠡᠨ᠎ᠤ ᠬᠡᠯᠡᠨ᠎ᠤ ᠭᠠᠵᠠᠷ᠎ᠤᠨ ᠨᠡᠷᠡᠰ᠎ᠢ ᠠᠪᠢᠶᠠᠴᠢᠯᠠᠨ ᠪᠢᠴᠢᠬᠦ ᠵᠢ ᠳᠦᠷᠢᠮᠵᠢᠭᠦᠯᠬᠦ ᠠᠵᠢᠯ᠎ᠢ ᠲᠦᠯᠬᠢᠨ ᠠᠬᠢᠭᠤᠯᠬᠣ ᠬᠡᠷᠡᠭᠲᠡᠢ ᠭᠡᠪᠡ᠃ ᠥᠪᠥᠷ ᠮᠣᠩᠭᠣᠯ᠎ᠤᠨ  ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠨᠢ ᠠᠷᠠᠳ᠎ᠤᠨ ᠶᠠᠪᠤᠳᠠᠯ᠎ᠤᠨ ᠶᠠᠮᠤᠨ᠎ᠤ ᠭᠠᠵᠠᠷ᠎ᠤᠨ ᠨᠡᠷᠡᠰ ᠰᠤᠳᠤᠯᠬᠤ ᠭᠠᠵᠠᠷ᠎ᠯᠤᠭ᠎ᠠ ᠵᠢᠨ ᠨᠡᠪᠲᠡᠷᠡᠯᠴᠡᠨ ᠵᠣᠬᠢᠴᠠᠭᠤᠯᠬᠤ᠎ᠪᠠᠨ ᠦᠷᠭᠦᠯᠵᠢᠯᠡᠨ ᠴᠢᠩᠭ᠋ᠠᠳᠬᠠᠵᠤ᠂ ᠲᠤᠰᠬᠠᠢ ᠮᠡᠷᠭᠡᠵᠢᠯ᠎ᠤᠨ ᠵᠢᠯᠤᠭᠣᠳᠬᠤ ᠰᠠᠨᠠᠯ᠎ᠳᠤ ᠲᠦᠰᠢᠭᠯᠡᠨ᠂ ᠭᠠᠵᠠᠷ᠎ᠤᠨ ᠨᠡᠷᠡᠰ᠎ᠢ ᠠᠪᠢᠶᠠᠴᠢᠯᠠᠨ ᠪᠢᠴᠢᠬᠦ ᠠᠵᠢᠯ᠎ᠤᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠢ ᠪᠦᠲᠦᠮᠵᠢᠲᠡᠶ ᠤᠬᠠᠭᠤᠯᠵᠤ᠂ ᠴᠥᠭᠡᠨ ᠲᠣᠭ᠋ᠠᠲᠤ ᠦᠨᠳᠦᠰᠦᠲᠡᠨ᠎ᠤ ᠬᠡᠯᠡᠨ᠎ᠤ ᠭᠠᠵᠠᠷ᠎ᠤᠨ ᠨᠡᠷᠡᠰ᠎ᠢ ᠠᠪᠢᠶᠠᠴᠢᠯᠠᠨ ᠪᠢᠴᠢᠬᠦ ᠵᠢ ᠳᠦᠷᠢᠮᠵᠢᠭᠦᠯᠬᠦ ᠪᠠᠢ᠌ᠭᠤᠯᠤᠯᠲᠠ ᠵᠢ ᠲᠠᠰᠤᠷᠠᠯᠲᠠ ᠦᠭᠡᠢ ᠴᠢᠩᠭ᠋ᠠᠳᠬᠠᠨ᠂ ᠭᠠᠵᠠᠷ᠎ᠤᠨ ᠨᠡᠷᠡᠰ᠎ᠢ ᠳᠦᠷᠢᠮᠵᠢᠭᠦᠯᠦᠨ ᠬᠠᠮᠢᠶᠠᠷᠬᠤ ᠬᠢᠷᠢ ᠲᠥᠪᠰᠢᠨ ᠪᠠ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠴᠢᠳᠠᠪᠤᠷᠢ᠎ᠪᠠᠨ ᠳᠡᠭᠡᠭᠰᠢᠯᠡᠭᠦᠯᠬᠦ᠎ᠳᠤ ᠢᠳᠡᠪᠬᠢᠲᠡᠢ ᠦᠢ᠍ᠯᠡᠳᠦᠯ ᠵᠶ᠋ᠡᠨ ᠪᠠᠳᠠᠷᠠᠭᠤᠯᠬᠤ᠎ᠪᠠᠷ ᠪᠣᠢ᠃


  ᠮᠡᠳᠡᠭᠡᠯᠡᠭᠴᠢ ᠵᠢᠨ  ᠬᠠᠶᠢᠭ᠄  ᠦᠪᠡᠷᠲᠡᠭᠡᠨ ᠵᠠᠰᠠᠬᠤ ᠣᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠵᠠᠰᠠᠭ ᠵᠠᠬᠢᠷᠭ᠋ᠠᠨ᠎ᠤ ᠣᠷᠣᠨ ᠬᠣᠪᠢᠶᠠᠷᠢᠯᠠᠯ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠭᠠᠵᠠᠷ

 

ᠢᠷᠡᠯᠲᠡ᠄ ᠦᠪᠤᠷ ᠮᠤᠡᠭᠭᠤᠯ᠎ᠤᠨ 《ᠨᠡᠢ᠌ᠬᠡᠮ》 ᠰᠡᠳᠬᠦᠯ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠲᠤᠭᠲᠠᠭ᠋ᠠᠯ》᠎ᠳᠤ ᠵᠠᠰᠠᠪᠤᠷᠢ ᠤᠷᠤᠭᠤᠯᠤᠨ ᠬᠠᠤᠯᠢ ᠲᠣᠭᠲᠠᠭ᠋ᠠᠬᠤ ᠪᠤᠯᠤᠨ ᠠᠮᠤᠷ ᠠᠮᠤᠭᠤᠯᠠᠩ ᠵᠠᠭ᠋ᠠᠭ ᠤᠷᠤᠨ᠎ᠤ ᠪᠦᠲᠦᠭᠡᠨ ᠪᠠᠢ᠌ᠭᠤᠯᠤᠯᠲᠠ ᠵᠢ ᠪᠠᠢ᠌ᠴᠠᠭ᠋ᠠᠨ ᠰᠤᠳᠤᠯᠪᠡ
ᠭᠠᠵᠠᠷ᠎ᠤᠨ ᠨᠡᠷᠡᠰ᠎ᠤᠨ ᠬᠠᠶᠢᠭ᠎ᠤᠨ ᠬᠠᠮᠢᠶᠠᠷᠣᠯᠲᠠ᠎ᠢ ᠦᠭᠡᠷᠡᠴᠢᠯᠡᠨ ᠰᠢᠨᠡᠴᠢᠯᠡᠵᠦ ᠭᠠᠵᠠᠷ᠎ᠤᠨ ᠨᠡᠷᠡᠰ᠎ᠤᠨ ᠬᠠᠶᠢᠭ᠎ᠤᠨ ᠦᠢ᠍ᠯᠡᠴᠢᠯᠡᠭᠡᠨ᠎ᠤ ᠲᠥᠪᠰᠢᠨ᠎ᠢ ᠳᠡᠭᠡᠭᠰᠢᠯᠡᠭᠦᠯᠪᠡ
ᠭᠠᠵᠠᠷ᠎ᠤᠨ ᠨᠡᠷᠡᠰ᠎ᠤᠨ ᠤᠷᠴᠢᠭᠤᠯᠭ᠎ᠠ
ᠤᠯᠠᠭ᠋ᠠᠨᠬᠠᠳᠠ ᠬᠤᠳᠠ ᠵᠢᠨ᠎ᠬᠢᠨ ᠨᠢᠬᠡᠳᠤᠯᠳᠡᠢ ᠲᠦᠯᠤᠪᠵᠢᠬᠦᠯᠤᠨ᠂ ᠡᠯ᠎ᠡ ᠲᠠᠯ᠎ᠠ ᠵᠢᠨ ᠬᠦᠴᠤᠨ᠎ᠢ ᠨᠢᠭᠲᠠᠷᠠᠭᠤᠯᠤᠨ ᠭᠠᠵᠠᠷ᠎ᠤᠨ ᠨᠡᠷᠡᠰ᠎ᠤᠨ ᠰᠤᠳᠤᠨ ᠣᠢ᠌ᠯᠠᠯᠭ᠎ᠠ ᠵᠢ ᠬᠡᠪᠯᠡᠬᠦᠯᠤᠨ ᠲᠠᠷᠬᠠᠭ᠋ᠠᠯ᠎ᠠ
《ᠤᠯᠠᠭ᠋ᠠᠨᠬᠠᠳᠠ ᠬᠣᠲᠠ ᠵᠢᠨ ᠭᠠᠵᠠᠷ᠎ᠤᠨ ᠨᠡᠷᠡᠰ᠎ᠤᠨ ᠤᠢ᠌ᠯᠠᠯᠭ᠎ᠠ》 ᠤᠯᠠᠭ᠋ᠠᠨᠬᠠᠳᠠ ᠬᠣᠲᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠰᠢᠯᠢᠳᠡᠭ ᠦᠷ᠎ᠡ ᠪᠦᠲᠦᠭᠡᠯ᠎ᠤᠨ ᠵᠠᠰᠠᠭ᠎ᠤᠨ ᠣᠷᠳᠣᠨ᠎ᠤ ᠨᠢᠭᠡᠳᠦᠭᠡᠷ ᠳᠡᠰ᠎ᠤᠨ ᠱᠠᠩᠨᠠᠯ᠎ᠢ ᠭᠥᠷᠳᠡᠪᠡ
 
            