ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠠᠮᠢᠳᠤᠷᠠᠯ
ᠲᠥᠪ᠎ᠠᠴᠠ ᠮᠠᠨ᠎ᠤ ᠣᠷᠣᠨ᠎ᠤ ᠬᠦᠴᠢᠷᠳᠡᠯᠲᠡᠢ ᠣᠯᠠᠨ ᠲᠦᠮᠡᠨ᠎ᠢ ᠲᠤᠰᠠᠯᠠᠬᠤ ᠬᠣᠶᠠᠳᠤᠭ᠋ᠠᠷ ᠪᠦᠯᠦᠭ ᠨᠥᠬᠥᠪᠦᠷᠢ 8.44 ᠳ᠋ᠦᠩᠰᠢᠭᠤᠷ ᠲᠥᠭᠥᠷᠢᠭ ᠪᠠᠭᠤᠯᠭ᠋ᠠᠪᠠ
ᠨᠡᠶᠢᠲᠡᠯᠡᠭᠰᠡᠨ ᠴᠠᠭ᠄ 2025-05-07

    ᠡᠳ᠋᠎ᠤᠨ ᠵᠠᠰᠠᠭ᠎ᠤᠨ ᠶᠠᠮᠤᠨ᠂ ᠠᠷᠠᠳ᠎ᠤᠨ ᠶᠠᠪᠤᠳᠠᠯ᠎ᠤᠨ ᠶᠠᠮᠤᠨ᠎ᠤ᠎ᠬᠢᠨ ᠤᠷᠴᠢᠮ᠎ᠳᠤ 《2025 ᠣᠨ᠎ᠤ ᠲᠥᠪ᠎ᠤᠨ ᠡᠳ᠋᠎ᠤᠨ ᠵᠠᠰᠠᠭ᠎ᠤᠨ ᠬᠦᠴᠢᠷᠳᠡᠯᠲᠡᠢ ᠣᠯᠠᠨ ᠲᠦᠮᠡᠨ᠎ᠢ ᠲᠤᠰᠠᠯᠠᠬᠤ ᠨᠥᠬᠥᠪᠦᠷᠢ ᠵᠢᠨ ᠲᠥᠰᠥᠪ᠎ᠢ ᠪᠠᠭᠤᠯᠭ᠋ᠠᠬᠤ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠮᠠᠨ᠎ᠤ ᠣᠷᠣᠨ᠎ᠤ ᠡᠨᠡ ᠵᠢᠯ᠎ᠤᠨ ᠬᠦᠴᠢᠷᠳᠡᠯᠲᠡᠢ ᠣᠯᠠᠨ ᠲᠦᠮᠡᠨ᠎ᠢ ᠲᠤᠰᠠᠯᠠᠬᠤ ᠬᠣᠶᠠᠳᠤᠭ᠋ᠠᠷ ᠪᠦᠯᠦᠭ᠎ᠤᠨ ᠨᠥᠬᠥᠪᠦᠷᠢ ᠮᠥᠩᠭᠥ ᠵᠢ 8.44 ᠳ᠋ᠦᠩᠰᠢᠭᠤᠷ ᠲᠥᠭᠥᠷᠢᠭ ᠪᠠᠭᠤᠯᠭ᠋ᠠᠭᠰᠠᠨ ᠪᠥᠭᠡᠳ ᠨᠢᠳᠤᠨᠤᠨ᠎ᠤ 12 ᠰᠠᠷ᠎ᠠ᠎ᠳᠤ 50.7 ᠳ᠋ᠦᠩᠰᠢᠭᠤᠷ ᠲᠥᠭᠥᠷᠢᠭ᠎ᠤᠨ ᠨᠥᠬᠥᠪᠦᠷᠢ ᠪᠠᠭᠤᠯᠭ᠋ᠠᠵᠤ᠂ ᠮᠠᠨ᠎ᠤ ᠣᠷᠣᠨ᠎ᠤ 2025 ᠣᠨ᠎ᠤ ᠬᠦᠴᠢᠷᠳᠡᠯᠲᠡᠢ ᠣᠯᠠᠨ ᠲᠦᠮᠡᠨ᠎ᠢ ᠲᠤᠰᠠᠯᠠᠬᠤ ᠨᠥᠬᠥᠪᠦᠷᠢ ᠨᠡᠶ᠋ᠢᠲᠡ 59.14 ᠳ᠋ᠦᠩᠰᠢᠭᠤᠷ ᠲᠥᠭᠥᠷᠢᠭ ᠪᠠᠭᠤᠯᠭ᠋ᠠᠵᠤ᠂ ᠳᠡᠭᠡᠷ᠎ᠡ ᠵᠢᠯ᠎ᠤᠨ᠎ᠬᠢ᠎ᠠᠴᠠ 2.8 ᠳ᠋ᠦᠩᠰᠢᠭᠤᠷ ᠲᠥᠭᠥᠷᠢᠭ ᠨᠡᠮᠡᠭᠳᠡᠨ᠂ ᠨᠡᠮᠡᠭᠳᠡᠯ᠎ᠤᠨ ᠬᠡᠮᠵᠢᠶ᠎ᠡ᠎ᠨᠢ 4.98% ᠬᠦᠷᠴᠡᠢ᠃
   2022 ᠣᠨ᠎ᠠᠴᠠ ᠨᠠᠭ᠋ᠠᠰᠢ ᠮᠠᠨ᠎ᠤ ᠣᠷᠣᠨ᠎ᠤ ᠨᠡᠢ᠌ᠭᠡᠮ᠎ᠤᠨ ᠲᠤᠰᠠᠯᠠᠮᠵᠢ ᠵᠢᠨ ᠠᠵᠢᠯ᠎ᠨᠢ ᠠᠷᠠᠳ᠎ᠤᠨ ᠶᠠᠪᠤᠳᠠᠯ᠎ᠤᠨ ᠶᠠᠮᠤᠨ᠂ ᠡᠳ᠋᠎ᠤᠨ ᠵᠠᠰᠠᠭ᠎ᠤᠨ ᠶᠠᠮᠤᠨ᠎ᠤ ᠬᠦᠴᠢᠷᠳᠡᠯᠲᠡᠢ ᠣᠯᠠᠨ ᠲᠦᠮᠡᠨ᠎ᠢ ᠠᠪᠤᠷᠠᠨ ᠲᠤᠰᠠᠯᠠᠬᠤ ᠠᠵᠢᠯ᠎ᠤᠨ ᠠᠮᠵᠢᠯᠲᠠ ᠪᠦᠲᠦᠮᠵᠢ ᠵᠢᠨ ᠦᠨᠡᠯᠡᠯᠲᠡ᠎ᠳᠤ ᠭᠤᠷᠪᠠᠨ ᠵᠢᠯ ᠳᠠᠷᠠᠭ᠋ᠠᠯᠠᠨ 《ᠰᠢᠯᠢᠳᠡᠭ》 ᠵᠶ᠋ᠡᠷ ᠦᠨᠡᠯᠡᠭᠳᠡᠪᠡ᠃ 2022 ᠣᠨ᠎ᠠᠴᠠ 2025 ᠣᠨ ᠪᠣᠯᠲᠠᠯ᠎ᠠ᠂ ᠲᠥᠪ᠎ᠤᠨ ᠡᠳ᠋᠎ᠤᠨ ᠵᠠᠰᠠᠭ᠎ᠤᠨ ᠬᠦᠴᠢᠷᠳᠡᠯᠲᠡᠢ ᠣᠯᠠᠨ ᠲᠦᠮᠡᠨ᠎ᠢ ᠲᠤᠰᠠᠯᠠᠬᠤ ᠲᠤᠰᠠᠯᠠᠮᠵᠢ ᠵᠢᠨ ᠪᠡᠯᠡ ᠮᠥᠩᠭᠥ ᠵᠢᠨ ᠶᠡᠷᠦᠩᠬᠡᠢ ᠬᠡᠮᠵᠢᠶ᠎ᠡ ᠵᠢ ᠬᠤᠪᠢᠷᠠᠭᠤᠯᠬᠤ ᠦᠭᠡᠢ ᠪᠠᠢ᠌ᠳᠠ᠊᠎ᠳᠤ  ᠵᠢᠯ ᠪᠦᠷᠢ ᠲᠣᠰ ᠲᠣᠰ ᠲᠦᠷᠦᠭᠦᠸ᠋ ᠵᠢᠯ᠎ᠤᠨ᠎ᠬᠢ᠎ᠲᠠᠢ ᠬᠠᠷᠢᠴᠠᠭᠤᠯᠪᠠᠯ ᠮᠠᠨ᠎ᠤ ᠣᠷᠣᠨ᠎ᠤ ᠬᠦᠴᠢᠷᠳᠡᠯᠲᠡᠢ ᠣᠯᠠᠨ ᠲᠦᠮᠡᠨ᠎ᠢ ᠲᠤᠰᠠᠯᠠᠬᠤ ᠲᠤᠰᠠᠯᠠᠮᠵᠢ ᠵᠢᠨ ᠪᠡᠯᠡ ᠮᠥᠩᠭᠥ ᠵᠢ 5.4 ᠳ᠋ᠦᠩᠰᠢᠭᠤᠷ ᠲᠥᠭᠥᠷᠢᠭ᠂ 2.7 ᠳ᠋ᠦᠩᠰᠢᠭᠤᠷ ᠲᠥᠭᠥᠷᠢᠭ᠂ 1.3 ᠳ᠋ᠦᠩᠰᠢᠭᠤᠷ ᠲᠥᠭᠥᠷᠢᠭ ᠪᠠ 2.8 ᠳ᠋ᠦᠩᠰᠢᠭᠤᠷ ᠲᠥᠭᠥᠷᠢᠭ ᠨᠡᠮᠡᠨ ᠥᠭᠴᠦ᠂ ᠨᠡᠮᠡᠭᠳᠡᠭᠰᠡᠨ ᠶᠡᠷᠦᠩᠬᠡᠢ ᠬᠡᠮᠵᠢᠶ᠎ᠡ᠎ᠨᠢ 12.2 ᠳ᠋ᠦᠩᠰᠢᠭᠤᠷ ᠲᠥᠭᠥᠷᠢᠭ᠎ᠲᠤ ᠬᠦᠷᠴᠦ᠂ ᠵᠢᠯ ᠳᠤᠮᠳᠠᠴᠢ ᠵᠢᠨ ᠨᠡᠮᠡᠭᠳᠡᠯ᠎ᠤᠨ ᠬᠡᠮᠵᠢᠶ᠎ᠡ᠎ᠨᠢ 4.2%᠂ ᠲᠥᠪ᠎ᠠᠴᠠ ᠪᠠᠷᠠᠭᠤᠨ ᠣᠷᠣᠨ᠎ᠤ ᠬᠦᠴᠢᠷᠳᠡᠯᠲᠡᠢ ᠣᠯᠠᠨ ᠲᠦᠮᠡᠨ᠎ᠢ  ᠲᠤᠰᠠᠯᠠᠬᠤ ᠲᠤᠰᠠᠯᠠᠮᠵᠢ ᠵᠢᠨ ᠪᠡᠯᠡ ᠮᠥᠩᠭᠥ ᠵᠢᠨ ᠵᠢᠯ ᠳᠤᠮᠳᠠᠴᠢ ᠵᠢᠨ ᠨᠡᠮᠡᠭᠳᠡᠯ᠎ᠤᠨ ᠬᠡᠮᠵᠢᠶ᠎ᠡ᠎ᠠᠴᠠ 3%  ᠥᠨᠳᠥᠷ ᠪᠣᠯᠪᠠ᠃ 


 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠯᠢ ᠺᠸ ᠴᠢᠶᠠᠩ ᠠ᠋ᠮᠨᠡᠵᠤ ᠠᠰᠠᠷᠠᠬᠤ ᠵᠢ ᠤᠶᠠᠯᠳᠤᠭᠤᠯᠬᠤ ᠳᠦᠷᠦᠯ ᠵᠦᠢ᠍ᠯ᠎ᠢ ᠨᠢᠭᠡ ᠴᠤᠩᠬᠤ ᠳᠡᠭᠡᠷ᠎ᠡ ᠬᠦᠢ᠍ᠴᠡᠳᠭᠡᠵᠤ ᠵᠠᠬ᠎ᠠ ᠳᠡᠯᠭᠡᠬᠦᠷ᠎ᠤᠨ ᠭᠤᠤᠯ ᠴᠤᠭᠴᠠ ᠵᠢ ᠨᠠᠭ᠋ᠠᠰᠢ ᠴᠠᠭ᠋ᠠᠰᠢ ᠬᠦᠶᠦᠯᠭᠡᠬᠦ ᠦᠭᠡᠢ ᠪᠤᠯᠭ᠋ᠠᠬᠤ ᠭᠡᠷᠡᠭᠳᠡᠢ ᠭᠡᠵᠡᠢ
ᠤᠯᠠᠭ᠋ᠠᠨᠬᠠᠳᠠ ᠬᠣᠲᠠ ᠵᠢᠨ᠎ᠬᠢᠨ ᠪᠠᠭ᠎ᠠ ᠰᠤᠷᠭ᠋ᠠᠭᠤᠯᠢ ᠵᠢᠨ ᠬᠦᠴᠢᠷᠳᠡᠯ᠎ᠲᠠᠢ ᠬᠡᠤᠬᠡᠳ ᠪᠠ ᠮᠠᠯᠵᠢᠬᠤ ᠲᠠᠷᠢᠶᠠᠯᠠᠬᠤ ᠣᠷᠣᠨ᠎ᠤ ᠭᠡᠷ᠎ᠲᠤ᠎ᠪᠠᠨ ᠦᠯᠡᠳᠡᠭᠰᠡᠨ ᠬᠡᠤᠬᠡᠳ᠎ᠢ ᠬᠠᠯᠠᠮᠵᠢᠯᠠᠨ ᠬᠠᠮᠠᠭ᠋ᠠᠯᠠᠬᠤ 《ᠭᠡᠤᠭᠡᠳ᠎ᠤᠨ ᠭᠡᠷ ᠪᠦᠯᠢ》 ᠪᠠᠢ᠌ᠭᠤᠯᠬᠤ ᠠᠵᠢᠯ᠎ᠢ ᠠᠬᠢᠭᠤᠯᠵᠤ ᠪᠠᠢ᠌ᠨ᠎ᠠ
ᠠᠷᠠᠳ᠎ᠤᠨ ᠶᠠᠪᠤᠳᠠᠯ᠎ᠤᠨ ᠶᠠᠮᠤᠨ᠎ᠤ ᠪᠠᠢ᠌ᠴᠠᠭ᠋ᠠᠨ ᠰᠤᠳᠤᠯᠬᠤ ᠳᠤᠭᠤᠢ᠌ᠯᠠᠩ ᠪᠤᠭᠤᠳᠤ ᠬᠤᠳᠠ ᠵᠢᠨ ᠦᠨᠳᠦᠰᠤᠨ ᠱᠠᠳᠤᠨ᠎ᠤ ᠠᠷᠠᠳ᠎ᠤᠨ ᠶᠠᠪᠤᠳᠠᠯ᠎ᠤᠨ ᠠᠵᠢᠯ᠎ᠢ ᠪᠠᠢ᠌ᠴᠠᠭ᠋ᠠᠨ ᠰᠤᠳᠤᠯᠪᠠ
ᠪᠤᠭᠤᠳᠤ ᠬᠤᠳᠠ ᠵᠢᠨ ᠵᠠᠰᠠᠭ᠎ᠤᠨ ᠤᠷᠳᠤᠨ᠎ᠤ ᠭᠤᠤᠯ ᠤᠳᠤᠷᠢᠳᠤᠯᠭ᠎ᠠ ᠬᠤᠳᠠ ᠵᠢᠨ ᠠᠷᠠᠳ᠎ᠤᠨ ᠶᠠᠪᠤᠳᠠᠯ᠎ᠤᠨ ᠠᠰᠠᠷᠠᠮᠵᠢ ᠵᠢᠨ ᠬᠦᠷᠢᠶᠡᠯᠡᠩ ᠳᠤᠭᠤᠷᠢᠭ᠎ᠤᠨ ᠪᠦᠳᠦᠭᠡᠨ ᠪᠠᠢ᠌ᠭᠤᠯᠤᠯᠳᠠ ᠵᠢᠨ ᠠᠵᠢᠯ᠎ᠢ ᠪᠠᠢ᠌ᠴᠠᠭ᠋ᠠᠨ ᠰᠤᠳᠤᠯᠵᠤ ᠵᠢᠭ᠋ᠠᠨ ᠵᠢᠯᠤᠭᠤᠳᠪᠠ
ᠬᠢᠩᠭ᠋ᠠᠨ ᠠᠢ᠌ᠮᠠᠭ᠎ᠤᠨ᠎ᠬᠢᠨ ᠠᠷᠠᠳ᠎ᠤᠨ ᠶᠠᠪᠤᠳᠠᠯ᠎ᠤᠨ ᠰᠢᠰᠲᠸᠮ᠎ᠤᠨ ᠨᠡᠢ᠌ᠭᠡᠮ᠎ᠤᠨ ᠠᠵᠢᠯᠳᠡᠨ᠎ᠤ ᠴᠢᠳᠠᠪᠤᠷᠢ ᠵᠢ ᠳᠡᠭᠡᠭᠰᠢᠯᠡᠬᠦᠯᠬᠦ ᠪᠤᠯᠪᠠᠰᠤᠷᠠᠯ᠎ᠤᠨ ᠠᠩᠬᠢ ᠠ᠋ᠷᠬᠢᠯᠡᠵᠡᠢ
 
            