ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ᠎ᠬᠢᠨ᠎ᠠᠴᠠ ᠣᠢ᠌ᠯᠠᠭ᠋ᠠᠭᠰᠠᠨ᠎ᠨᠢ ᠵᠶ᠋ᠡᠷ 2025 ᠣᠨ᠎ᠳᠤ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠳ᠋᠎ᠤᠨ ᠵᠠᠰᠠᠭ ᠪᠡᠯᠡ ᠣᠷᠣᠭᠤᠯᠤᠯᠲᠠ ᠵᠢᠨ ᠡᠷᠴᠢᠮ ᠵᠶ᠋ᠡᠨ ᠴᠢᠩᠭ᠋ᠠᠷᠠᠭᠤᠯᠵᠤ ᠣᠲᠣ ᠪᠣᠯᠲᠠᠯ᠎ᠠ ᠡᠮᠡᠭᠲᠡᠢ᠌ᠴᠦᠳ᠎ᠤᠨ ᠬᠣᠯᠪᠣᠭ᠋ᠠᠲᠤ ᠬᠤᠷᠠᠯ᠎ᠤᠨ ᠬᠣᠯᠪᠣᠭᠳᠠᠯ ᠪᠦᠬᠦᠢ ᠵᠠᠷᠤᠳᠠᠯ᠎ᠢ 5907 ᠲᠦᠮᠡᠨ ᠲᠥᠭᠥᠷᠢᠭ ᠲᠣᠬᠢᠷᠠᠭᠤᠯᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠰᠢᠨᠵᠢᠯᠡᠬᠦ ᠮᠡᠷᠭᠡᠵᠢᠯ᠎ᠤᠨ ᠡᠬᠦᠳᠤᠯᠳᠡ᠂ ᠦᠢ᠍ᠯᠡᠰ ᠪᠤᠰᠬᠠᠵᠤ ᠠᠵᠢᠯ ᠣᠯᠭᠣᠬᠤ᠂ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠵᠢᠯᠣᠭᠣᠳᠤᠯᠭ᠎ᠠ ᠵᠡᠷᠭᠡ ᠲᠠᠯ᠎ᠠ᠎ᠪᠠᠷ ᠡᠮᠡᠭᠲᠡᠢ᠌ᠴᠦᠳ ᠬᠡᠦᠬᠡᠳ᠎ᠤᠨ ᠠᠵᠢᠯ ᠦᠢ᠍ᠯᠡᠰ᠎ᠤᠨ ᠬᠦᠭᠵᠢᠬᠦᠯᠤᠯᠳᠡ ᠵᠢᠨ ᠵᠠᠷᠤᠳᠠᠯ᠎ᠤᠨ ᠪᠠᠲᠤᠯᠠᠭ᠎ᠠ ᠵᠢᠨ ᠠᠵᠢᠯ᠎ᠢ ᠰᠠᠢ᠌ᠲᠤᠷ ᠬᠢᠬᠦ ᠵᠢ ᠳᠡᠮᠵᠢᠪᠡ᠃
2024 ᠣᠨ᠎ᠳᠤ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ᠎ᠬᠢᠨ 《ᠪᠦᠬᠦ ᠤᠯᠤᠰ᠎ᠤᠨ ᠡᠮᠡᠭᠲᠡᠢ ᠰᠢᠨᠵᠢᠯᠡᠬᠦ ᠮᠡᠷᠭᠡᠵᠢᠯ᠎ᠤᠨ ᠠᠵᠢᠯᠲᠠᠳ᠎ᠤᠨ ᠤᠮᠠᠷᠠᠲᠤ ᠬᠢᠯᠢ᠎ᠪᠠᠷ᠎ᠬᠢ ᠠᠶᠠᠯᠠᠯ · ᠥᠪᠥᠷ ᠮᠣᠩᠭᠣᠯ᠎ᠤᠨ ᠴᠢᠨᠠᠷᠯᠢᠭ ᠬᠥᠭᠵᠢᠯᠲᠡ ᠵᠢ ᠳᠡᠮᠵᠢᠬᠦ ᠠᠵᠢᠯᠯᠠᠭ᠎ᠠ》 ᠵᠢ ᠠᠮᠵᠢᠯᠲᠠ᠎ᠲᠠᠢ ᠡᠷᠬᠢᠯᠡᠬᠦ ᠵᠢ ᠳᠡᠮᠵᠢᠵᠦ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠡᠭᠲᠡᠢ᠌ᠴᠦᠳ᠎ᠤᠨ ᠬᠣᠯᠪᠣᠭ᠎ᠠ ᠵᠢᠨ ᠪᠡᠭᠡᠵᠢᠩ᠎ᠤᠨ 《ᠠᠨ ᠵᠧᠨ》 ᠡᠮᠨᠡᠯᠭᠡ ᠵᠢᠨ ᠬᠣᠷᠢᠶ᠎ᠠ ᠵᠢᠨ ᠲᠤᠰᠬᠠᠢ ᠮᠡᠷᠭᠡᠵᠢᠯᠲᠡᠨ᠎ᠢ ᠤᠷᠢᠵᠤ ᠬᠣᠯᠪᠣᠭᠳᠠᠯ ᠪᠦᠬᠦᠢ ᠡᠷᠡᠭᠦᠯ ᠮᠡᠨᠳᠦ ᠵᠢᠨ ᠲᠠᠢ᠌ᠯᠤᠮᠵᠢ ᠬᠢᠯᠬᠡᠬᠡᠳ ᠪᠦᠬᠦ ᠣᠷᠣᠨ᠎ᠤ 140 ᠭᠠᠷᠤᠢ ᠲᠦᠮᠡᠨ ᠤᠯᠠᠨ ᠲᠦᠮᠡᠨ᠎ᠳᠤ ᠠᠰᠢᠭ ᠬᠦᠷᠲᠡᠭᠡᠬᠦ ᠵᠢ ᠳᠡᠮᠵᠢᠪᠡ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠡᠭᠲᠡᠢ᠌ᠴᠦᠳ᠎ᠤᠨ ᠬᠣᠯᠪᠣᠭ᠎ᠠ ᠵᠢᠨ 《ᠡᠮᠡᠭᠲᠡᠢ᠌ᠴᠦᠳ᠎ᠤᠨ ᠠᠶᠠᠯᠠᠯ᠎ᠳᠤ ᠵᠠᠮᠴᠢᠯᠠᠬᠤ ᠲᠥᠯᠥᠪᠯᠡᠭᠡ》 ᠵᠢᠨ ᠡᠮᠡᠭᠲᠡᠢ᠌ᠴᠦᠳ᠎ᠤᠨ ᠶᠡᠷᠦᠩᠬᠡᠢ᠌ᠯᠡᠭᠰᠡᠨ ᠬᠡᠪ ᠴᠢᠨᠠᠷ᠎ᠢ ᠳᠡᠭᠡᠭᠰᠢᠯᠡᠭᠦᠯᠬᠦ ᠪᠣᠯᠪᠠᠰᠤᠷᠠᠯ ᠡᠷᠬᠢᠯᠡᠬᠦ ᠵᠢ ᠲᠡᠮᠵᠢᠬᠡᠳ 《ᠡᠮᠡᠭᠲᠡᠢ᠌ᠴᠦᠳ᠎ᠤᠨ ᠠᠶᠠᠯᠠᠯ᠎ᠳᠤ ᠵᠠᠮᠴᠢᠯᠠᠬᠤ ᠲᠥᠯᠥᠪᠯᠡᠭᠡ》᠎ᠪᠠᠷ ᠬᠡᠤᠬᠡᠨ ᠣᠶᠤᠲᠠᠳ᠎ᠢ ᠤᠷᠢᠵᠤ ᠡᠯᠰᠡᠬᠦ ᠲᠤᠰᠬᠠᠢ ᠴᠤᠭᠯᠠᠭ᠋ᠠᠨ ᠡᠷᠭᠢᠯᠡᠬᠦ ᠵᠢ ᠲᠡᠮᠵᠢᠪᠡ᠃ ᠤᠮᠠᠷᠠᠲᠤ ᠬᠢᠯᠢ ᠵᠢᠨ 〈ᠪᠦ᠋ ᠰᠸ ᠮᠸᠢ〉 ᠦᠢ᠍ᠯᠡᠰ ᠪᠣᠰᠬᠠᠵᠤ ᠠᠵᠢᠯ ᠣᠯᠭᠣᠬᠤ》 ᠠᠵᠢᠯᠯᠠᠭ᠎ᠠ ᠵᠢ ᠲᠡᠮᠵᠢᠪᠡ᠃ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠬᠤ ᠲᠥᠷᠥᠯ ᠵᠦᠢ᠍ᠯ᠎ᠢ ᠲᠡᠮᠵᠢᠪᠡ᠃ 《ᠤᠮᠠᠷᠠᠲᠤ ᠬᠢᠯᠢ ᠵᠢᠨ ᠰᠤᠳᠤᠨ ᠡᠮᠡᠭᠳᠡᠢ》 ᠬᠡᠮᠡᠬᠦ ᠡᠮᠡᠭᠲᠡᠢ᠌ᠴᠦᠳ᠎ᠤᠨ ᠭᠡᠷ ᠠᠬᠤᠢ ᠵᠢᠨ ᠪᠣᠯᠪᠠᠰᠤᠷᠠᠯ ᠡᠷᠭᠢᠯᠡᠬᠦ ᠵᠢ ᠳᠡᠮᠵᠢᠵᠦ᠂ 7 ᠲᠦᠮᠡ ᠭᠠᠷᠤᠢ ᠡᠮᠡᠭᠲᠡᠢ᠌ᠴᠦᠳ᠎ᠤᠨ ᠮᠡᠷᠭᠡᠵᠢᠯ ᠳᠡᠭᠡᠭᠰᠢᠯᠡᠭᠦᠯᠬᠦ᠂ ᠠᠳᠠᠯ ᠦᠢ᠍ᠯᠡᠰ ᠪᠤᠰᠠᠬ᠍ᠨ ᠠᠵᠢᠯ ᠣᠯᠬᠤ᠎ᠳᠤ ᠲᠤᠰᠠᠯᠠᠪᠠ᠃ 《ᠬᠠᠮᠤᠭ᠎ᠤᠨ ᠰᠤᠳᠤᠨ ᠭᠡᠷ᠎ᠤᠨ ᠰᠤᠷᠲᠠᠯ ᠵᠶ᠋ᠡᠷ ᠤᠮᠠᠷᠠᠲᠤ ᠬᠢᠯᠢ ᠵᠢ ᠬᠡᠢ᠌ᠬᠦᠯᠦᠭᠰᠡᠨ》 ᠥᠯᠢᠭᠡᠷ᠎ᠢ ᠬᠤᠪᠢᠶᠠᠯᠴᠠᠬᠤ᠂ ᠰᠤᠷᠭ᠋ᠠᠭᠤᠯᠢ᠎ᠳᠤ ᠣᠷᠣᠬᠤ ᠵᠡᠷᠭᠡ ᠠᠵᠢᠯᠯᠠᠭ᠎ᠠ ᠵᠢ 3200 ᠭᠠᠷᠤᠢ ᠲᠠᠯᠠᠪᠤᠷ ᠡᠷᠭᠢᠯᠡᠬᠦ ᠵᠢ ᠳᠡᠮᠵᠢᠵᠦ᠂ ᠣᠷᠣᠯᠴᠠᠭᠰᠠᠨ ᠣᠯᠠᠨ ᠲᠦᠮᠡᠨ 88 ᠲᠦᠮᠨ ᠵᠢ ᠳᠠᠪᠠᠪᠠ ᠃ ᠡᠷᠡᠭᠦᠯ ᠮᠡᠨᠳᠦ ᠵᠢᠨ ᠮᠡᠳᠡᠯᠭᠡ ᠵᠢ ᠲᠦᠭᠡᠮᠡᠯᠵᠢᠭᠦᠯᠬᠦ ᠠᠵᠢᠯᠯᠠᠭ᠎ᠠ ᠵᠢ 2388 ᠤᠳᠠᠭ᠎ᠠ ᠳᠡᠮᠵᠢᠵᠦ᠂ 12.9 ᠲᠦᠮᠡᠨ ᠬᠥᠮᠥᠨ ᠤᠳᠠᠭ᠎ᠠ ᠵᠢ ᠬᠠᠮᠤᠷᠪᠠ᠃ 《ᠡᠮᠡᠭᠲᠡᠢ᠌ᠴᠦᠳ ᠬᠡᠦᠬᠡᠳ᠎ᠲᠤ ᠪᠣᠳᠠᠲᠤ ᠶᠠᠪᠤᠳᠠᠯ ᠬᠢᠵᠦ ᠦᠭᠭᠦᠶ᠎ᠡ · ᠠᠷᠪᠠ ᠵᠢ ᠬᠦᠷᠭᠡᠬᠦ》 ᠠᠵᠢᠯᠯᠠᠭ᠎ᠠ ᠥᠷᠨᠢᠭᠦᠯᠬᠦ ᠵᠢ ᠲᠡᠮᠵᠢᠪᠡ 《ᠥᠨᠢ ᠤᠳᠠᠭ᠋ᠠᠨ᠎ᠤ ᠨᠡᠶ᠋ᠢᠲᠡ ᠵᠢᠨ ᠠᠰᠠᠷᠠᠮᠵᠢ ᠵᠢᠨ ᠪᠠᠶᠠᠷ》 ᠵᠡᠷᠭᠡ ᠠᠵᠢᠯᠯᠠᠭ᠎ᠠ ᠥᠷᠨᠢᠭᠦᠯᠬᠦ᠎ᠳᠤ 5419 ᠲᠦᠮᠡᠨ ᠲᠥᠭᠥᠷᠢᠭ᠎ᠤᠨ ᠵᠣᠭᠣᠰ ᠮᠥᠩᠭᠥ ᠡᠳ᠋ ᠪᠣᠳᠠᠰ ᠴᠤᠭᠯᠠᠭᠤᠯᠬᠤ ᠵᠢ ᠳᠡᠮᠵᠢᠵᠦ᠂ 3114 ᠦᠬᠢᠳ᠎ᠢ ᠵᠣᠭᠣᠰ ᠮᠥᠩᠭᠥ᠎ᠪᠠᠷ ᠲᠤᠰᠠᠯᠠᠪᠠ᠃ 《ᠬᠣᠶᠠᠷ ᠥᠮᠡᠨ》 (ᠬᠥᠬᠥᠨ ᠪᠤᠯᠴᠢᠷᠬᠠᠢ ᠵᠢᠨ ᠥᠮᠡᠨ᠂ ᠰᠠᠪᠠ ᠵᠢᠨ ᠬᠦᠵᠦᠭᠦᠨ᠎ᠤ ᠥᠮᠡᠨ)᠎ᠳᠤ ᠨᠡᠷᠪᠡᠭᠳᠡᠭᠰᠡᠨ ᠣᠷᠣᠯᠭ᠎ᠠ ᠪᠠᠭ᠎ᠠ ᠡᠮᠡᠭᠲᠡᠢ᠌ᠴᠦᠳ᠎ᠢ ᠰᠢᠭᠰᠢᠨ ᠪᠠᠢ᠌ᠴᠠᠭ᠋ᠠᠬᠤ ᠠᠵᠢᠯ᠎ᠢ ᠪᠦᠬᠦ ᠤᠯᠤᠰ᠎ᠲᠤ ᠬᠠᠮᠤᠭ᠎ᠠᠴᠠ ᠲᠦᠷᠤᠬᠦᠨ᠎ᠳᠤ ᠲᠡᠮᠵᠢᠵᠤ ᠡᠪᠡᠳᠴᠢᠯᠡᠭᠰᠡᠨ ᠡᠮᠡᠭᠲᠡᠢ᠌ᠴᠦᠳ᠎ᠲᠤ ᠬᠥᠮᠥᠨ ᠳᠤᠮᠳᠠᠴᠢ᠎ᠪᠠᠷ 1 ᠲᠦᠮᠡᠨ ᠲᠥᠭᠥᠷᠢᠭ᠎ᠤᠨ ᠲᠤᠰᠠᠯᠠᠮᠵᠢ ᠦᠵᠡᠬᠦᠯᠤᠬᠡᠳ᠂ 《ᠬᠣᠶᠠᠷ ᠥᠮᠡᠨ》᠎ᠳᠤ ᠨᠡᠷᠪᠡᠭᠳᠡᠭᠰᠡᠨ 2302 ᠡᠮᠡᠭᠲᠡᠢ ᠵᠢ ᠲᠤᠰᠠᠯᠠᠪᠠ᠃