ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠵᠠᠰᠠᠭ ᠵᠠᠬᠢᠷᠭᠠᠨ᠎ᠤ ᠣᠷᠣᠨ ᠬᠤᠪᠢᠶᠠᠷᠯᠠᠯ᠎ᠤᠨ ᠭᠠᠵᠠᠷ᠎ᠤᠨ ᠨᠡᠷ᠎ᠡ
《ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠳᠤ ᠣᠷᠣᠵᠤ ᠲᠡᠦᠬᠡ ᠰᠣᠶᠣᠯ ᠵᠶ᠋ᠠᠨ ᠪᠠᠳᠠᠷᠠᠭᠤᠯᠤᠶ᠎ᠠ》 — ᠡᠵᠡᠨ᠎ᠡ ᠬᠣᠰᠢᠭᠤᠨ᠎ᠤ ᠪᠠᠶᠠᠨ ᠲᠤᠤᠷᠠᠢ ᠰᠤᠮᠤ
ᠨᠡᠶᠢᠲᠡᠯᠡᠭᠰᠡᠨ ᠴᠠᠭ᠄ 2024-03-06

   《ᠤᠷᠭᠤᠭ᠋ᠠᠳ ᠮᠢᠡᠭᠭ᠋ᠠᠨ ᠵᠢᠯ᠂ ᠦᠬᠢᠷᠡᠬᠡᠳ ᠮᠢᠡᠭᠭ᠋ᠠᠨ ᠵᠢᠯ᠂  ᠤᠨᠠᠭ᠋ᠠᠳ ᠮᠢᠡᠭᠭ᠋ᠠᠨ ᠵᠢᠯ ᠢᠯᠵᠡᠷᠡᠬᠤ ᠦᠬᠡᠢ》 ᠲᠣᠣᠷᠠᠢ ᠵᠢᠨ ᠤᠢ ᠪᠤᠯ ᠠᠯᠠᠱᠨ ᠵᠢᠨ ᠡᠯᠡᠰᠤᠨ᠎ᠤ ᠴᠢᠮᠡᠭ ᠶᠤᠮ᠃ ᠪᠠᠶᠠᠨ ᠲᠤᠤᠷᠠᠢ ᠰᠤᠮᠤ ᠪᠣᠯ ᠤᠯᠤᠰ᠎ᠤᠨ 5A ᠲᠠᠰ᠎ᠤᠨ ᠲᠣᠣᠷᠠᠢ ᠵᠢᠨ ᠣᠶ ᠵᠢᠨ ᠦᠵᠡᠮᠵᠢ ᠵᠢᠨ ᠣᠷᠣᠨ᠎ᠤ ᠭᠤᠤᠯ᠎ᠳᠤ ᠪᠠᠢ᠌ᠷᠢᠯᠠᠳᠠᠭ᠃
ᠭᠠᠵᠠᠷ᠎ᠤᠨ ᠨᠡᠷ᠎ᠡ ᠵᠢᠨ ᠤᠳᠬ᠎ᠠ
      《ᠪᠠᠶᠠᠨ ᠲᠤᠤᠷᠠᠢ》 ᠭᠡᠳᠡᠭ᠎ᠨᠢ ᠲᠣᠣᠷᠠᠢ ᠡᠯᠪᠡᠭ ᠬᠡᠰᠡᠨ ᠰᠠᠨᠠᠭ᠎ᠠ᠎ᠲᠠᠢ ᠯᠨ ᠦᠬᠡ ᠳ᠋ᠠ᠃
ᠭᠠᠵᠠᠷ ᠵᠦᠢ ᠵᠢᠨ ᠪᠠᠢ᠌ᠷᠢᠰᠢᠯ 
   ᠪᠠᠶᠠᠨ ᠲᠤᠤᠷᠠᠢ ᠰᠤᠮᠤ᠎ᠨᠢ ᠡᠵᠡᠨ᠎ᠡ ᠬᠣᠰᠢᠭᠤᠨ᠎ᠤ ᠳᠤᠮᠳᠠ ᠬᠡᠰᠡᠭ᠎ᠲᠤ ᠪᠠᠢ᠌ᠷᠢᠯᠠᠵᠤ᠂ ᠵᠡᠭᠦᠨ ᠲᠠᠯ᠎ᠠ᠎ᠪᠠᠷ ᠵᠶ᠋ᠠᠨ  ᠦᠡᠭᠳᠤ ᠭᠣᠣᠯ ᠰᠤᠮᠤ᠎ᠲᠠᠢ ᠬᠥᠷᠰᠢᠯᠡᠵᠦ᠂ ᠡᠮᠦᠨ᠎ᠡ ᠲᠠᠯ᠎ᠠ᠎ᠪᠠᠷ ᠵᠶ᠋ᠠᠨ ᠳ᠋ᠦᠩᠹᠧᠩ ᠪᠠᠯᠭ᠋ᠠᠰᠤ᠂ ᠪᠠᠷᠠᠭᠤᠨ ᠲᠠᠯ᠎ᠠ᠎ᠪᠠᠷ ᠵᠶ᠋ᠠᠨ  ᠲᠠᠯᠠᠢ᠌ᠬᠦ᠋ᠪ ᠪᠠᠯᠭ᠋ᠠᠰᠤ ᠪᠣᠯᠣᠨ ᠰᠠᠢ᠌ᠬᠠᠨ ᠲᠤᠤᠷᠠᠢ ᠰᠤᠮᠤ᠎ᠲᠠᠢ ᠬᠦᠷᠰᠢᠯᠡᠨ᠂ ᠬᠣᠢ᠌ᠲᠤ ᠲᠠᠯ᠎ᠠ᠎ᠪᠠᠷ ᠵᠶ᠋ᠠᠨ ᠰᠤᠪᠠᠨᠠᠭᠤᠷ ᠰᠤᠮᠤ᠎ᠲᠠᠢ  ᠬᠢᠯᠢᠯᠡᠵᠤ ᠪᠠᠢ᠌ᠨ᠎ᠠ᠃ 
ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ 
  ᠪᠠᠶᠠᠨ ᠲᠤᠤᠷᠠᠢ ᠰᠤᠮᠤ᠎ᠨᠢ ᠡᠵᠡᠨ᠎ᠡ ᠬᠣᠰᠢᠭᠤᠨ᠎ᠳᠤ ᠬᠠᠷᠢᠶᠠᠯᠠᠭᠳᠠᠵᠤ᠂ ᠵᠢᠷᠭ᠋ᠠᠯᠠᠡᠭᠳᠤ吉日嘎郎图᠂ ᠦᠰᠤᠷᠤᠡᠭᠭᠦᠢ乌苏荣贵᠂ ᠤᠡᠭᠭᠤᠴᠨ ᠵᠢᠨ ᠲᠤᠤᠷᠠᠢ昂格茨音陶来᠂ ᠬᠤᠨᠢᠨ ᠬᠦᠪ浩宁呼布᠂ ᠡᠬᠢᠨ ᠬᠦᠰᠢᠬᠦᠷ额根呼修日᠂ ᠲᠤᠭᠤᠷᠢᠮ᠎ᠤᠨ ᠲᠤᠤᠷᠠᠢ推日木音陶来᠂ ᠤᠯᠠᠭ᠋ᠠᠨ ᠬᠡᠷᠡᠯ乌兰格日勒 ᠵᠡᠷᠬᠡ ᠲᠤᠯᠤᠭ᠋ᠠᠨ ᠭᠠᠴᠠᠭ᠎ᠠ᠎ᠲᠠᠢ᠃ 
ᠵᠠᠰᠠᠭ ᠵᠠᠬᠢᠷᠭ᠋ᠠᠨ᠎ᠤ ᠣᠷᠣᠨ᠎ᠤ ᠤᠯᠠᠷᠢᠯ ᠬᠤᠪᠢᠰᠤᠯ
   ᠪᠠᠶᠠᠨ ᠲᠤᠤᠷᠠᠢ ᠰᠤᠮᠤ ᠪᠣᠯ 1956 ᠣᠨ᠎ᠤ 3 ᠰᠠᠷ᠎ᠠ᠎ᠳᠤ ᠪᠠᠢ᠌ᠭᠤᠯᠤᠭᠳᠠᠭᠰᠠᠨ ᠴᠠᠭ᠋ᠠᠨᠲᠤᠬᠠᠢ ᠵᠢᠨ ᠲᠠᠷᠢᠶᠠᠯᠠᠩ᠎ᠤᠨ ᠲᠠᠯᠠᠪᠠᠢ ᠪᠣᠯᠣᠨ᠎ᠠ᠃ 1958 ᠣᠨ᠎ᠳᠤ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠦᠢ᠍ᠯᠡᠰ᠎ᠢ ᠳᠡᠮᠵᠢᠬᠦ ᠵᠢᠨ ᠲᠥᠯᠥᠭᠡ ᠤᠯᠤᠰ᠎ᠤᠨ ᠴᠠᠭ᠋ᠠᠨ ᠲᠣᠬᠣᠢ ᠲᠠᠷᠢᠶᠠᠯᠠᠩ᠎ᠤᠨ ᠲᠠᠯᠠᠪᠠᠢ ᠤᠯᠤᠰ᠎ᠤᠨ ᠤᠷᠢᠶᠠᠯᠠᠭ᠎ᠠ ᠵᠢ ᠴᠤᠤᠷᠢᠶᠠᠲᠤᠨ ᠬᠣᠰᠢᠭᠤᠨ᠎ᠤ ᠨᠠᠮ ᠵᠠᠰᠠᠭ᠎ᠤᠨ ᠪᠠᠢ᠌ᠭᠤᠯᠭ᠎ᠠ᠎ᠲᠠᠢ ᠬᠠᠮᠲᠤ ᠴᠠᠭ᠋ᠠᠨ ᠲᠤᠬᠠᠢ᠎ᠠᠴᠠ ᠨᠡᠬᠦᠪᠡ᠃ ᠲᠠᠯᠠᠪᠠᠢ ᠪᠠᠶ᠋ᠢᠭᠤᠯᠬᠤ ᠦᠶ᠎ᠡ᠎ᠳᠤ ᠲᠡᠷᠡ ᠭᠠᠵᠠᠷ᠎ᠤᠨ ᠲᠣᠣᠷᠠᠢ ᠵᠢᠨ ᠤᠢ᠎ᠪᠠᠷ ᠪᠠᠶᠠᠨᠲᠤᠬᠤᠢ ᠲᠠᠷᠢᠶᠠᠯᠠᠩ᠎ᠤᠨ ᠲᠠᠯᠠᠪᠠᠢ ᠭᠡᠵᠦ ᠨᠡᠷᠡᠢ᠌ᠳᠪᠡ᠃ 1969 ᠣᠨ᠎ᠳᠤ᠂ ᠨᠠᠮ᠎ᠤᠨ ᠶᠢᠰᠦᠳᠦᠭᠡᠷ ᠶᠡᠬᠡ ᠬᠤᠷᠠᠯ᠎ᠢ ᠬᠤᠷᠠᠯᠳᠤᠭᠤᠯᠤᠭᠰᠠᠨ᠎ᠢ ᠳᠤᠷᠠᠰᠬᠠᠬᠤ ᠵᠢᠨ ᠲᠥᠯᠥᠭᠡ 《4·1》 ᠲᠠᠷᠢᠶᠠᠯᠠᠩ᠎ᠤᠨ ᠲᠠᠯᠠᠪᠠᠢ ᠭᠡᠵᠦ ᠨᠡᠷ᠎ᠡ᠎ᠪᠠᠨ ᠬᠠᠯᠠᠵᠤ᠂ ᠲᠠᠯᠠᠪᠠᠢ ᠵᠢᠨ ᠵᠠᠬᠢᠷᠭ᠎ᠠ ᠵᠢᠨ ᠰᠠᠭᠤᠭ᠎ᠠ ᠭᠠᠵᠠᠷ᠎ᠨᠢ ᠠᠡᠭᠰᠤ ᠵᠢᠨ ᠲᠤᠭᠤᠷᠠᠢ ᠲᠤᠤᠷᠠᠢ᠎ᠳᠤ ᠪᠠᠢ᠌ᠵᠤ᠂ 8 ᠰᠤᠮᠤ ᠪᠠᠢ᠌ᠭᠤᠯᠵᠠᠢ᠃ 1978 ᠣᠨ᠎ᠳᠤ ᠵᠢᠦᠴᠢᠦᠸᠠᠨ ᠣᠷᠣᠨ᠎ᠤ ᠲᠠᠷᠢᠶᠠᠯᠠᠩ᠎ᠤᠨ ᠠᠲᠠᠷ ᠬᠠᠭ᠋ᠠᠯᠪᠤᠷᠢᠯᠠᠯᠲᠠ ᠵᠢᠨ ᠲᠣᠪᠴᠢᠶ᠎ᠠ᠎ᠳᠤ ᠰᠢᠯᠵᠢᠭᠦᠯᠦᠨ ᠬᠠᠷᠢᠶᠠᠯᠠᠭᠤᠯᠪᠠ᠃ 1979 ᠣᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ᠎ᠤᠨ ᠠᠲᠠᠷ ᠬᠠᠭ᠋ᠠᠯᠪᠤᠷᠢᠯᠠᠯᠲᠠ ᠵᠢᠨ ᠲᠤᠪᠴᠢᠶ᠎ᠠ᠎ᠳᠤ ᠬᠠᠷᠢᠶᠠᠯᠠᠭᠤᠯᠪᠠ᠃ 1980 ᠣᠨ᠎ᠳᠤ ᠲᠠᠬᠢᠨᠳᠠ  ᠪᠠᠶᠠᠨ ᠲᠤᠤᠷᠠᠢ ᠲᠠᠷᠢᠶᠠᠯᠠᠩ᠎ᠤᠨ ᠲᠠᠯᠠᠪᠠᠢ ᠭᠡᠵᠦ ᠨᠡᠷᠡᠢ᠌ᠳᠪᠡ᠃ 1984 ᠣᠨ᠎ᠳᠤ ᠡᠵᠡᠨ᠎ᠡ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠷᠢᠶᠠᠨ᠎ᠳᠤ ᠪᠠᠢ᠌ᠪᠠ᠃ 2000 ᠣᠨ᠎ᠳᠤ 8 ᠦᠢ᠍ᠯᠡᠳᠪᠦᠷᠢᠯᠡᠯ᠎ᠤᠨ ᠰᠤᠮᠤ ᠨᠡᠢ᠌ᠯᠡᠭᠡᠳ 4 ᠲᠠᠷᠢᠶᠠᠯᠠᠩ ᠮᠠᠯ ᠠᠵᠤ ᠠᠬᠤᠢ ᠵᠢᠨ ᠦᠢ᠍ᠯᠡᠳᠪᠦᠷᠢᠯᠡᠯ᠎ᠤᠨ ᠪᠠᠷᠢᠭ᠋ᠠᠳᠠ ᠪᠣᠯᠪᠠ᠃ 2009 ᠣᠨ᠎ᠳᠤ ᠪᠠᠶᠠᠨ ᠲᠤᠤᠷᠠᠢ ᠲᠠᠷᠢᠶᠠᠯᠠᠩ᠎ᠤᠨ ᠲᠠᠯᠠᠪᠠᠢ ᠵᠢ ᠥᠭᠡᠷᠡᠴᠢᠯᠡᠭᠡᠳ  ᠪᠠᠶᠠᠨ  ᠲᠤᠤᠷᠠᠢ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰᠵᠢᠯᠲᠡ ᠵᠢᠨ ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠣᠷᠢᠭ ᠪᠣᠯᠭ᠋ᠠᠪᠠ᠃ 2010 ᠣᠨ᠎ᠳᠤ  ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠣᠷᠢᠭ᠎ᠤᠨ 4 ᠲᠠᠷᠢᠶᠠᠯᠠᠩ ᠮᠠᠯ ᠠᠵᠤ ᠠᠬᠤᠢ ᠵᠢᠨ ᠠᠩᠭᠢ ᠵᠢ 4 ᠭᠠᠴᠠᠭ᠎ᠠ ᠪᠣᠯᠭ᠋ᠠᠨ ᠥᠭᠡᠷᠡᠴᠢᠯᠡᠪᠡ᠃ 2012 ᠣᠨ᠎ᠳᠤ ᠪᠠᠶᠠᠨ ᠲᠤᠤᠷᠠᠢ ᠵᠢᠨ ᠮᠠᠯ ᠠᠵᠤ ᠠᠬᠤᠢ ᠲᠠᠷᠢᠶᠠᠯᠠᠩ᠎ᠤᠨ ᠠᠵᠤ ᠦᠢ᠍ᠯᠡᠰᠵᠢᠯᠲᠡ ᠵᠢᠨ ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠣᠷᠢᠭ᠎ᠢ ᠰᠤᠮᠤ ᠵᠢᠨ ᠪᠠᠢ᠌ᠭᠤᠯᠤᠮᠵᠢ ᠵᠢᠨ ᠳᠦᠷᠢᠮ ᠪᠣᠯᠭ᠋ᠠᠨ ᠥᠭᠡᠷᠡᠴᠢᠯᠡᠪᠡ᠃
ᠵᠠᠰᠠᠭ ᠵᠠᠬᠢᠷᠭ᠋ᠠᠨ᠎ᠤ ᠣᠷᠣᠨ᠎ᠤ ᠲᠡᠦᠬᠡ ᠰᠣᠶᠣᠯ
   ᠪᠠᠶᠠᠨ ᠲᠤᠤᠷᠠᠢ ᠰᠤᠮᠤ ᠵᠢᠨ ᠭᠣᠣᠯ ᠪᠣᠯᠬᠤ ᠬᠥᠮᠥᠨ ᠰᠣᠶᠣᠯ᠎ᠤᠨ ᠦᠵᠡᠮᠵᠢ᠎ᠳᠤ ᠠᠲᠠᠷ ᠬᠠᠭ᠋ᠠᠯᠪᠤᠷᠢᠯᠠᠯᠲᠠ ᠵᠢᠨ ᠬᠣᠷᠢᠶᠠᠨ ᠬᠠᠳᠠᠭ᠋ᠠᠯᠠᠬᠤ ᠲᠠᠰᠤᠭ᠂ ᠦᠨᠳᠦᠰᠦᠲᠡᠨ᠎ᠤ ᠪᠦᠯᠬᠦᠮᠳᠡᠯ ᠤᠯᠤᠰ ᠵᠶ᠋ᠠᠨ ᠬᠠᠢ᠌ᠷᠠᠯᠠᠬᠤ ᠦᠵᠡᠯ᠎ᠤᠨ ᠬᠥᠮᠦᠵᠢᠯ᠎ᠤᠨ ᠦᠵᠡᠭᠦᠯᠦᠯᠭᠡ ᠵᠢᠨ ᠲᠢᠩᠬᠢᠮ᠂  ᠲᠤᠷᠤᠨᠠᠰᠢ ᠪᠤᠴᠠᠬᠰᠠᠳ᠎ᠤᠨ ᠳᠤᠷᠠᠰᠬᠠᠯ᠎ᠤᠨ ᠭᠠᠵᠠᠷ — ᠲᠣᠷᠭᠣᠳ᠎ᠤᠨ ᠵᠠᠩ ᠦᠢ᠍ᠯᠡ ᠵᠢᠨ ᠰᠣᠶᠣᠯ᠎ᠤᠨ ᠬᠦᠷᠢᠶᠡᠯᠡᠩ ᠵᠡᠷᠭᠡ ᠪᠤᠢ᠃ ᠠᠲᠠᠷ ᠬᠠᠭ᠋ᠠᠯᠪᠤᠷᠢᠯᠠᠯᠲᠠ ᠵᠢᠨ ᠬᠣᠷᠢᠶᠠᠨ ᠬᠠᠳᠠᠭ᠋ᠠᠯᠠᠬᠤ ᠲᠠᠰᠤᠭ ᠪᠣᠯ ᠪᠠᠶᠠᠨ  ᠲᠤᠤᠷᠠᠢ ᠰᠤᠮᠤᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠬᠦ ᠳᠤᠮᠳᠠᠬᠢ ᠰᠣᠶᠣᠯ᠎ᠢ ᠬᠥᠭᠵᠢᠭᠦᠯᠦᠨ ᠮᠠᠨᠳᠤᠭᠤᠯᠬᠤ ᠵᠢᠨ ᠴᠢᠬᠤᠯᠠ ᠪᠦᠷᠢᠯᠳᠦᠭᠦᠨ ᠬᠡᠰᠡᠭ ᠮᠥᠨ᠂ ᠪᠠᠰᠠ ᠴᠤ᠌ ᠨᠠᠮ᠎ᠤᠨ ᠬᠡᠰᠢᠬᠦᠳ ᠪᠠ ᠮᠠᠯᠴᠢᠨ ᠲᠠᠷᠢᠶᠠᠴᠢᠨ ᠲᠦᠮᠡᠨ᠎ᠤ ᠰᠢᠯᠢᠳᠡᠭ ᠤᠯᠠᠮᠵᠢᠯᠠᠯᠲᠤ ᠰᠣᠶᠣᠯ᠎ᠢ ᠰᠤᠷᠤᠯᠴᠠᠨ ᠪᠠᠳᠠᠷᠠᠭᠤᠯᠬᠤ ᠭᠣᠣᠯ ᠵᠢᠭᠰᠠᠭ᠋ᠠᠯ᠎ᠤᠨ ᠭᠠᠵᠠᠷ ᠮᠥᠨ᠃ 2018 ᠣᠨ᠎ᠤ 5 ᠳ᠋ᠤᠭ᠋ᠠᠷ ᠰᠠᠷ᠎ᠠ ᠵᠢᠨ 20᠎ᠤ ᠡᠳᠦᠷ ᠬᠣᠷᠢᠶᠠᠨ ᠬᠠᠳᠠᠭ᠋ᠠᠯᠠᠬᠤ ᠲᠠᠰᠤᠭ᠎ᠢ ᠥᠭᠡᠷᠡᠴᠢᠯᠡᠨ ᠪᠠᠢ᠌ᠭᠤᠯᠵᠤ᠂ ᠪᠠᠷᠢᠯᠭ᠎ᠠ ᠵᠢᠨ ᠲᠠᠯᠠᠪᠠᠶ᠎ᠨᠢ 230 ᠲᠡᠭᠰᠢ ᠳᠥᠷᠪᠡᠯᠵᠢᠨ ᠮᠧᠲᠷ᠎ᠲᠤ ᠬᠦᠷᠴᠦ᠂ 200 ᠭᠠᠷᠤᠢ ᠦᠢ᠍ᠯᠡᠳᠪᠦᠷᠢᠯᠡᠯ ᠠᠮᠢᠳᠤᠷᠠᠯ᠎ᠤᠨ ᠬᠡᠷᠡᠭᠰᠡᠯ᠎ᠤᠨ ᠬᠠᠳᠠᠭ᠋ᠠᠯᠠᠮᠵᠢ ᠵᠢ ᠳᠡᠯᠭᠡᠨ ᠲᠠᠯᠪᠢᠵᠤ᠂ ᠬᠠᠭ᠋ᠠᠰ ᠢᠯᠡᠭᠦᠦ ᠵᠠᠭᠤᠨ᠎ᠤ ᠲᠠᠷᠢᠶᠠᠯᠠᠩ᠎ᠤᠨ ᠠᠲᠠᠷ ᠬᠠᠭ᠋ᠠᠯᠪᠤᠷᠢᠯᠠᠭᠴᠢ ᠵᠢᠨ ᠦᠢ᠍ᠯᠡᠰ ᠴᠣᠭᠴᠠᠯᠠᠬᠤ ᠵᠣᠷᠢᠭ ᠰᠠᠨᠠᠭ᠎ᠠ ᠵᠢ ᠭᠦᠢ᠍ᠴᠡᠳ ᠢᠯᠡᠷᠡᠭᠦᠯᠦᠭᠰᠡᠨ ᠪᠠᠢ᠌ᠨ᠎ᠠ᠃ ᠦᠨᠳᠦᠰᠦᠲᠡᠨ᠎ᠤ ᠪᠦᠯᠬᠦᠮᠳᠡᠯ ᠤᠯᠤᠰ ᠵᠶ᠋ᠠᠨ ᠬᠠᠢ᠌ᠷᠠᠯᠠᠬᠤ ᠦᠵᠡᠯ᠎ᠤᠨ ᠬᠥᠮᠦᠵᠢᠯ᠎ᠤᠨ ᠦᠵᠡᠭᠦᠯᠦᠯᠭᠡ ᠵᠢᠨ ᠲᠢᠩᠬᠢᠮ ᠪᠣᠯ ᠮᠠᠯᠴᠢᠨ ᠲᠠᠷᠢᠶᠠᠴᠢᠨ᠎ᠤ ᠤᠶᠤᠨ᠎ᠤ ᠰᠣᠶᠣᠯ᠎ᠤᠨ ᠭᠡᠷ ᠣᠷᠣᠨ ᠪᠣᠯᠣᠨ᠎ᠠ᠂ ᠣᠷᠳᠣᠨ᠎ᠳᠤ 400 ᠭᠠᠷᠤᠢ ᠤᠯᠠᠮᠵᠢᠯᠠᠯᠲᠤ ᠦᠢ᠍ᠯᠡᠳᠪᠦᠷᠢᠯᠡᠯ ᠠᠮᠢᠳᠤᠷᠠᠯ᠎ᠤᠨ ᠬᠡᠷᠡᠭᠰᠡᠯ᠂ ᠰᠣᠶᠣᠯ᠎ᠤᠨ ᠠᠴᠢᠶᠠᠯᠠᠪᠤᠷᠢ ᠵᠢ ᠳᠡᠯᠭᠡᠨ ᠦᠵᠡᠭᠦᠯᠵᠦ᠂ ᠮᠢᠩ ᠤᠯᠤᠰ᠂ ᠴᠢᠩ ᠤᠯᠤᠰ᠂ ᠴᠢᠯᠦᠭᠡᠯᠡᠭᠳᠡᠬᠦ ᠵᠢᠨ ᠡᠮᠦᠨ᠎ᠡ ᠬᠣᠢ᠌ᠨ᠎ᠠ᠂ ᠥᠭᠡᠷᠡᠴᠢᠯᠡᠯᠲᠡ ᠨᠡᠭᠡᠭᠡᠯᠲᠡ ᠵᠢᠨ ᠬᠡᠳᠦᠨ ᠴᠠᠭ ᠦᠶ᠎ᠡ ᠵᠢ ᠰᠤᠨᠳᠠᠯᠠᠭᠰᠠᠨ  ᠲᠤᠷᠭᠤᠳᠴᠤᠳ᠎ᠤᠨ ᠬᠥᠭᠵᠢᠯᠲᠡ ᠵᠢᠨ ᠲᠡᠦᠬᠡ ᠵᠢᠨ ᠬᠤᠷᠢᠶᠠᠩᠭᠤᠢ ᠳᠦᠷᠰᠦ ᠪᠣᠯᠣᠨ᠎ᠠ᠃ ᠲᠤᠷᠤᠨᠠᠰᠢ ᠪᠤᠴᠠᠬᠰᠠᠨ ᠳᠤᠷᠠᠰᠬᠠᠯ᠎ᠤᠨ ᠭᠠᠵᠠᠷ — ᠲᠣᠷᠭᠣᠳ᠎ᠤᠨ ᠵᠠᠩ ᠦᠢ᠍ᠯᠡ ᠵᠢᠨ ᠰᠣᠶᠣᠯ᠎ᠤᠨ ᠬᠦᠷᠢᠶᠡᠯᠡᠩ᠎ᠳᠤ ᠬᠦᠷᠴᠦ᠂ ᠡᠵᠡᠨ᠎ᠡ ᠬᠣᠰᠢᠭᠤᠨ᠎ᠤ ᠬᠠᠭᠤᠴᠢᠨ ᠲᠤᠷᠭᠤᠳᠴᠤᠳ᠎ᠤᠨ ᠥᠨᠢ ᠤᠳᠠᠭ᠋ᠠᠨ ᠨᠡᠭᠦᠳᠡᠯ ᠰᠣᠶᠣᠯ᠎ᠢ ᠳᠡᠯᠭᠡᠨ ᠦᠵᠡᠭᠦᠯᠵᠦ᠂ ᠬᠤᠪᠢ ᠵᠢᠨ ᠬᠡᠷᠯᠢᠭ ᠲᠡᠷᠬᠡᠳᠡᠳ᠎ᠤᠨ ᠪᠠᠭᠤᠴᠠ᠂ ᠣᠨᠴᠠᠯᠢᠭᠲᠤ ᠭᠣᠣᠯ ᠰᠡᠳᠦᠪᠲᠦ  ᠪᠠᠭᠤᠴᠨ᠂ ᠰᠡᠯᠡᠭᠦᠴᠡᠯ ᠵᠤᠭ᠎ᠠ ᠴᠡᠡᠭᠭᠡᠬᠦᠨ᠎ᠢ ᠨᠢᠭᠡ ᠴᠣᠭᠴᠠᠵᠢᠭᠤᠯᠤᠭᠰᠠᠨ ᠣᠨᠴᠠᠯᠢᠭᠲᠤ ᠵᠠᠩ ᠦᠢ᠍ᠯᠡ ᠵᠢᠨ ᠰᠣᠶᠣᠯ᠎ᠢ ᠪᠡᠶᠡᠴᠢᠯᠡᠨ ᠣᠢ᠌ᠯᠠᠭ᠋ᠠᠬᠤ ᠬᠦᠷᠢᠶᠡᠯᠡᠩ ᠲᠣᠭᠣᠷᠢᠭ ᠪᠣᠯᠣᠨ᠎ᠠ᠃

 

 

 

 

 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠬᠠᠢ ᠬᠤᠳᠠ ᠵᠢᠨ ᠭᠤᠷᠪᠠᠨ ᠭᠠᠵᠠᠷ᠎ᠤᠨ ᠨᠡᠷᠡᠰ
《ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠢ ᠤᠢ᠌ᠯᠠᠭ᠋ᠠᠵᠤ᠂ ᠲᠡᠦᠬᠡ ᠰᠣᠶᠣᠯ ᠵᠶ᠋ᠠᠨ ᠪᠠᠳᠠᠷᠠᠭᠤᠯᠤᠶ᠎ᠠ》 — ᠦᠬᠠᠢ ᠬᠤᠳᠠ ᠵᠢᠨ ᠬᠠᠢ᠌ᠨᠠᠨ ᠲᠣᠭᠣᠷᠢᠭ᠎ᠤᠨ ᠷᠠᠰᠠᠡᠭ ᠰᠦᠮ᠎ᠡ ᠪᠠᠯᠭ᠋ᠠᠰᠤ
ᠣᠷᠣᠨ ᠬᠤᠪᠢᠶᠠᠷᠢᠯᠠᠯ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠰᠡᠳᠬᠢᠯ ᠵᠶ᠋ᠡᠨ ᠨᠢᠭᠡᠳᠬᠡᠨ ᠬᠦᠴᠦ᠎ᠪᠠᠨ ᠬᠠᠮᠲᠤᠳᠬᠠᠵᠤ ᠠᠬᠢᠭᠤᠯᠵᠤ ᠪᠠᠢ᠌ᠨ᠎ᠠ
《ᠤᠯᠠᠭ᠋ᠠᠨᠬᠠᠳᠠ ᠬᠣᠲᠠ ᠵᠢᠨ ᠭᠠᠵᠠᠷ᠎ᠤᠨ ᠨᠡᠷᠡᠰ᠎ᠤᠨ ᠤᠢ᠌ᠯᠠᠯᠭ᠎ᠠ》 ᠤᠯᠠᠭ᠋ᠠᠨᠬᠠᠳᠠ ᠬᠣᠲᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠰᠢᠯᠢᠳᠡᠭ ᠦᠷ᠎ᠡ ᠪᠦᠲᠦᠭᠡᠯ᠎ᠤᠨ ᠵᠠᠰᠠᠭ᠎ᠤᠨ ᠣᠷᠳᠣᠨ᠎ᠤ ᠨᠢᠭᠡᠳᠦᠭᠡᠷ ᠳᠡᠰ᠎ᠤᠨ ᠱᠠᠩᠨᠠᠯ᠎ᠢ ᠭᠥᠷᠳᠡᠪᠡ
ᠤᠯᠠᠭ᠋ᠠᠨᠬᠠᠳᠠ ᠬᠤᠳᠠ ᠵᠢᠨ᠎ᠬᠢᠨ ᠨᠢᠬᠡᠳᠤᠯᠳᠡᠢ ᠲᠦᠯᠤᠪᠵᠢᠬᠦᠯᠤᠨ᠂ ᠡᠯ᠎ᠡ ᠲᠠᠯ᠎ᠠ ᠵᠢᠨ ᠬᠦᠴᠤᠨ᠎ᠢ ᠨᠢᠭᠲᠠᠷᠠᠭᠤᠯᠤᠨ ᠭᠠᠵᠠᠷ᠎ᠤᠨ ᠨᠡᠷᠡᠰ᠎ᠤᠨ ᠰᠤᠳᠤᠨ ᠣᠢ᠌ᠯᠠᠯᠭ᠎ᠠ ᠵᠢ ᠬᠡᠪᠯᠡᠬᠦᠯᠤᠨ ᠲᠠᠷᠬᠠᠭ᠋ᠠᠯ᠎ᠠ
 
            