ᠤᠯᠠᠭ᠋ᠠᠨᠬᠠᠳᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ᠎ᠬᠢᠨ 2023 ᠣᠨ᠎ᠤ 11 ᠰᠠᠷ᠎ᠠ ᠵᠢᠨ 28᠎ᠤ ᠡᠳᠦᠷ 《ᠤᠯᠠᠭ᠋ᠠᠨᠬᠠᠳᠠ ᠬᠣᠲᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠰᠢᠯᠢᠳᠡᠭ ᠦᠷ᠎ᠡ ᠪᠦᠲᠦᠭᠡᠯ᠎ᠢ ᠰᠢᠯᠭ᠋ᠠᠷᠠᠭᠤᠯᠤᠨ ᠱᠠᠩᠨᠠᠬᠤ ᠲᠤᠬᠠᠢ ᠲᠣᠭᠲᠠᠭ᠋ᠠᠯ》᠎ᠢ ᠳᠠᠷᠤᠮᠠᠯᠯᠠᠨ ᠲᠠᠷᠬᠠᠭ᠋ᠠᠵᠤ᠂ ᠤᠯᠠᠭ᠋ᠠᠨᠬᠠᠳᠠ ᠬᠣᠲᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠰᠢᠯᠢᠳᠡᠭ ᠦᠷ᠎ᠡ ᠪᠦᠲᠦᠭᠡᠯ᠎ᠤᠨ ᠵᠠᠰᠠᠭ᠎ᠤᠨ ᠣᠷᠳᠣᠨ᠎ᠤ ᠱᠠᠩᠨᠠᠯ ᠭᠥᠷᠳᠡᠭᠰᠡᠨ ᠨᠡᠷᠡᠰ᠎ᠢ ᠨᠡᠢ᠌ᠲᠡᠯᠡᠪᠡ᠂ ᠡᠭᠦᠨ᠎ᠳᠤ ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ᠎ᠤ ᠨᠠᠢ᠌ᠷᠠᠭᠤᠯᠤᠨ ᠬᠡᠪᠯᠡᠭᠦᠯᠦᠭᠰᠡᠨ 《ᠤᠯᠠᠭ᠋ᠠᠨᠬᠠᠳᠠ ᠬᠣᠲᠠ ᠵᠢᠨ ᠭᠠᠵᠠᠷ᠎ᠤᠨ ᠨᠡᠷᠡᠰ᠎ᠤᠨ ᠤᠢ᠌ᠯᠠᠯᠭ᠎ᠠ》 ᠨᠤᠮ ᠨᠢᠭᠡᠳᠦᠭᠡᠷ ᠳᠡᠰ᠎ᠤᠨ ᠱᠠᠩᠨᠠᠯ ᠭᠥᠷᠳᠡᠪᠡ᠃ ᠡᠨᠡ ᠬᠦ᠌ ᠢᠷᠠᠭᠤ ᠠᠯᠳᠠᠷ᠎ᠨᠢ ᠤᠯᠠᠭ᠋ᠠᠨᠬᠠᠳᠠ ᠬᠣᠲᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ 《ᠤᠯᠠᠭ᠋ᠠᠨᠬᠠᠳᠠ ᠬᠣᠲᠠ ᠵᠢᠨ ᠭᠠᠵᠠᠷ᠎ᠤᠨ ᠨᠡᠷᠡᠰ᠎ᠤᠨ ᠤᠢ᠌ᠯᠠᠯᠭ᠎ᠠ》 ᠵᠢ ᠨᠠᠢ᠌ᠷᠠᠭᠤᠯᠤᠨ ᠬᠡᠪᠯᠡᠭᠦᠯᠦᠭᠰᠡᠨ ᠠᠵᠢᠯ᠎ᠤᠨ ᠦᠷ᠎ᠡ ᠪᠦᠲᠦᠭᠡᠯ᠎ᠢ ᠨᠤᠲᠠᠯᠠᠭᠰᠠᠨᠢ ᠲᠥᠯᠥᠭᠡᠯᠡᠵᠦ ᠪᠠᠢ᠌ᠬᠤ ᠪᠥᠭᠡᠳ ᠤᠯᠠᠭ᠋ᠠᠨᠬᠠᠳᠠ ᠬᠣᠲᠠ ᠵᠢᠨ ᠭᠠᠵᠠᠷ᠎ᠤᠨ ᠨᠡᠷᠡᠰ᠎ᠤᠨ ᠰᠣᠶᠣᠯ᠎ᠤᠨ ᠪᠠᠢ᠌ᠭᠤᠯᠤᠯᠲᠠ ᠰᠢᠨ᠎ᠡ ᠳᠡᠭᠲᠡᠷ᠎ᠲᠤ ᠭᠠᠷᠬᠤ᠎ᠳᠤ ᠵᠤᠷᠢᠬ᠍ᠵᠢᠭᠤᠯᠤᠯ ᠪᠤᠯᠬᠤ᠎ᠨᠢ ᠯᠠᠪᠳᠠᠢ᠃
《ᠤᠯᠠᠭ᠋ᠠᠨᠬᠠᠳᠠ ᠬᠣᠲᠠ ᠵᠢᠨ ᠭᠠᠵᠠᠷ᠎ᠤᠨ ᠨᠡᠷᠡᠰ᠎ᠤᠨ ᠤᠢ᠌ᠯᠠᠯᠭ᠎ᠠ》 ᠪᠣᠯ ᠤᠯᠠᠭ᠋ᠠᠨᠬᠠᠳᠠ ᠬᠣᠲᠠ ᠵᠢᠨ ᠡᠯ᠎ᠡ ᠲᠥᠷᠥᠯ᠎ᠤᠨ ᠭᠠᠵᠠᠷ᠎ᠤᠨ ᠨᠡᠷᠡᠰ᠎ᠤᠨ ᠦᠨᠳᠦᠰᠦᠨ ᠮᠡᠳᠡᠭᠡ ᠵᠠᠩᠭᠢ᠂ ᠬᠤᠪᠢᠰᠤᠯᠲᠠ ᠵᠢᠨ ᠲᠡᠦᠬᠡ ᠪᠠ ᠡᠭᠦᠨ᠎ᠲᠠᠢ ᠬᠣᠯᠪᠣᠭᠳᠠᠬᠤ ᠪᠠᠢ᠌ᠭ᠋ᠠᠯᠢ᠂ ᠠᠵᠤ ᠠᠬᠤᠢ᠂ ᠰᠣᠶᠣᠯ ᠵᠡᠷᠭᠡ ᠣᠯᠠᠨ ᠲᠠᠯ᠎ᠠ ᠵᠢᠨ ᠣᠨᠴᠠᠯᠢᠭ᠎ᠢ ᠪᠥᠬᠥ ᠲᠠᠯ᠎ᠠ᠎ᠪᠠᠷ ᠰᠢᠰᠲ᠋ᠧᠮ᠎ᠲᠠᠢ ᠲᠡᠮᠳᠡᠭᠯᠡᠭᠰᠡᠨ ᠲᠤᠰᠬᠠᠢ ᠮᠡᠷᠭᠡᠵᠢᠯ᠎ᠤᠨ ᠣᠷᠣᠨ ᠨᠤᠲᠤᠭ᠎ᠤᠨ ᠣᠢ᠌ᠯᠠᠯᠭ᠎ᠠ ᠪᠣᠯᠣᠨ᠎ᠠ᠃ ᠨᠡᠢ᠌ᠭᠡᠮ᠎ᠤᠨ ᠬᠥᠭᠵᠢᠯᠲᠡ ᠪᠠ ᠬᠤᠪᠢᠰᠤᠯᠲᠠ ᠵᠢ ᠳᠠᠭ᠋ᠠᠯᠳᠤᠨ ᠬᠠᠭᠤᠴᠢᠨ ᠭᠠᠵᠠᠷ᠎ᠤᠨ ᠨᠡᠷᠡᠰ ᠲᠠᠰᠤᠷᠠᠯᠲᠠ ᠦᠭᠡᠢ ᠤᠯᠠᠷᠢᠨ ᠬᠤᠪᠢᠷᠠᠵᠤ᠂ ᠰᠢᠨ᠎ᠡ ᠭᠠᠵᠠᠷ᠎ᠤᠨ ᠨᠡᠷᠡᠰ ᠢᠯᠡᠷᠡᠨ ᠭᠠᠷᠤᠬᠰᠠᠨ ᠨᠦᠬᠦᠴᠡᠯ ᠪᠠᠢ᠌ᠳᠠᠯ᠎ᠤᠨ ᠡᠮᠦᠨ᠎ᠡ ᠤᠯᠠᠭ᠋ᠠᠨᠬᠠᠳᠠ ᠬᠣᠲᠠ ᠵᠢᠨ ᠭᠠᠵᠠᠷ᠎ᠤᠨ ᠨᠡᠷᠡᠰ᠎ᠤᠨ ᠬᠤᠪᠢᠷᠠᠯᠲᠠ ᠵᠢᠨ ᠠᠬᠢᠴᠠ ᠵᠢ ᠪᠦᠬᠦ ᠲᠠᠯ᠎ᠠ ᠪᠠᠷ᠂ ᠰᠢᠰᠲ᠋ᠧᠮ᠎ᠲᠠᠢ᠂ ᠣᠨᠣᠪᠴᠢᠲᠠᠶ ᠲᠤᠰᠬᠠᠬᠤ ᠵᠢᠨ ᠲᠥᠯᠥᠭᠡ ᠤᠯᠠᠭ᠋ᠠᠨᠬᠠᠳᠠ ᠬᠣᠲᠠ ᠵᠢᠨ᠎ᠬᠢᠨ 2020 ᠣᠨ ᠠᠴᠠ 《ᠤᠯᠠᠭ᠋ᠠᠨᠬᠠᠳᠠ ᠬᠣᠲᠠ ᠵᠢᠨ ᠭᠠᠵᠠᠷ᠎ᠤᠨ ᠨᠡᠷᠡᠰ᠎ᠤᠨ ᠤᠢ᠌ᠯᠠᠯᠭ᠎ᠠ》 ᠵᠢ ᠨᠠᠢ᠌ᠷᠠᠭᠤᠯᠬᠤ ᠠᠵᠢᠯ᠎ᠢ ᠡᠬᠢᠯᠡᠭᠦᠯᠵᠦ᠂ ᠨᠠᠢ᠌ᠷᠠᠭᠤᠯᠬᠤ ᠠᠵᠢᠯ᠎ᠳᠤ 《ᠲᠡᠦᠬᠡ ᠵᠢ ᠬᠦᠨᠳᠦᠳᠬᠡᠵᠦ᠂ ᠦᠨᠡᠨ᠎ᠢ ᠬᠠᠳᠠᠭ᠋ᠠᠯᠠᠨ ᠦᠨᠡᠨ᠎ᠢ ᠪᠠᠷᠢᠮᠲᠠᠯᠠᠵᠤ᠂ ᠡᠳᠦᠭᠡ ᠵᠢ ᠨᠠᠷᠢᠪᠴᠢᠯᠠᠨ ᠡᠷᠲᠡᠨ᠎ᠤ᠎ᠬᠢ ᠵᠢ ᠲᠣᠪᠴᠢᠯᠠᠬᠤ》 ᠵᠠᠷᠴᠢᠮ ᠵᠶ᠋ᠡᠷ ᠬᠣᠶᠠᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠭᠠᠵᠠᠷ᠎ᠤᠨ ᠨᠡᠷᠡᠰ᠎ᠤᠨ ᠨᠡᠢ᠌ᠳᠡᠮ᠎ᠤᠨ ᠪᠠᠢ᠌ᠴᠠᠭ᠋ᠠᠯᠳᠠ ᠵᠢᠨ ᠮᠠᠲ᠋ᠧᠷᠢᠶᠠᠯ ᠵᠶ᠋ᠠᠷ ᠰᠠᠭᠤᠷᠢ ᠪᠣᠯᠭ᠋ᠠᠵᠤ᠂ ᠡᠯᠪᠡᠭ ᠪᠠᠶᠠᠯᠢᠭ ᠨᠠᠷᠢᠨ ᠪᠣᠳᠠᠲᠠᠢ ᠲᠡᠦᠬᠡ ᠵᠢᠨ ᠮᠠᠲ᠋ᠧᠷᠢᠶᠠᠯ᠎ᠤᠨ ᠲᠣᠭ᠎ᠠ ᠪᠠᠷᠢᠮᠲᠠ᠎ᠪᠠᠷ ᠲᠦᠰᠢᠭ ᠪᠣᠯᠭ᠋ᠠᠵᠤ᠂ ᠬᠢᠨᠠᠮᠠᠭ᠋ᠠᠢ ᠪᠠᠢ᠌ᠴᠠᠭ᠋ᠠᠨ ᠨᠤᠳᠠᠯᠠᠭ᠋ᠠᠳ ᠭᠠᠵᠠᠷ᠎ᠤᠨ ᠨᠡᠷᠡᠰ᠎ᠤᠨ ᠴᠠᠭ᠋ᠠᠨᠠᠬᠢ ᠲᠡᠦᠬᠡ ᠰᠣᠶᠣᠯ᠎ᠤᠨ ᠰᠤᠳᠠᠰᠤ ᠵᠢ ᠭᠦᠨᠵᠡᠭᠡᠢ ᠠᠭᠤᠳᠠᠯᠵᠤ᠂ ᠠᠭᠤᠯᠭ᠎ᠠ ᠵᠢ ᠨᠠᠷᠢᠯᠢᠭ ᠣᠨᠣᠴᠠᠲᠠᠢ᠂ ᠪᠤᠰᠤᠳᠴᠢ᠂ ᠵᠢᠷᠤᠮᠵᠢᠭᠤᠨ ᠪᠠᠢ᠌ᠯᠭ᠋ᠠᠬᠤ᠎ᠪᠠᠷ ᠴᠢᠷᠮᠠᠢ᠌ᠵᠤ᠂ 《ᠤᠯᠠᠭ᠋ᠠᠨᠬᠠᠳᠠ ᠬᠣᠲᠠ ᠵᠢᠨ ᠭᠠᠵᠠᠷ᠎ᠤᠨ ᠨᠡᠷᠡᠰ᠎ᠤᠨ ᠣᠢ᠌ᠯᠠᠯᠭ᠎ᠠ》 ᠵᠢ ᠣᠷᠣᠨ ᠨᠤᠲᠤᠭ᠎ᠤᠨ ᠣᠢ᠌ᠯᠠᠯᠭ᠎ᠠ ᠵᠢᠨ ᠰᠣᠳᠣᠨ ᠪᠦᠲᠦᠭᠡᠯ ᠪᠣᠯᠭ᠋ᠠᠬᠤ᠎ᠳᠤ ᠪᠠᠳᠤᠯᠠᠨ᠂ ᠤᠩᠰᠢᠭᠴᠢᠳ ᠪᠠ ᠬᠣᠢ᠌ᠴᠢ ᠦᠶ᠎ᠡ ᠵᠢᠨ ᠬᠢᠨ᠎ᠳᠤ ᠲᠡᠦᠬᠡ ᠵᠢᠨ ᠰᠢᠯᠭ᠋ᠠᠯᠲᠠ ᠵᠢ ᠳᠠᠭ᠋ᠠᠭ᠋ᠠᠵᠤ ᠳᠡᠶ᠋ᠢᠯᠬᠦ ᠭᠠᠵᠠᠷ᠎ᠤᠨ ᠨᠡᠷᠡᠰ᠎ᠤᠨ ᠲᠤᠰᠬᠠᠢ ᠪᠦᠲᠦᠭᠡᠯ᠎ᠢ ᠦᠯᠡᠳᠡᠭᠡᠭᠰᠡᠨ ᠪᠠᠢ᠌ᠨ᠎ᠠ᠃ ᠲᠡᠬᠡᠳᠤ ᠲᠤᠤᠷᠠᠳᠤ ᠬᠣᠶᠠᠷ ᠳᠡᠪᠲᠡᠷ ᠵᠶ᠋ᠡᠷ ᠬᠡᠪᠯᠡᠭᠳᠡᠭᠰᠡᠨ ᠡᠨᠡ ᠬᠦ᠌ ᠨᠤᠮ᠎ᠨᠢ 3 ᠠᠩᠭᠢ 10 ᠪᠦᠯᠦᠭ 154 ᠲᠦᠮᠡᠨ ᠥᠰᠥᠭ᠎ᠲᠠᠢ᠂ ᠤᠯᠠᠭ᠋ᠠᠨᠬᠠᠳᠠ ᠬᠣᠲᠠ ᠵᠢᠨ ᠬᠡᠪᠴᠢᠶᠡᠨ᠎ᠳᠤ᠎ᠬᠢ ᠡᠯ᠎ᠡ ᠲᠥᠷᠥᠯ᠎ᠤᠨ ᠭᠠᠵᠠᠷ᠎ᠤᠨ ᠨᠡᠷᠡᠰ᠎ᠢ 4750 ᠰᠣᠩᠭᠣᠨ ᠣᠷᠣᠭᠤᠯᠵᠤ᠂ ᠤᠯᠠᠭ᠋ᠠᠨᠬᠠᠳᠠ ᠬᠣᠲᠠ ᠵᠢᠨ ᠬᠥᠭᠵᠢᠯᠲᠡ ᠵᠢᠨ ᠲᠡᠦᠬᠡ ᠪᠠ ᠪᠣᠯᠪᠠᠰᠤᠨ᠎ᠤ ᠪᠠᠢ᠌ᠭᠤᠯᠤᠯᠲᠠ ᠵᠢᠨ ᠦᠷ᠎ᠡ ᠪᠦᠲᠦᠭᠡᠯ᠎ᠢ ᠬᠦᠴᠦᠯᠡᠨ ᠳᠡᠯᠭᠡᠨ ᠦᠵᠡᠭᠦᠯᠵᠦ᠂ ᠬᠥᠮᠥᠰ᠎ᠲᠤ ᠤᠯᠠᠭ᠋ᠠᠨᠬᠠᠳᠠ ᠵᠢᠨ ᠭᠦᠨ ᠵᠤᠵᠠᠭ᠋ᠠᠨ ᠰᠣᠶᠣᠯ᠎ᠤᠨ ᠠᠭᠤᠯᠬᠤᠨ᠎ᠢ ᠣᠢ᠌ᠯᠠᠭ᠋ᠠᠭᠤᠯᠪᠠ᠃