ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠡᠳ᠋᠎ᠤᠨ ᠵᠠᠰᠠᠭ᠎ᠤᠨ ᠶᠠᠮᠤᠨ ᠮᠠᠨ᠎ᠤ ᠣᠷᠣᠨ᠎ᠳᠤ 12.5 ᠳ᠋ᠦᠩᠰᠢᠭᠤᠷ ᠲᠥᠭᠥᠷᠢᠭ ᠪᠠᠭᠤᠯᠭ᠋ᠠᠵᠤ ᠪᠠᠲᠤᠯᠠᠭ᠎ᠠ ᠵᠢᠨ ᠴᠢᠨᠠᠷᠲᠠᠢ ᠬᠢᠮᠳᠠ ᠣᠷᠣᠨ ᠰᠠᠭᠤᠴᠠ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠭᠦᠯᠪᠡ
ᠨᠡᠶᠢᠲᠡᠯᠡᠭᠰᠡᠨ ᠴᠠᠭ᠄ 2024-11-18

     11 ᠰᠠᠷ᠎ᠠ ᠵᠢᠨ 16᠎ᠤ ᠡᠳᠦᠷ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠠᠴᠠ ᠣᠢ᠌ᠯᠠᠭ᠋ᠠᠭᠰᠠᠨ᠎ᠨᠢ᠂ ᠡᠳ᠋᠎ᠤᠨ ᠵᠠᠰᠠᠭ᠎ᠤᠨ ᠶᠠᠮᠤᠨ 2025 ᠣᠨ᠎ᠤ ᠬᠡᠰᠡᠭ ᠲᠥᠪ᠎ᠤᠨ ᠡᠳ᠋᠎ᠤᠨ ᠵᠠᠰᠠᠭ᠎ᠤᠨ ᠬᠣᠲᠠ ᠪᠠᠯᠭ᠋ᠠᠰᠤᠨ᠎ᠤ ᠪᠠᠲᠤᠯᠠᠭ᠎ᠠ ᠵᠢᠨ ᠴᠢᠨᠠᠷᠲᠠᠢ ᠬᠢᠮᠳᠠ ᠣᠷᠣᠨ ᠰᠠᠭᠤᠴᠠ ᠵᠢᠨ ᠢᠨᠵᠧᠨᠧᠷᠢᠩ᠎ᠤᠨ ᠨᠥᠬᠥᠪᠦᠷᠢ ᠪᠡᠯᠡ ᠮᠥᠩᠭᠥ ᠵᠢ ᠤᠷᠢᠳᠴᠢᠯᠠᠨ ᠪᠠᠭᠤᠯᠭ᠋ᠠᠪᠠ᠂ ᠡᠭᠦᠨ᠎ᠳᠤ ᠮᠠᠨ᠎ᠤ ᠣᠷᠣᠨ᠎ᠳᠤ 12.5 ᠳ᠋ᠦᠩᠰᠢᠭᠤᠷ ᠲᠥᠭᠥᠷᠢᠭ ᠪᠠᠭᠤᠯᠭ᠋ᠠᠪᠠ᠃
   ᠰᠢᠯᠵᠢᠭᠦᠯᠦᠨ ᠥᠭᠬᠦ ᠲᠥᠰᠥᠪ᠎ᠢ ᠭᠦᠢ᠍ᠴᠡᠳᠬᠡᠬᠦ ᠠᠬᠢᠴᠠ ᠵᠢ ᠤᠯᠠᠮ ᠨᠢᠭᠡ ᠠᠯᠬᠤᠮ ᠲᠦᠷᠭᠡᠳᠬᠡᠵᠦ᠂ ᠣᠷᠣᠨ ᠨᠤᠲᠤᠭ᠎ᠤᠨ ᠲᠥᠰᠥᠪ᠎ᠢ ᠨᠠᠢ᠌ᠷᠠᠭᠤᠯᠤᠨ ᠵᠣᠬᠢᠶᠠᠬᠤ ᠠᠵᠢᠯ᠎ᠤᠨ ᠪᠦᠷᠢᠨ ᠪᠦᠲᠦᠨ ᠴᠢᠨᠠᠷ᠎ᠢ ᠳᠡᠭᠡᠭᠰᠢᠯᠡᠭᠦᠯᠬᠦ ᠵᠢᠨ ᠲᠥᠯᠥᠭᠡ᠂ ᠡᠳ᠋᠎ᠤᠨ ᠵᠠᠰᠠᠭ᠎ᠤᠨ ᠶᠠᠮᠤᠨ ᠲᠦᠷᠦᠭᠦᠬᠡᠨ 《2025 ᠣᠨ᠎ᠤ ᠬᠡᠰᠡᠭ ᠲᠥᠪ᠎ᠤᠨ ᠡᠳ᠋᠎ᠤᠨ ᠵᠠᠰᠠᠭ᠎ᠤᠨ ᠬᠤᠳᠠ ᠪᠠᠯᠭ᠋ᠠᠰᠤᠨ᠎ᠤ ᠪᠠᠲᠤᠯᠠᠭ᠎ᠠ ᠵᠢᠨ ᠴᠢᠨᠠᠷᠲᠠᠢ ᠬᠢᠮᠳᠠ ᠣᠷᠣᠨ ᠰᠠᠭᠤᠴᠠ ᠵᠢᠨ ᠢᠨᠵᠧᠨᠧᠷᠢᠩ᠎ᠤᠨ ᠨᠥᠬᠥᠪᠦᠷᠢ ᠪᠡᠯᠡ ᠮᠥᠩᠭᠥ ᠵᠢᠨ ᠲᠥᠰᠥᠪ᠎ᠢ ᠤᠷᠢᠳᠴᠢᠯᠠᠨ ᠪᠠᠭᠤᠯᠭ᠋ᠠᠬᠤ ᠲᠤᠬᠠᠢ ᠮᠡᠳᠡᠭᠳᠡᠯ》 (ᠳᠣᠷᠣᠭᠰᠢ 《ᠮᠡᠳᠡᠭᠳᠡᠯ》 ᠭᠡᠵᠦ ᠲᠣᠪᠴᠢᠯᠠᠨ᠎ᠠ)᠎ᠢ ᠪᠠᠭᠤᠯᠭ᠋ᠠᠪᠠ᠃
    《ᠮᠡᠳᠡᠭᠳᠡᠯ》᠎ᠳᠤ ᠱᠠᠭ᠋ᠠᠷᠳᠠᠭᠰᠠᠨ᠎ᠨᠢ᠂ 2025 ᠣᠨ᠎ᠳᠤ᠂ ᠲᠥᠪ᠎ᠤᠨ ᠡᠳ᠋᠎ᠤᠨ ᠵᠠᠰᠠᠭ᠎ᠤᠨ ᠬᠣᠲᠠ ᠪᠠᠯᠭ᠋ᠠᠰᠤᠨ᠎ᠤ ᠪᠠᠲᠤᠯᠠᠭ᠎ᠠ ᠵᠢᠨ ᠴᠢᠨᠠᠷᠲᠠᠢ ᠬᠢᠮᠳᠠ ᠣᠷᠣᠨ ᠰᠠᠭᠤᠴᠠ ᠵᠢᠨ ᠢᠨᠵᠧᠨᠧᠷᠢᠩ᠎ᠤᠨ ᠨᠥᠬᠥᠪᠦᠷᠢ ᠪᠡᠯᠡ ᠮᠥᠩᠭᠥ ᠵᠢ ᠰᠢᠯᠵᠢᠭᠦᠯᠦᠨ ᠥᠭᠬᠦ ᠲᠥᠰᠥᠪ᠎ᠤᠨ ᠬᠡᠷᠡᠭᠵᠢᠭᠦᠯᠦᠯᠲᠡ᠎ᠳᠤ ᠪᠠᠢ᠌ᠩᠭᠤ ᠵᠢᠨ ᠬᠢᠨᠠᠯᠲᠠ ᠲᠠᠯᠪᠢᠬᠤ ᠬᠡᠪᠴᠢᠶᠡᠨ᠎ᠳᠤ ᠣᠷᠣᠭᠤᠯᠵᠤ᠂ ᠡᠯ᠎ᠡ ᠱᠠᠲᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠳ ᠲᠥᠰᠥᠪ᠎ᠤᠨ ᠬᠠᠮᠢᠶᠠᠷᠤᠯᠲᠠ ᠵᠢ ᠨᠢᠭᠡ ᠴᠣᠭᠴᠠᠵᠢᠭᠤᠯᠬᠤ ᠰᠢᠰᠲ᠋ᠧᠮ᠎ᠳᠤ ᠲᠥᠰᠥᠪ᠎ᠤᠨ ᠭᠦᠢ᠍ᠴᠡᠳᠬᠡᠯ ᠲᠣᠭ᠎ᠠ ᠵᠢ ᠴᠠᠭ ᠲᠤᠬᠠᠢ᠎ᠳᠤᠨᠢ ᠭᠥᠯᠢᠶᠡᠨ ᠠᠪᠴᠤ ᠲᠡᠮᠳᠡᠭᠯᠡᠬᠦ ᠵᠢᠨ ᠬᠠᠮᠲᠤ 《ᠮᠥᠷᠳᠡᠬᠦ》 ᠲᠡᠮᠳᠡᠭ᠎ᠢ ᠬᠤᠪᠢᠷᠠᠭᠤᠯᠬᠤ ᠦᠭᠡᠢ ᠪᠠᠢ᠌ᠬᠤ ᠵᠢ ᠪᠠᠲᠤᠯᠠᠵᠤ᠂ ᠲᠥᠰᠥᠪ᠎ᠤᠨ ᠬᠠᠮᠢᠶᠠᠷᠤᠯᠲᠠ ᠵᠢ ᠨᠢᠭᠡ ᠴᠣᠭᠴᠠᠵᠢᠭᠤᠯᠬᠤ ᠰᠢᠰᠲ᠋ᠧᠮ᠎ᠤᠨ ᠰᠢᠯᠵᠢᠭᠦᠯᠦᠨ ᠥᠭᠬᠦ ᠵᠢ ᠬᠢᠨᠠᠨ ᠡᠵᠡᠮᠳᠡᠬᠦ ᠬᠡᠰᠡᠭ᠎ᠲᠤ ᠲᠦᠰᠢᠭᠯᠡᠨ᠂ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠤ᠂ ᠰᠢᠯᠵᠢᠭᠦᠯᠦᠨ ᠥᠭᠬᠦ ᠪᠡᠯᠡ ᠮᠥᠩᠭᠥ ᠵᠢᠨ ᠬᠠᠮᠢᠶᠠᠷᠤᠯᠲᠠ ᠬᠡᠷᠡᠭᠯᠡᠯᠲᠡ ᠵᠢᠨ ᠵᠢᠷᠤᠮᠵᠢᠯᠳᠤ ᠴᠢᠨᠠᠷ ᠪᠠ ᠪᠦᠲᠦᠮᠵᠢᠲᠦ ᠴᠢᠨᠠᠷ᠎ᠢ ᠳᠡᠭᠡᠭᠰᠢᠯᠡᠭᠦᠯᠬᠦ ᠬᠡᠷᠡᠭᠲᠡᠢ; ᠡᠯ᠎ᠡ ᠮᠤᠵᠢ (ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ᠂ ᠠᠰ᠎ᠲᠠᠭᠠᠨ ᠲᠥᠯᠥᠪᠯᠡᠭᠡ ᠬᠢᠬᠦ ᠬᠤᠳᠠ) ᠲᠥᠰᠥᠪ᠎ᠤᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢ ᠪᠦᠬᠦ ᠲᠠᠯ᠎ᠠ᠎ᠪᠠᠷ ᠬᠡᠷᠡᠭᠵᠢᠭᠦᠯᠬᠦ ᠱᠠᠭ᠋ᠠᠷᠳᠠᠯᠭ᠎ᠠ ᠶᠣᠰᠣᠭ᠋ᠠᠷ᠂ ᠠᠮᠵᠢᠯᠲᠠ ᠪᠦᠲᠦᠮᠵᠢ ᠵᠢᠨ ᠬᠠᠷᠠᠯᠲᠠᠲᠤ ᠬᠠᠮᠢᠶᠠᠷᠤᠯᠲᠠ ᠵᠢ ᠴᠢᠩᠭ᠋ᠠᠳᠬᠠᠵᠤ᠂ ᠠᠮᠵᠢᠯᠲᠠ ᠪᠦᠲᠦᠮᠵᠢ ᠵᠢᠨ ᠠᠵᠢᠯᠯᠠᠭ᠋ᠠᠨ᠎ᠢ ᠬᠢᠨᠠᠨ ᠡᠵᠡᠮᠳᠡᠬᠦ ᠪᠠ ᠠᠮᠵᠢᠯᠲᠠ ᠪᠦᠲᠦᠮᠵᠢ ᠵᠢᠨ ᠦᠨᠡᠯᠡᠯᠲᠡ ᠵᠢ ᠰᠠᠢ᠌ᠲᠤᠷ ᠬᠢᠵᠦ᠂ ᠡᠳ᠋᠎ᠤᠨ ᠵᠠᠰᠠᠭ᠎ᠤᠨ ᠪᠡᠯᠡ ᠮᠥᠩᠭᠥ ᠵᠢᠨ ᠠᠶᠤᠯᠭᠦᠢ ᠪᠥᠭᠡᠳ ᠪᠦᠲᠦᠮᠵᠢᠲᠡᠶ ᠪᠠᠢ᠌ᠬᠤ ᠵᠢ ᠦᠨᠡᠨ ᠬᠦ᠌ ᠪᠠᠲᠤᠯᠠᠨ᠎ᠠ᠃ ᠮᠠᠨ᠎ᠤ ᠣᠷᠣᠨ ᠬᠠᠮᠢᠶ᠎ᠠ ᠪᠦᠬᠦᠢ ᠱᠠᠭ᠋ᠠᠷᠳᠠᠯᠭ᠎ᠠ ᠶᠣᠰᠣᠭ᠋ᠠᠷ ᠣᠢ᠌ᠷ᠎ᠠ ᠵᠢᠨ ᠬᠤᠭᠤᠴᠠᠭ᠋ᠠᠨ᠎ᠳᠤ ᠪᠡᠯᠡ ᠮᠥᠩᠭᠥ᠎ᠪᠠᠨ ᠡᠯ᠎ᠡ ᠠᠢ᠌ᠮᠠᠭ ᠬᠣᠲᠠ᠎ᠳᠤ ᠤᠷᠢᠳᠴᠢᠯᠠᠨ ᠪᠠᠭᠤᠯᠭ᠋ᠠᠵᠤ᠂ ᠪᠠᠲᠤᠯᠠᠭ᠎ᠠ ᠵᠢᠨ ᠴᠢᠨᠠᠷᠲᠠᠢ ᠬᠢᠮᠳᠠ ᠲᠣᠬᠢᠯᠢᠭ ᠣᠷᠣᠨ ᠰᠠᠭᠤᠴᠠ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ᠎ᠳᠤ ᠬᠦᠴᠦᠨ ᠨᠡᠮᠡᠷᠢᠯᠡᠨ᠎ᠡ᠃




 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠳᠥᠷᠪᠡᠨ ᠰᠠᠯᠠᠭ᠎ᠠ ᠮᠥᠴᠢᠷ᠎ᠤᠨ᠎ᠬᠢᠨ ᠠᠷᠠᠳ᠎ᠤᠨ ᠠᠮᠢᠳᠤᠷᠠᠯ᠎ᠤᠨ ᠬᠦᠷᠢᠶ᠎ᠡ ᠴᠠᠷᠠᠭ᠎ᠠ᠎ᠳᠤ᠎ᠬᠢ ᠥᠭᠡᠷᠡᠴᠢᠯᠡᠯᠲᠡ ᠵᠢ ᠪᠥᠬᠥ ᠲᠠᠯ᠎ᠠ᠎ᠪᠠᠷ ᠭᠦᠨᠵᠡᠭᠡᠢ᠌ᠷᠡᠭᠦᠯᠬᠦ ᠠᠷᠭ᠎ᠠ ᠪᠠ ᠦᠷ᠎ᠡ ᠪᠦᠲᠦᠮᠵᠢ ᠵᠢ ᠨᠡᠢ᠌ᠲᠡᠯᠡᠭᠰᠡᠨ ᠪᠥᠭᠡᠳ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠄ ᠳᠦᠷᠢᠮ᠎ᠤᠨ ᠰᠢᠰᠲ᠋ᠧᠮ᠎ᠢ ᠲᠡᠭᠦᠯᠳᠡᠷᠵᠢᠭᠦᠯᠵᠦ ᠬᠥᠭᠵᠢᠯᠲᠡ ᠵᠢᠨ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠤᠶ᠎ᠠ
ᠥᠪᠥᠷ ᠮᠣᠩᠭᠣᠯ᠎ᠤᠨ ᠥᠨᠥᠴᠢᠨ ᠬᠡᠦᠬᠡᠳ᠎ᠢ ᠦᠰᠬᠡᠬᠦ ᠪᠠᠲᠤᠯᠠᠭ᠎ᠠ ᠵᠢᠨ ᠪᠠᠷᠢᠮᠵᠢᠶ᠎ᠠ ᠪᠥᠬᠥ ᠤᠯᠤᠰ᠎ᠤᠨ ᠳᠤᠮᠳᠠᠴᠢ ᠲᠦᠪᠰᠢᠨ᠎ᠠᠴᠠ ᠲᠠᠪᠠᠪᠠ
10 ᠳ᠋ᠤᠭ᠋ᠠᠷ ᠰᠠᠷ᠎ᠠ᠎ᠳᠤ ᠮᠠᠨ᠎ᠤ ᠣᠷᠣᠨ᠎ᠤ ᠭᠡᠷ᠎ᠤᠨ ᠴᠠᠬᠢᠯᠭ᠋ᠠᠨ ᠬᠡᠷᠡᠭᠰᠡᠯ᠎ᠢ ᠬᠠᠭᠤᠴᠢᠨ ᠵᠶ᠋ᠠᠷ ᠰᠢᠨ᠎ᠡ ᠵᠢ ᠰᠣᠯᠢᠵᠤ ᠪᠣᠷᠣᠯᠠᠭᠤᠯᠤᠭᠰᠠᠨ᠎ᠨᠢ 8.1 ᠳ᠋ᠦᠩᠰᠢᠭᠤᠷ ᠲᠥᠭᠥᠷᠢᠭ᠎ᠲᠤ ᠬᠦᠷᠪᠡ
ᠪᠦᠬᠦᠨ ᠤᠷᠤᠨ᠎ᠳᠤ ᠠᠡᠭᠬ᠎ᠠ — ᠤᠷᠳᠤᠰ ᠬᠤᠳᠠ ᠵᠢᠨ ᠵᠡᠬᠦᠡᠭ᠋ᠠᠷ ᠬᠤᠰᠢᠭᠤ 《ᠰᠦᠢ᠍ᠳᠬᠡᠯ ᠬᠤᠷᠢᠶᠠᠬᠤ ᠦᠭᠡᠢ ᠣᠷᠣᠰᠢᠭᠤᠯᠭ᠎ᠠ 》 ᠵᠢᠨ ᠦᠬᠡᠷᠡᠴᠢᠯᠡᠯᠳᠡ ᠵᠢ ᠦᠷᠨᠢᠬᠦᠯᠪᠡ
ᠨᠢᠳᠤᠨᠤᠨ᠎ᠤ ᠲᠦᠷᠦᠭᠦᠸ᠋ ᠭᠤᠷᠪᠠᠨ ᠤᠯᠠᠷᠢᠯ᠎ᠳᠤ ᠮᠠᠨ᠎ᠤ ᠣᠷᠣᠨ᠎ᠤ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠪᠥᠬᠥ ᠥᠷᠲᠡᠭ᠎ᠤᠨ ᠨᠡᠮᠡᠭᠳᠡᠯ᠎ᠤᠨ ᠬᠤᠷᠳᠤᠴᠠ ᠪᠥᠬᠥ ᠤᠯᠤᠰ᠎ᠲᠤ ᠳᠥᠷᠪᠡᠳᠦᠭᠡᠷ᠎ᠲᠤ ᠤᠷᠤᠯ᠎ᠠ
 
            