ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠡᠶ᠋ᠢᠭᠡᠮ ᠰᠡᠳᠬᠦᠯ   -   ᠳᠤᠮᠳᠠᠲᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤᠳᠬᠠᠶ᠎ᠠ
ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠠᠵᠢᠯ᠎ᠢ ᠴᠢᠩᠭ᠋ᠠᠳᠬᠠᠬᠤ ᠲᠤᠬᠠᠢ ᠰᠣᠨᠢᠨ ᠮᠡᠳᠡᠭᠡ ᠨᠡᠢ᠌ᠲᠡᠯᠡᠬᠦ ᠬᠤᠷᠠᠯ ᠲᠡᠬᠡᠷᠡᠬᠢ ᠥᠪᠥᠷ ᠮᠣᠩᠭᠣᠯ᠎ᠤᠨ ᠲᠧᠯᠸᠢᠰ ᠬᠣᠷᠢᠶᠠᠨ᠎ᠤ ᠰᠤᠷᠪᠤᠯᠵᠢᠯᠠᠭᠴᠢ ᠵᠢᠨ ᠠᠰᠠᠭᠤᠯᠳᠠ᠄
ᠨᠡᠶᠢᠲᠡᠯᠡᠭᠰᠡᠨ ᠴᠠᠭ᠄ 2023-10-12

ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠮᠠᠭ᠋ᠠᠯᠠᠬᠤ ᠠᠵᠢᠯ᠎ᠢ ᠠᠬᠢᠭᠤᠯᠬᠤ ᠵᠢ ᠳᠠᠭ᠋ᠠᠯᠳᠤᠨ ᠤᠷᠴᠢᠮ᠎ᠤᠨ ᠵᠢᠯ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠡᠷᠡᠭᠦᠦ ᠵᠢᠨ ᠬᠠᠤᠯᠢ ᠵᠢᠨ ᠭᠦᠢ᠍ᠴᠡᠳᠬᠡᠬᠦ ᠠᠵᠢᠯᠲᠠᠨ ᠬᠠᠷᠠᠭ᠋ᠠᠯᠵᠠᠨ ᠬᠠᠮᠠᠭ᠋ᠠᠯᠠᠬᠤ᠂ ᠬᠠᠤᠯᠢ ᠴᠠᠭ᠋ᠠᠵᠠ ᠵᠢᠨ ᠲᠤᠰᠠᠯᠠᠮᠵᠢ ᠦᠵᠡᠭᠦᠯᠬᠦ᠂ ᠨᠡᠢ᠌ᠭᠡᠮ ᠲᠣᠭᠣᠷᠢᠭ᠎ᠤᠨ᠎ᠬᠢᠨ ᠵᠠᠰᠠᠷᠠᠭᠤᠯᠬᠤ ᠲᠠᠯ᠎ᠠ᠎ᠪᠠᠷ ᠤᠯᠠᠮ᠎ᠠᠴᠠ ᠤᠯᠠᠮ  ᠠᠩᠬᠠᠷᠴᠤ ᠪᠠᠢ᠌ᠨ᠎ᠠ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ᠎ᠬᠢᠨ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠬᠠᠤᠯᠢ᠎ᠪᠠᠷ ᠵᠠᠰᠠᠬᠤ ᠪᠠᠲᠤᠯᠠᠭ᠎ᠠ ᠵᠢᠨ ᠲᠠᠯ᠎ᠠ᠎ᠪᠠᠷ ᠶᠠᠮᠠᠷ ᠶᠠᠮᠠᠷ ᠪᠣᠳᠠᠲᠠᠢ ᠠᠷᠭ᠎ᠠ   ᠠᠪᠤᠭᠰᠠᠨ ᠪᠤᠯ?


ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠲᠥᠪ᠎ᠤᠨ ᠡᠷᠬᠢᠯᠡᠭᠴᠢ ᠸᠠᠩ ᠪᠢᠨ᠎ᠤ ᠬᠠᠷᠢᠭᠤᠯᠳᠠ᠄
   
     ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ᠎ᠬᠢᠨ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠮᠠᠭ᠋ᠠᠯᠠᠬᠤ ᠠᠵᠢᠯ᠎ᠢ  ᠠᠷᠠᠳ᠎ᠤᠨ ᠠᠮᠢᠳᠤᠷᠠᠯ᠂ ᠠᠷᠠᠳ᠎ᠤᠨ ᠰᠡᠳᠬᠢᠯ᠎ᠤᠨ ᠴᠢᠬᠤᠯᠠ ᠢᠨᠵᠧᠨᠧᠷᠢᠩ᠎ᠤᠨ ᠨᠢᠬᠡ ᠪᠣᠯᠭ᠋ᠠᠵᠤ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠤᠯᠢ᠎ᠪᠠᠷ ᠬᠠᠯᠠᠮᠵᠢᠯᠠᠨ ᠬᠠᠮᠠᠭ᠋ᠠᠯᠠᠬᠤ ᠲᠣᠭᠲᠠᠴᠠ ᠵᠢ ᠦᠷᠭᠦᠯᠵᠢᠯᠡᠨ ᠲᠡᠭᠦᠯᠳᠡᠷᠵᠢᠭᠦᠯᠵᠦ᠂ ᠬᠠᠤᠯᠢ ᠵᠢ ᠲᠦᠭᠡᠮᠡᠯᠵᠢᠭᠦᠯᠬᠦ ᠬᠥᠮᠦᠵᠢᠯ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠢᠯ᠎ᠤᠨ ᠲᠦᠪᠰᠢᠨ᠎ᠢ  ᠴᠢᠷᠮᠠᠢ᠌ᠨ ᠳᠡᠭᠡᠭᠰᠢᠯᠡᠭᠦᠯᠵᠦ᠂ ᠡᠷᠡᠭᠦᠦ ᠰᠢᠢ᠍ᠳᠬᠡᠯ ᠭᠦᠢ᠍ᠴᠡᠳᠬᠡᠵᠦ ᠪᠠᠢ᠌ᠭ᠎ᠠ ᠬᠥᠮᠥᠰ ᠪᠤᠯᠤᠨ ᠬᠣᠣᠷ ᠲᠠᠳᠠᠬᠤ ᠵᠢ᠎ᠨᠢ ᠵᠤᠭᠰᠤᠭ᠋ᠠᠵᠤ ᠪᠠᠢ᠌ᠭ᠎ᠠ ᠬᠦᠮᠦᠰ᠎ᠤᠨ ᠨᠠᠰᠤᠨ᠎ᠳᠤ ᠦᠯᠤ ᠬᠦᠷᠬᠦ ᠦᠷ᠎ᠡ ᠬᠡᠤᠬᠡᠳ᠎ᠢ ᠬᠠᠯᠠᠮᠵᠢᠯᠠᠬᠤ ᠠᠵᠢᠯ᠎ᠢ ᠴᠢᠡᠭᠭ᠋ᠠᠳᠬᠠᠪᠠ᠃
       ᠨᠢᠭᠡ᠎ᠳᠤ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠮᠠᠭ᠋ᠠᠯᠠᠬᠤ ᠲᠤᠬᠠᠢ ᠬᠠᠤᠯᠢ ᠵᠢ ᠲᠦᠭᠡᠮᠡᠯᠵᠢᠭᠦᠯᠬᠦ ᠤᠬᠠᠭᠤᠯᠭ᠎ᠠ ᠬᠦᠮᠤᠵᠢᠯ᠎ᠢ ᠴᠢᠡᠭᠭ᠋ᠠᠳᠬᠠᠪᠠ᠃ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ᠎ᠲᠠᠢ ᠬᠠᠮᠲᠤᠷᠠᠨ 《ᠵᠠᠯᠠᠭᠤᠴᠤᠳ ᠪᠠᠭ᠋ᠠᠴᠤᠳ᠎ᠤᠨ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠠᠵᠢᠯ᠎ᠢ ᠤᠯᠠᠮ ᠴᠢᠩᠭ᠋ᠠᠳᠬᠠᠬᠤ ᠲᠤᠬᠠᠢ ᠰᠠᠨᠠᠯ》᠎ᠢ ᠨᠡᠢ᠌ᠲᠡᠯᠡᠵᠦ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠤᠨ ᠠᠵᠢᠯ᠎ᠢ 《ᠬᠡᠨ ᠬᠠᠤᠯᠢ ᠬᠡᠷᠡᠭᠵᠢᠭᠦᠯᠪᠡᠯ ᠬᠠᠤᠯᠢ ᠵᠢ ᠬᠡᠨ ᠲᠦᠭᠡᠮᠡᠯᠵᠢᠭᠦᠯᠬᠦ》 ᠬᠠᠷᠢᠭᠤᠴᠠᠯᠭ᠎ᠠ ᠵᠢᠨ ᠳᠦᠷᠢᠮ᠎ᠤᠨ ᠰᠢᠯᠭ᠋ᠠᠨ ᠦᠨᠡᠯᠡᠬᠦ ᠬᠡᠪᠴᠢᠶᠡᠨ᠎ᠳᠤ ᠣᠷᠣᠭᠤᠯᠵᠤ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠪᠠᠢ᠌ᠩᠭᠤᠵᠢᠭᠤᠯᠤᠨ ᠥᠷᠨᠢᠭᠦᠯᠬᠦ ᠵᠢ  ᠠᠬᠢᠭᠤᠯᠪᠠ᠃ ᠬᠡᠦᠬᠡᠳ᠎ᠤᠨ ᠪᠡᠶ᠎ᠡ ᠰᠡᠳᠬᠢᠯ᠎ᠤᠨ ᠣᠨᠴᠠᠯᠢᠭ᠎ᠲᠤ ᠴᠢᠭᠯᠡᠭᠦᠯᠦᠨ 50 ᠬᠤᠭᠤᠴᠠᠭ᠋ᠠᠨ᠎ᠤ ᠬᠠᠤᠯᠢ᠎ᠪᠠᠷ ᠵᠠᠰᠠᠬᠤ ᠺᠠᠷᠲ᠋ᠣᠨ ᠺᠢᠨᠣ᠋ 《ᠵᠢᠭ᠋ᠠᠯ ᠰᠸ ᠢᠷᠡᠯ᠎ᠡ》᠂ 100 ᠪᠦᠯᠦᠭᠳᠤ ᠸᠢᠳᠢᠤ᠋ ᠹᠢᠯᠢᠮ 《ᠤᠳᠤ᠎ᠪᠠᠷ ᠵᠶ᠋ᠡᠨ ᠬᠠᠤᠯᠢ ᠶᠠᠷᠢᠶ᠎ᠠ》 ᠵᠢ ᠵᠣᠬᠢᠶᠠᠵᠤ᠂ ᠬᠠᠤᠯᠢ ᠴᠠᠭ᠋ᠠᠵᠠ ᠵᠢᠨ 《ᠦᠷ᠎ᠡ》 ᠵᠢ ᠰᠠᠴᠤᠵᠤ ᠬᠡᠦᠬᠡᠳ᠎ᠤᠨ ᠡᠷᠡᠭᠦᠯ ᠦᠰᠤᠯᠳᠡ᠎ᠳᠤ ᠬᠦᠴᠦᠨ ᠨᠡᠮᠡᠷᠢᠯᠡᠪᠡ᠃ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠬᠠᠤᠯᠢ》 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠨᠠᠰᠤᠨ᠎ᠳᠤ ᠥᠯᠥ ᠭᠦᠷᠦᠭᠰᠡᠳ᠎ᠤᠨ ᠶᠠᠯ᠎ᠠ ᠬᠢᠬᠦ ᠵᠢ ᠰᠡᠷᠭᠡᠢ᠌ᠯᠡᠬᠦ ᠬᠠᠤᠯᠢ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠵᠣᠬᠢᠶᠠᠨ ᠪᠠᠢ᠌ᠭᠤᠯᠤᠨ ᠤᠬᠠᠭᠤᠯᠵᠤ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠬᠠᠤᠯᠢ ᠶᠤᠰᠤᠨ᠎ᠤ ᠡᠷᠬᠡ ᠠᠰᠢᠭ᠎ᠢ ᠬᠠᠮᠠᠭ᠋ᠠᠯᠠᠪᠠ᠃ ᠵᠢᠯ ᠪᠦᠷᠢ ᠵᠢᠨ 《4.15 ᠤᠯᠤᠰ᠎ᠤᠨ ᠠᠮᠤᠷ ᠲᠦᠪᠰᠢᠨ᠎ᠤ ᠬᠥᠮᠦᠵᠢᠯ᠎ᠤᠨ ᠡᠳᠦᠷ》᠂ 《5 ᠳ᠋ᠤᠭ᠋ᠠᠷ ᠰᠠᠷ᠎ᠠ ᠵᠢᠨ ᠢᠷᠭᠡᠨ᠎ᠤ ᠬᠠᠤᠯᠢ ᠵᠢᠨ ᠪᠢᠴᠢᠭ᠎ᠤᠨ ᠤᠬᠠᠭᠤᠯᠭ᠎ᠠ ᠵᠢᠨ ᠰᠠᠷ᠎ᠠ》 《12 ᠳ᠋ᠤᠭ᠋ᠠᠷ ᠰᠠᠷ᠎ᠠ ᠵᠢᠨ ᠦᠨᠳᠦᠰᠦᠨ ᠬᠠᠤᠯᠢ ᠵᠢᠨ ᠤᠬᠠᠭᠤᠯᠭ᠎ᠠ ᠵᠢᠨ ᠭᠠᠷᠠᠭ》 ᠲᠡᠬᠡᠷ᠎ᠡ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ  ᠬᠠᠯᠠᠮᠵᠢᠯᠠᠵᠤ᠂ ᠬᠠᠤᠯᠢ ᠵᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯᠯᠠᠭ᠎ᠠ ᠵᠢ ᠦᠷᠨᠢᠬᠦᠯᠪᠡ᠃ ᠦᠨᠤ ᠵᠢᠯ 《ᠰᠠᠢ᠌ᠨ ᠰᠠᠢ᠌ᠬᠠᠨ ᠠᠮᠢᠳᠤᠷᠠᠯ᠎ᠳᠤ ᠢᠷᠭᠡᠨ᠎ᠤ ᠬᠠᠤᠯᠢ ᠵᠢᠨ ᠪᠢᠴᠢᠭ᠎ᠢ ᠬᠠᠨᠢ ᠪᠤᠯᠤᠨ᠎ᠠ》 ᠬᠡᠬᠦ ᠨᠡᠢ᠌ᠭᠡᠮ ᠲᠣᠭᠣᠷᠢᠭ᠎ᠲᠤ ᠣᠷᠣᠬᠤ ᠠᠵᠢᠯᠯᠠᠭ᠎ᠠ᠎ᠪᠠᠷ 《ᠪᠠᠭ᠋ᠠᠴᠤᠳ ᠬᠡᠦᠬᠡᠳ᠎ᠤᠨ ᠬᠠᠤᠯᠢ ᠵᠢ ᠲᠦᠭᠡᠮᠡᠯᠵᠢᠭᠦᠯᠬᠦ ᠬᠢᠴᠢᠶᠡᠯ》᠎ᠢ ᠲᠣᠬᠢᠷᠠᠭᠤᠯᠵᠤ᠂ ᠥᠪᠥᠷ ᠮᠣᠩᠭᠣᠯ᠎ᠤᠨ ᠲᠧᠯᠸᠢᠰ ᠬᠣᠷᠢᠶᠠᠨ᠎ᠤ ᠪᠠᠭ᠋ᠠᠴᠤᠳ ᠬᠡᠦᠬᠡᠳ᠎ᠤᠨ ᠰᠤᠪᠠᠭ᠎ᠤᠨ᠎ᠬᠢᠨ᠎ᠲᠠᠢ ᠬᠠᠮᠲᠤᠷᠠᠨ ᠵᠠᠯᠠᠭᠤᠴᠤᠳ ᠪᠠᠭ᠋ᠠᠴᠤᠳ᠎ᠤᠨ ᠦᠨᠳᠦᠰᠦᠨ ᠬᠠᠤᠯᠢ ᠵᠢᠨ ᠭᠣᠣᠯ ᠰᠡᠳᠦᠪᠲᠦ ᠤᠬᠠᠭᠤᠯᠭ᠎ᠠ ᠵᠢᠨ ᠣᠨᠴᠠᠭ᠋ᠠᠢ ᠫᠷᠣᠭ᠌ᠷᠠᠮ᠎ᠢ ᠰᠢᠩᠭᠡᠬᠡᠨ ᠦᠢ᠍ᠯᠡᠳᠴᠡᠢ᠃
     ᠬᠣᠶᠠᠷ᠎ᠲᠤ᠂ ᠨᠠᠰᠤᠨ᠎ᠳᠤ ᠥᠯᠥ ᠭᠦᠷᠦᠭᠰᠡᠳ᠎ᠲᠤ ᠬᠠᠤᠯᠢ ᠴᠠᠭ᠋ᠠᠵᠨ ᠵᠢᠨ ᠲᠤᠰᠠᠯᠠᠮᠵᠢ ᠦᠵᠡᠬᠦᠯᠬᠦ ᠠᠵᠢᠯ᠎ᠢ ᠴᠢᠡᠭᠭ᠋ᠠᠳᠬᠠᠪᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠪᠠᠢ᠌ᠭᠤᠯᠤᠮᠵᠢ᠎ᠨᠢ ᠨᠠᠰᠤᠨ᠎ᠳᠤ ᠥᠯᠥ ᠭᠦᠷᠦᠭᠰᠡᠳ᠎ᠤᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠡᠷᠬᠡ᠎ᠪᠠᠨ ᠬᠠᠮᠠᠭ᠋ᠠᠯᠠᠬᠤ ᠲᠤᠬᠳᠠᠴᠨ ᠵᠢ ᠢᠳᠡᠪᠬᠢᠳᠡᠢ ᠰᠢᠨᠡᠴᠢᠯᠡᠨ ᠰᠦᠪᠡᠭᠴᠢᠯᠡᠪᠡ᠃ ᠪᠥᠬᠥ ᠣᠷᠣᠨ᠎ᠤ ᠡᠯ᠎ᠡ ᠱᠠᠲᠤᠨ᠎ᠤ ᠬᠠᠤᠯᠢ᠎ᠪᠠᠷ ᠲᠤᠰᠠᠯᠠᠬᠤ ᠪᠠᠢ᠌ᠭᠤᠯᠤᠮᠵᠢ᠎ᠨᠤᠭᠤᠳ 《6 · 1》᠎ᠤ ᠬᠡᠦᠬᠡᠳ᠎ᠤᠨ ᠪᠠᠶᠠᠷ᠎ᠲᠠᠢ ᠤᠶᠠᠯᠳᠤᠭᠤᠯᠤᠨ᠂ ᠬᠠᠤᠯᠢ ᠵᠢ ᠰᠤᠷᠭ᠋ᠠᠭᠤᠯᠢ ᠵᠢᠨ ᠬᠦᠷᠢᠶᠡᠨ᠎ᠳᠤ ᠬᠦᠷᠭᠡᠬᠦ᠂ ᠨᠡᠢ᠌ᠭᠡᠮ ᠲᠣᠭᠣᠷᠢᠭ᠎ᠲᠤ ᠬᠦᠷᠭᠡᠬᠦ᠂ ᠬᠥᠳᠡᠭᠡ ᠲᠣᠰᠬᠣᠨ᠎ᠳᠤ ᠬᠦᠷᠭᠡᠬᠦ ᠵᠡᠷᠭᠡ ᠠᠵᠢᠯᠯᠠᠭ᠎ᠠ ᠵᠢ ᠶᠡᠬᠡ᠎ᠪᠠᠷ ᠥᠷᠨᠢᠭᠦᠯᠵᠦ᠂ ᠰᠢᠨ᠎ᠡ ᠵᠠᠭᠤᠴᠢᠯᠠᠭᠤᠷ᠎ᠢ ᠭᠦᠢ᠍ᠴᠡᠳ ᠬᠡᠷᠡᠭᠯᠡᠨ᠂ 《ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠠᠤᠯᠢ》 ᠵᠢ ᠢᠳᠡᠪᠬᠢᠲᠡᠢ ᠤᠬᠠᠭᠤᠯᠵᠤ᠂ ᠬᠠᠤᠯᠢ ᠴᠠᠭ᠋ᠠᠵᠠ ᠵᠢᠨ ᠲᠤᠰᠠᠯᠠᠮᠵᠢ ᠵᠢ ᠨᠡᠡᠭ ᠤᠯᠠᠨ ᠨᠠᠰᠤᠨ᠎ᠳᠤ ᠥᠯᠥ ᠭᠦᠷᠦᠭᠰᠡᠳ᠎ᠲᠤ ᠮᠡᠳᠡᠬᠦᠯᠪᠡ᠃ ᠳᠣᠲᠣᠭ᠋ᠠᠳᠤ ᠵᠢ ᠬᠠᠮᠠᠭ᠋ᠠᠯᠠᠬᠤ᠂ ᠪᠠᠢ᠌ᠴᠠᠭ᠋ᠠᠬᠤ ᠬᠤᠷᠢᠶ᠎ᠠ᠂ ᠰᠢᠭᠦᠬᠦ ᠬᠤᠷᠢᠶ᠎ᠠ ᠵᠡᠷᠬᠡ ᠰᠠᠯᠠᠭ᠎ᠠ ᠮᠥᠴᠢᠷ᠎ᠯᠦᠭᠡ ᠵᠢᠨ ᠨᠡᠪᠲᠡᠷᠡᠯᠴᠡᠭᠡ ᠵᠣᠬᠢᠴᠠᠭᠤᠯᠭ᠎ᠠ᠎ᠪᠠᠨ ᠰᠠᠨᠠᠭ᠋ᠠᠴᠢᠯᠠᠭ᠎ᠠ᠎ᠠᠴᠠ᠎ᠪᠠᠨ ᠴᠢᠩᠭ᠋ᠠᠳᠬᠠᠵᠤ᠂ ᠨᠠᠰᠤᠨ᠎ᠳᠤ ᠥᠯᠥ ᠭᠦᠷᠦᠭᠰᠡᠳ᠎ᠤᠨ ᠡᠷᠡᠭᠦᠦ ᠵᠢᠨ ᠬᠡᠷᠡᠭ᠎ᠤᠨ ᠮᠡᠳᠡᠭᠳᠡᠯ᠎ᠤᠨ ᠥᠮᠥᠭᠯᠡᠬᠦ ᠬᠡᠷᠡᠭ ᠪᠤᠯᠤᠨ  ᠬᠠᠤᠯᠢ ᠴᠠᠭ᠋ᠠᠵᠠ ᠵᠢᠨ ᠲᠤᠰᠠᠯᠠᠮᠵᠢ ᠭᠤᠶᠤᠴᠢᠯᠠᠭᠰᠠᠨ ᠬᠡᠷᠡᠭ᠎ᠤᠨ ᠲᠤᠰᠢᠶᠠᠬᠤ ᠪᠠ ᠭᠥᠯᠢᠶᠡᠨ ᠠᠪᠬᠤ ᠭᠠᠷᠳᠠᠮ᠎ᠢ ᠰᠢᠯᠵᠢᠬᠦᠯᠬᠦ ᠠᠵᠢᠯ᠎ᠢ ᠰᠢᠯᠤᠭᠤᠳᠬᠠᠪᠠ᠃ ᠨᠠᠰᠤᠨ᠎ᠳᠤ ᠥᠯᠥ ᠭᠦᠷᠦᠭᠰᠡᠳ᠎ᠲᠤ ᠬᠠᠤᠯᠢ ᠴᠠᠭ᠋ᠠᠵᠠ ᠵᠢᠨ ᠲᠤᠰᠠᠯᠠᠮᠵᠢ ᠦᠵᠡᠭᠦᠯᠬᠦ 《ᠰᠠᠭ᠋ᠠᠳ ᠨᠡᠪᠲᠡᠷᠡᠬᠦ ᠵᠠᠮ》᠎ᠢ ᠨᠡᠭᠡᠭᠡᠵᠦ᠂ 《  ᠤᠷᠢᠳ ᠵᠶ᠋ᠡᠷ ᠲᠣᠬᠢᠷᠠᠭᠤᠯᠬᠤ᠂  ᠤᠢ᠌ᠳ ᠵᠶ᠋ᠡᠷ ᠭᠦᠢ᠍ᠴᠡᠳᠬᠡᠬᠦ᠂ ᠴᠢᠨᠠᠷ ᠰᠠᠢ᠌ᠲᠠᠢ ᠦᠢ᠍ᠯᠡᠴᠢᠯᠡᠬᠦ》 《ᠭᠤᠷᠪᠠᠨ ᠰᠢᠯᠢᠳᠡᠭ》᠎ᠤᠨ ᠵᠠᠷᠴᠢᠮ᠎ᠢ ᠵᠢᠷᠤᠮᠯᠠᠪᠠ᠃ ᠳᠣᠲᠣᠭ᠋ᠠᠳᠤ ᠵᠢ ᠬᠠᠮᠠᠭ᠋ᠠᠯᠠᠬᠤ᠂ ᠪᠠᠢ᠌ᠴᠠᠭ᠋ᠠᠬᠤ ᠬᠤᠷᠢᠶ᠎ᠠ᠂ ᠰᠢᠭᠦᠬᠦ ᠬᠣᠷᠢᠶ᠎ᠠ ᠵᠢᠨ᠎ᠬᠢᠨ᠎ᠠᠴᠠ ᠥᠮᠥᠭᠯᠡᠭᠦᠯᠬᠦ᠎ᠪᠠᠷ ᠮᠡᠳᠡᠭᠳᠡᠭᠰᠡᠨ ᠨᠠᠰᠤᠨ᠎ᠳᠤ ᠦᠯᠤ ᠬᠥᠷᠦᠭᠰᠡᠳ᠎ᠤᠨ ᠡᠷᠡᠭᠦᠦ ᠵᠢᠨ ᠬᠡᠷᠡᠭ᠎ᠲᠤ ᠨᠠᠰᠤᠨ᠎ᠳᠤ ᠦᠯᠤ ᠬᠥᠷᠦᠭᠰᠡᠳ᠎ᠤᠨ ᠰᠡᠳᠬᠢᠴᠡ ᠵᠢᠨ ᠣᠨᠴᠠᠯᠢᠭ᠎ᠢ ᠰᠠᠢ᠌ᠨ ᠮᠡᠳᠡᠳᠡᠭ᠂ ᠬᠡᠷᠡᠭ ᠰᠢᠢ᠍ᠳᠪᠦᠷᠢᠯᠡᠬᠦ ᠲᠤᠷᠰᠢᠯᠭ᠎ᠠ᠎ᠪᠠᠷ ᠪᠠᠶᠠᠯᠢᠭ ᠬᠠᠤᠯᠢᠴᠢ ᠵᠢ ᠲᠡᠷᠡ ᠳᠠᠷᠤᠢ᠎ᠳᠤ᠎ᠨᠢ  ᠲᠣᠮᠢᠯᠠᠨ ᠥᠮᠥᠭᠯᠡᠭᠴᠢ ᠪᠣᠯᠭ᠋ᠠᠵᠤ᠂ 《ᠲᠤᠰᠠᠯᠠᠪᠠᠯ ᠵᠣᠬᠢᠬᠤ ᠵᠢ᠎ᠨᠢ ᠴᠥᠮ ᠲᠤᠰᠠᠯᠠᠵᠤ᠂ ᠲᠤᠰᠠᠯᠠᠪᠠᠯ ᠵᠣᠬᠢᠬᠤ ᠵᠢ᠎ᠨᠢ ᠵᠠᠪᠠᠯ ᠲᠤᠰᠠᠯᠠᠬᠤ》 ᠵᠢ ᠪᠡᠶᠡᠯᠡᠭᠦᠯᠪᠡ᠃ ᠥᠪᠥᠷ ᠮᠣᠩᠭᠣᠯ᠎ᠤᠨ 《12348》 ᠣᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ  ᠪᠠᠢ᠌ᠡᠭᠭᠤ ᠵᠢᠨ ᠲᠠᠪᠴᠠᠩ ᠬᠢᠭᠡᠳ ᠥᠪᠥᠷ ᠮᠣᠩᠭᠣᠯ᠎ᠤᠨ 12355 ᠵᠠᠯᠠᠭᠤᠴᠤᠳ ᠪᠠᠭ᠋ᠠᠴᠤᠳ᠎ᠤᠨ ᠦᠢ᠍ᠯᠡᠴᠢᠯᠡᠭᠡᠨ᠎ᠤ ᠲᠠᠪᠴᠠᠩ᠎ᠤᠨ ᠬᠣᠯᠪᠣᠯᠳᠤᠨ ᠨᠡᠪᠲᠡᠷᠡᠯᠴᠡᠬᠦ ᠵᠢᠨ ᠰᠢᠨ᠎ᠡ ᠵᠢ ᠡᠭᠦᠳᠦᠨ᠂ ᠨᠠᠰᠤᠨ᠎ᠳᠤ ᠥᠯᠥ ᠭᠦᠷᠦᠭᠰᠡᠳ᠎ᠤᠨ ᠬᠠᠤᠯᠢ ᠴᠠᠭ᠋ᠠᠵᠠ ᠵᠢᠨ ᠯᠠᠪᠯᠠᠯᠭ᠎ᠠ ᠵᠢ ᠲᠡᠷᠡ ᠳᠠᠷᠤᠢ᠎ᠳᠤ᠎ᠨᠢ ᠭᠥᠯᠢᠶᠡᠨ ᠠᠪᠴᠤ᠂ ᠵᠠᠯᠠᠭᠤᠴᠤᠳ ᠪᠠᠭ᠋ᠠᠴᠤᠳ᠎ᠲᠤ ᠬᠠᠤᠯᠢ ᠴᠠᠭ᠋ᠠᠵᠠ ᠵᠢᠨ ᠬᠠᠪᠰᠤᠷᠤᠯᠭ᠎ᠠ ᠬᠠᠩᠭ᠋ᠠᠬᠤ᠎ᠪᠠᠷ ᠪᠠᠷᠠᠬᠤ ᠦᠭᠡᠢ ᠨᠠᠩ ᠴᠤ᠌ ᠵᠠᠯᠠᠭᠤᠴᠤᠳ ᠪᠠᠭ᠋ᠠᠴᠤᠳ᠎ᠲᠤ ᠰᠡᠳᠬᠢᠴᠡ ᠵᠢᠨ ᠵᠢᠯᠣᠭᠣᠳᠤᠯᠭ᠎ᠠ  ᠬᠠᠡᠭᠭ᠋ᠠᠪᠠ᠃ 《ᠢᠨᠲ᠋ᠧᠷ ᠰᠦᠯᠵᠢᠶ᠎ᠡ +》 ᠠᠷᠭ᠎ᠠ ᠎ᠪᠠᠷ ᠨᠠᠰᠤᠨ᠎ᠳᠤ ᠥᠯᠥ ᠭᠦᠷᠦᠭᠰᠡᠳ᠎ᠤᠨ ᠵᠥᠷᠢᠴᠡᠯ ᠵᠢᠭᠤᠷᠠᠯᠳᠤᠭ᠋ᠠᠨ᠎ᠢ ᠠᠷᠢᠯᠭ᠋ᠠᠵᠤ᠂ ᠢᠯᠡᠳᠲᠡ ᠨᠡᠢ᠌ᠭᠡᠮ᠎ᠤᠨ ᠦᠷ᠎ᠡ ᠪᠦᠲᠦᠮᠵᠢ ᠣᠯᠪᠠ᠃
   ᠭᠤᠷᠪᠠ᠎ᠳᠤ᠂ ᠡᠷᠡᠭᠦᠦ ᠵᠢᠨ ᠰᠢᠢ᠍ᠳᠬᠡᠯ ᠭᠦᠢ᠍ᠴᠡᠳᠬᠡᠭᠰᠡᠳ᠂ ᠠᠯᠪᠠᠳᠠᠯᠭ᠎ᠠ᠎ᠪᠠᠷ ᠲᠤᠰᠠᠭ᠋ᠠᠷᠯᠠᠵᠤ ᠬᠣᠣᠷ ᠲᠠᠳᠠᠬᠤ ᠵᠢ᠎ᠨᠢ ᠵᠤᠭᠰᠤᠭ᠋ᠠᠵᠤ ᠪᠠᠢ᠌ᠭ᠎ᠠ ᠬᠥᠮᠥᠰ᠎ᠤᠨ ᠭᠡᠷ ᠪᠦᠯᠢ ᠵᠢᠨ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠷᠠᠭ᠋ᠠᠯᠵᠠᠨ ᠬᠠᠮᠠᠭ᠋ᠠᠯᠠᠬᠤ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠵᠤ᠂ ᠨᠡᠢ᠌ᠭᠡᠮ ᠲᠣᠭᠣᠷᠢᠭ᠎ᠤᠨ ᠵᠠᠰᠠᠨ ᠵᠠᠯᠠᠷᠠᠭᠤᠯᠵᠤ ᠪᠠᠢ᠌ᠭ᠎ᠠ ᠨᠠᠰᠤᠨ᠎ᠳᠤ ᠦᠯᠦ  ᠬᠦᠷᠦᠭᠰᠡᠳ᠎ᠢ ᠬᠠᠯᠠᠮᠵᠢᠯᠠᠨ ᠲᠡᠳᠬᠦᠬᠦ ᠵᠢ ᠠᠵᠢᠯ᠎ᠢ ᠴᠢᠡᠭᠭ᠋ᠠᠳᠬᠠᠪᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠢᠨᠳᠠᠨ᠎ᠤ ᠰᠢᠰᠲ᠋ᠧᠮ᠎ᠤᠨ᠎ᠬᠢᠨ 《ᠨᠡᠷᠡᠨ ᠬᠡᠷᠡᠯᠳᠦ ᠰᠦᠶ᠎ᠡ》 ᠬᠡᠬᠦ ᠶᠠᠯᠠᠲᠠᠨ᠎ᠤ ᠨᠠᠰᠤᠨ᠎ᠳᠤ ᠬᠦᠷᠤᠬᠡᠳᠤᠢ ᠦᠷ᠎ᠡ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠠᠵᠢᠯᠯᠠᠭ᠎ᠠ ᠵᠢ ᠢᠳᠡᠪᠬᠢᠲᠡᠢ ᠥᠷᠨᠢᠭᠦᠯᠵᠦ᠂ ᠪᠣᠳᠠᠲᠠᠢ ᠪᠠᠢ᠌ᠳᠠᠯ᠎ᠤᠨ ᠲᠣᠭᠣᠷᠢᠨ᠎ᠳᠤ 《ᠨᠢᠭᠡ᠎ᠳᠤ ᠨᠢᠭᠡ》 ᠵᠢᠨ ᠬᠣᠣᠰᠯᠠᠯ ᠪᠠᠢ᠌ᠭᠤᠯᠤᠨ ᠲᠡᠳᠬᠦᠵᠤ᠂ ᠶᠠᠯᠠᠲᠠᠨ᠎ᠤ ᠨᠠᠰᠤᠨ᠎ᠳᠤ ᠬᠦᠷᠤᠬᠡᠳᠤᠢ ᠦᠷ᠎ᠡ ᠬᠡᠦᠬᠡᠳ᠎ᠢ ᠰᠤᠷᠭ᠋ᠠᠨ ᠬᠥᠮᠦᠵᠢᠯ᠂ ᠰᠡᠳᠬᠢᠴᠡ᠂ ᠠᠮᠢᠳᠤᠷᠠᠯ ᠵᠡᠷᠭᠡ ᠲᠠᠯ᠎ᠠ᠎ᠪᠠᠷ ᠬᠠᠪᠰᠤᠷᠪᠠ ᠬᠠᠩᠭ᠋ᠠᠪᠠ᠃ ᠡᠯ᠎ᠡ ᠬᠣᠷᠢᠭᠤᠯ᠎ᠤᠨ ᠭᠠᠵᠠᠷ᠎ᠤᠨ᠎ᠬᠢᠨ ᠲᠦᠷᠦᠯ ᠰᠠᠳᠤᠨ᠎ᠲᠠᠢ᠎ᠪᠠᠨ ᠠᠭᠤᠯᠵᠠᠬᠤ᠂ ᠬᠠᠢ᠌ᠷ᠎ᠠ ᠰᠡᠳᠬᠢᠯᠬᠡ ᠵᠢᠨ ᠬᠠᠯᠠᠮᠵᠢ ᠬᠦᠷᠳᠡᠬᠡᠬᠦ᠂ ᠬᠣᠣᠰᠯᠠᠨ ᠲᠡᠳᠬᠦᠬᠦ ᠵᠡᠷᠭᠡ ᠬᠡᠯᠪᠡᠷᠢ᠎ᠪᠠᠷ ᠲᠦᠷᠦᠯ ᠰᠠᠳᠤᠨ᠎ᠤ᠎ᠪᠠᠨ ᠬᠠᠢ᠌ᠷ᠎ᠠ ᠰᠡᠳᠬᠢᠯᠭᠡ ᠵᠢ ᠳᠠᠮᠵᠢᠭᠤᠯᠵᠤ᠂ ᠬᠣᠯᠪᠣᠭ᠎ᠠ ᠲᠠᠰᠤᠷᠠᠬᠤ ᠦᠭᠡᠢ ᠪᠠᠢ᠌ᠬᠤ ᠵᠢ ᠪᠠᠲᠤᠯᠠᠵᠠᠢ᠃  ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠬᠣᠣᠷ ᠲᠠᠲᠠᠬᠤ ᠵᠢ ᠵᠣᠭᠰᠤᠭ᠋ᠠᠬᠤ ᠰᠢᠰᠲ᠋ᠧᠮ᠎ᠤᠨ᠎ᠬᠢᠨ ᠠᠯᠪᠠᠳᠠᠯᠭ᠎ᠠ᠎ᠪᠠᠷ ᠲᠤᠰᠠᠭ᠋ᠠᠷᠯᠠᠵᠤ ᠬᠣᠣᠷ ᠲᠠᠳᠠᠬᠤ ᠵᠢ᠎ᠨᠢ ᠵᠤᠬᠰᠤᠭ᠋ᠠᠵᠤ ᠪᠠᠢ᠌ᠭ᠎ᠠ ᠬᠥᠮᠥᠰ᠎ᠤᠨ ᠬᠢᠨᠠᠨ ᠬᠠᠮᠠᠭ᠋ᠠᠯᠠᠭᠴᠢ ᠳᠤᠲᠠᠭᠳᠠᠵᠤ ᠪᠠᠢ᠌ᠭ᠎ᠠ ᠨᠠᠰᠤᠨ᠎ᠳᠤ ᠬᠦᠷᠦᠭᠡᠳᠦᠶ ᠦᠷ᠎ᠡ ᠬᠡᠦᠬᠡᠳ᠎ᠢ ᠨᠠᠷᠢᠯᠢᠭ ᠣᠨᠣᠴᠠᠲᠠᠢ ᠵᠢᠭᠰᠠᠭ᠋ᠠᠨ ᠪᠠᠢ᠌ᠴᠠᠭ᠋ᠠᠵᠤ᠂ ᠣᠯᠠᠨ ᠲᠠᠯ᠎ᠠ᠎ᠪᠠᠷ ᠬᠣᠯᠪᠤᠭ᠋ᠠᠯᠠᠨ ᠬᠥᠳᠡᠯᠦᠯᠴᠡᠵᠦ᠂ ᠲᠣᠭᠲᠠᠮᠠᠯ ᠬᠤᠭᠤᠴᠠᠭ᠎ᠠ᠎ᠲᠠᠢ᠎ᠪᠠᠷ 《ᠭᠡᠷ᠎ᠲᠤ ᠬᠦᠷᠴᠤ ᠰᠤᠷᠪᠤᠯᠵᠢᠯᠠᠨ ᠲᠡᠳᠬᠦᠬᠦ᠂ ᠶᠠᠷᠢᠯᠴᠠᠭ᠎ᠠ ᠬᠢᠵᠦ ᠰᠡᠳᠬᠢᠯ᠎ᠢ ᠳᠤᠯᠠᠭ᠋ᠠᠴᠠᠭᠤᠯᠬᠤ》 ᠠᠵᠢᠯᠯᠠᠭ᠎ᠠ ᠵᠢ ᠥᠷᠨᠢᠭᠦᠯᠵᠦ᠂ ᠬᠣᠣᠷ ᠲᠠᠳᠠᠬᠤ ᠵᠢ᠎ᠨᠢ ᠵᠣᠭᠰᠤᠭ᠋ᠠᠬᠤ ᠲᠠᠯᠠᠪᠤᠷ᠎ᠤᠨ᠎ᠬᠢᠨ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠂ ᠲᠣᠮᠢᠯᠠᠭᠰᠠᠨ ᠰᠠᠯᠪᠤᠷᠢ᠂ ᠲᠣᠰᠬᠣᠨ᠎ᠤ ᠠᠷᠠᠳ᠎ᠤᠨ ᠵᠥᠪᠯᠡᠯ ᠵᠡᠷᠭᠡ ᠰᠠᠯᠠᠭ᠎ᠠ ᠮᠥᠴᠢᠷ᠎ᠤᠨ᠎ᠬᠢᠨ᠎ᠲᠠᠢ ᠰᠠᠨᠠᠭ᠋ᠠᠴᠢᠯᠠᠭ᠎ᠠ᠎ᠠᠴᠠ᠎ᠪᠠᠨ ᠵᠣᠬᠢᠴᠠᠭᠤᠯᠵᠤ᠂ ᠬᠠᠤᠯᠢ ᠴᠠᠭ᠋ᠠᠵᠠ ᠵᠢᠨ ᠠᠪᠤᠷᠠᠨ ᠲᠤᠰᠠᠯᠠᠯᠲᠠ ᠬᠢᠭᠡᠳ ᠨᠡᠢ᠌ᠭᠡᠮ᠎ᠤᠨ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠵᠢ ᠪᠦᠲᠦᠮᠵᠢᠲᠡᠶ ᠵᠣᠯᠭ᠋ᠠᠭᠤᠯᠬᠤ ᠵᠢ ᠠᠬᠢᠭᠤᠯᠵᠤ᠂ ᠠᠯᠪᠠᠳᠠᠯᠭ᠎ᠠ᠎ᠪᠠᠷ ᠬᠣᠣᠷ ᠲᠠᠳᠠᠬᠤ  ᠵᠢ᠎ᠨᠢ ᠵᠤᠬᠰᠤᠭ᠋ᠠᠵᠤ ᠪᠠᠢ᠌ᠭ᠎ᠠ ᠬᠦᠮᠦᠰ᠎ᠤᠨ ᠠᠰᠠᠷᠠᠨ ᠲᠡᠵᠢᠭᠡᠬᠦ ᠬᠥᠮᠥᠨ ᠦᠭᠡᠢ ᠦᠷ᠎ᠡ ᠬᠡᠦᠬᠡᠳ᠎ᠲᠤ ᠬᠠᠤᠯᠢ᠎ᠪᠠᠷ ᠵᠠᠰᠠᠬᠤ ᠤᠬᠠᠭᠤᠯᠭ᠎ᠠ᠂ ᠰᠤᠷᠤᠯᠴᠠᠯᠭ᠎ᠠ ᠵᠢᠨ ᠳᠡᠮᠵᠢᠯᠭᠡ᠂ ᠰᠡᠳᠬᠢᠴᠡ ᠵᠢᠨ ᠵᠢᠯᠣᠭᠣᠳᠤᠯᠭ᠎ᠠ ᠵᠡᠷᠭᠡ ᠠᠵᠢᠯ᠎ᠢ ᠰᠠᠢ᠌ᠲᠤᠷ ᠬᠢᠵᠦ᠂ ᠲᠡᠳᠡᠨ᠎ᠤ ᠨᠠᠰᠤᠨ᠎ᠳᠤ ᠬᠦᠷᠤᠬᠡᠳᠤᠢ ᠦᠷ᠎ᠡ ᠬᠡᠦᠬᠡᠳ᠎ᠢ ᠨᠠᠩ ᠰᠠᠢ᠌ᠲᠤᠷ ᠲᠡᠳᠬᠦᠵᠦ ᠲᠤᠰᠠᠯᠠᠪᠠ᠃ ᠪᠥᠬᠥ ᠣᠷᠣᠨ᠎ᠤ ᠡᠯ᠎ᠡ ᠱᠠᠲᠤᠨ᠎ᠤ ᠨᠡᠢ᠌ᠭᠡᠮ ᠲᠣᠭᠣᠷᠢᠭ᠎ᠤᠨ ᠵᠠᠯᠠᠷᠠᠭᠤᠯᠬᠤ ᠪᠠᠢ᠌ᠭᠤᠯᠤᠮᠵᠢ᠎ᠨᠢ ᠨᠡᠢ᠌ᠭᠡᠮ ᠲᠣᠭᠣᠷᠢᠭ᠎ᠤᠨ ᠵᠠᠰᠠᠨ ᠵᠠᠯᠠᠷᠠᠭᠤᠯᠵᠤ ᠪᠠᠢ᠌ᠭ᠎ᠠ ᠨᠠᠰᠤᠨ᠎ᠳᠤ ᠬᠦᠷᠤᠬᠡᠳᠤᠢ  ᠬᠡᠤᠬᠡᠳ᠎ᠤᠨ ᠨᠠᠰᠤ ᠵᠢᠯ᠂ ᠰᠡᠳᠬᠢᠴᠡ ᠵᠢᠨ ᠣᠨᠴᠠᠯᠢᠭ᠂ ᠦᠰᠦᠨ ᠪᠣᠢ᠌ᠵᠢᠭᠰᠠᠨ ᠥᠩᠭᠡᠷᠡᠯᠲᠡ᠂ ᠶᠠᠯ᠎ᠠ ᠬᠢᠭᠰᠡᠨ ᠰᠢᠯᠲᠠᠭ᠋ᠠᠨ᠂ ᠭᠡᠷ ᠪᠦᠯᠢ ᠵᠢᠨ ᠬᠠᠷᠠᠭ᠋ᠠᠯᠵᠠᠨ ᠬᠠᠮᠠᠭ᠋ᠠᠯᠠᠬᠤ ᠰᠤᠷᠭ᠋ᠠᠨ ᠬᠥᠮᠦᠵᠢᠯ᠎ᠤᠨ ᠨᠥᠬᠥᠴᠡᠯ ᠵᠡᠷᠭᠡ ᠪᠠᠢ᠌ᠳᠠᠯ᠎ᠢ ᠦᠨᠳᠦᠰᠦᠯᠡᠨ᠂ ᠪᠣᠳᠠᠲᠠᠢ ᠬᠡᠷᠡᠭᠵᠢᠭᠦᠯᠵᠦ ᠪᠣᠯᠬᠤᠢ᠌ᠴᠠ ᠬᠠᠪᠰᠤᠷᠤᠨ ᠲᠡᠳᠬᠦᠬᠦ ᠬᠠᠮᠢᠶᠠᠷᠤᠯᠲᠠ ᠵᠢᠨ ᠠᠷᠭ᠎ᠠ ᠵᠢ ᠰᠤᠳᠤᠯᠤᠨ ᠲᠣᠭᠲᠠᠭ᠋ᠠᠵᠤ᠂ ᠬᠠᠮᠢᠶᠠᠷᠤᠯᠲᠠ ᠵᠢᠨ ᠲᠣᠭᠲᠠᠭ᠋ᠠᠯ᠎ᠢ ᠪᠣᠳᠠᠲᠠᠢ᠎ᠳᠤ ᠨᠠᠢ᠌ᠳᠠᠪᠤᠷᠢᠵᠢᠭᠤᠯᠤᠨ᠂ ᠲᠡᠳᠡᠨ᠎ᠤ ᠳᠦᠷᠢᠮ ᠰᠠᠬᠢᠯᠭ᠎ᠠ ᠵᠢ ᠵᠢᠷᠤᠮᠯᠠᠬᠤ ᠦᠵᠡᠯ ᠤᠬᠠᠮᠰᠠᠷ᠎ᠢ  ᠲᠡᠭᠡᠭᠰᠢᠯᠡᠬᠦᠯᠪᠡ᠃ ᠡᠯ᠎ᠡ ᠲᠠᠯ᠎ᠠ ᠵᠢᠨ᠎ᠬᠢᠨ᠎ᠤ ᠳᠡᠮᠵᠢᠯᠭᠡ ᠵᠢ ᠣᠯᠬᠤ᠎ᠪᠠᠷ ᠢᠳᠡᠪᠬᠢᠲᠡᠢ ᠴᠢᠷᠮᠠᠢ᠌ᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠰᠡᠳᠬᠢᠴᠡ ᠵᠢᠨ ᠵᠥᠪᠯᠡᠯᠭᠡ ᠥᠭᠭᠦᠭᠴᠢ ᠵᠢ ᠤᠷᠢᠵᠤ ᠰᠡᠳᠬᠢᠴᠡ ᠵᠢᠨ ᠵᠥᠪᠯᠡᠯᠭᠡ ᠥᠭᠬᠦ ᠠᠵᠢᠯᠯᠠᠭ᠎ᠠ ᠥᠷᠨᠢᠭᠦᠯᠦᠨ᠂ ᠨᠡᠢ᠌ᠭᠡᠮ ᠲᠣᠭᠣᠷᠢᠭ᠎ᠤᠨ ᠵᠠᠰᠠᠨ ᠵᠠᠯᠠᠷᠠᠭᠤᠯᠵᠤ ᠪᠠᠢ᠌ᠭ᠎ᠠ ᠨᠠᠰᠤᠨ᠎ᠳᠤ ᠬᠦᠷᠦᠭᠡᠳᠦᠢ ᠬᠡᠤᠬᠡᠳ᠎ᠢ᠎ᠢ ᠬᠠᠪᠰᠤᠷᠤᠨ ᠰᠡᠳᠬᠢᠴᠡ ᠵᠢᠨ ᠠᠰᠠᠭᠤᠳᠠᠯ ᠪᠠ ᠠᠮᠢᠳᠤᠷᠠᠯ᠎ᠤᠨ ᠠᠰᠠᠭᠤᠳᠠᠯ᠎ᠢ᠎ᠨᠢ ᠰᠢᠢ᠍ᠳᠪᠦᠷᠢᠯᠡᠵᠦ᠂ ᠲᠡᠳᠡᠨ᠎ᠢ ᠬᠠᠪᠰᠤᠷᠤᠨ ᠪᠤᠷᠤᠭᠤ᠎ᠪᠠᠨ ᠬᠠᠯᠠᠵᠤ ᠵᠠᠰᠠᠷᠠᠬᠤ ᠢᠲᠡᠭᠡᠯ᠎ᠢ᠎ᠨᠢ ᠪᠤᠢ ᠪᠣᠯᠭ᠋ᠠᠵᠤ᠂ ᠨᠡᠢ᠌ᠭᠡᠮ᠎ᠤᠨ ᠬᠠᠷᠢᠭᠤᠴᠠᠯᠭ᠋ᠠᠲᠤ ᠰᠡᠳᠬᠢᠯᠭᠡ ᠵᠢ᠎ᠨᠢ ᠬᠥᠮᠥᠵᠢᠭᠦᠯᠦᠨ᠂ ᠨᠡᠢ᠌ᠭᠡᠮ᠎ᠳᠤ ᠨᠡᠩ ᠲᠦᠷᠭᠡᠨ ᠵᠶ᠋ᠡᠷ ᠠᠭᠤᠰᠤᠯᠴᠠᠭᠤᠯᠪᠠ᠃ ᠬᠠᠤᠯᠢ ᠴᠠᠭ᠋ᠠᠵᠠ ᠵᠢᠨ ᠭᠠᠵᠠᠷ᠂ ᠰᠤᠷᠭ᠋ᠠᠭᠤᠯᠢ᠂ ᠬᠢᠨᠠᠨ ᠬᠠᠮᠠᠭ᠋ᠠᠯᠠᠭᠴᠢ᠂ ᠪᠠᠲᠤᠯᠠᠭᠴᠢ᠎ᠪᠠᠷ ᠪᠦᠷᠢᠯᠳᠦᠭᠰᠡᠨ ᠵᠠᠰᠠᠨ ᠵᠠᠯᠠᠷᠠᠭᠤᠯᠬᠤ ᠳᠤᠭᠤᠢ᠌ᠯᠠᠩ᠎ᠢ ᠵᠣᠬᠢᠶᠠᠨ ᠪᠠᠢ᠌ᠭᠤᠯᠵᠤ᠂ ᠭᠡᠷ ᠪᠦᠯᠢ ᠵᠢᠨ᠎ᠬᠢᠨ᠎ᠲᠠᠢ᠎ᠨᠢ ᠪᠠᠢ᠌ᠡᠭᠭᠤ ᠬᠠᠷᠢᠯᠴᠠᠵᠤ᠂ ᠭᠡᠷ ᠪᠦᠯᠢ ᠵᠢᠨ ᠬᠥᠮᠦᠵᠢᠯ᠎ᠤᠨ ᠲᠦᠪᠰᠢᠨ᠎ᠢ᠎ᠨᠢ ᠬᠠᠪᠰᠤᠷᠤᠨ ᠲᠡᠭᠡᠭᠰᠢᠯᠡᠬᠦᠯᠪᠡ᠃ ᠠᠷᠠᠳ᠎ᠤᠨ ᠶᠠᠪᠤᠳᠠᠯ᠂ ᠰᠤᠷᠭ᠋ᠠᠨ ᠬᠥᠮᠦᠵᠢᠯ᠂ ᠡᠪᠯᠡᠯ᠎ᠤᠨ ᠬᠣᠷᠢᠶ᠎ᠠ᠂ ᠡᠮᠡᠭᠲᠡᠢ᠌ᠴᠦᠳ᠎ᠤᠨ ᠬᠣᠯᠪᠣᠭ᠎ᠠ ᠵᠡᠷᠭᠡ ᠨᠡᠢ᠌ᠭᠡᠮ ᠲᠣᠭᠣᠷᠢᠭ᠎ᠤᠨ ᠵᠠᠯᠠᠷᠠᠭᠤᠯᠭ᠎ᠠ ᠵᠢᠨ ᠵᠥᠪᠯᠡᠯ᠎ᠤᠨ ᠪᠦᠷᠢᠯᠳᠦᠭᠦᠨ ᠨᠢᠬᠡᠴᠢ ᠵᠢᠨ᠎ᠬᠢᠨ᠎ᠲᠠᠢ ᠬᠣᠯᠪᠤᠭ᠋ᠠᠯᠠᠨ᠂ ᠨᠡᠢ᠌ᠭᠡᠮ ᠲᠣᠭᠣᠷᠢᠭ᠎ᠤᠨ ᠵᠠᠰᠠᠨ ᠵᠠᠯᠠᠷᠠᠭᠤᠯᠵᠤ ᠪᠠᠢ᠌ᠭ᠎ᠠ ᠨᠠᠰᠤᠨ᠎ᠳᠤ ᠬᠦᠷᠤᠬᠡᠳᠤᠢ ᠬᠡᠤᠬᠡᠳ᠎ᠢ ᠬᠠᠯᠠᠮᠵᠢᠯᠠᠨ ᠲᠡᠳᠬᠦᠪᠡ᠃ ᠬᠥᠳᠡᠯᠮᠦᠷᠢ ᠠᠵᠢᠯ ᠣᠯᠭᠣᠬᠤ ᠰᠠᠯᠠᠭ᠎ᠠ ᠮᠥᠴᠢᠷ᠎ᠤᠨ᠎ᠬᠢᠨ᠎ᠢ ᠵᠣᠬᠢᠴᠠᠭᠤᠯᠵᠤ᠂  ᠨᠡᠢ᠌ᠭᠡᠮ ᠲᠣᠭᠣᠷᠢᠭ᠎ᠤᠨ ᠵᠠᠰᠠᠨ ᠵᠠᠯᠠᠷᠠᠭᠤᠯᠵᠤ ᠪᠠᠢ᠌ᠭ᠎ᠠ ᠨᠠᠰᠤᠨ᠎ᠳᠤ ᠬᠦᠷᠤᠬᠡᠳᠤᠢ ᠬᠡᠤᠬᠡᠳ᠎ᠲᠤ ᠠᠵᠢᠯ᠎ᠤᠨ ᠮᠡᠷᠭᠡᠵᠢᠯ ᠴᠢᠳᠠᠪᠤᠷᠢ ᠪᠠ ᠠᠵᠢᠯ ᠣᠯᠬᠤ ᠮᠡᠷᠭᠡᠵᠢᠯ ᠴᠢᠳᠠᠪᠤᠷᠢ ᠵᠢᠨ ᠪᠣᠯᠪᠠᠰᠤᠷᠠᠯ᠎ᠳᠤ ᠬᠨᠨᠳᠤᠯᠭ᠎ᠠ᠎ᠲᠠᠢ᠎ᠪᠠᠷ ᠥᠷᠨᠢᠭᠦᠯᠵᠦ᠂ ᠥᠪᠡᠷ᠎ᠤᠨ ᠬᠦᠴᠦ᠎ᠪᠠᠷ ᠵᠶ᠋ᠡᠨ ᠠᠮᠢᠳᠤᠷᠠᠬᠤ ᠬᠥᠳᠡᠯᠮᠦᠷᠢᠴᠢᠨ ᠪᠤᠯᠬᠤ ᠵᠢ ᠠᠬᠢᠭᠤᠯᠪᠠ᠃
       ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ᠎ᠬᠢᠨ ᠲᠠᠷᠠᠭ᠋ᠠᠴᠢ᠎ᠪᠠᠷ ᠰᠢ ᠵᠢᠨ ᠫᠢᠩ ᠶᠡᠷᠦᠩᠬᠡᠢ ᠱᠦᠵᠢ ᠵᠢᠨ ᠬᠡᠦᠬᠡᠳ᠎ᠤᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠢᠯᠠᠩᠭᠤᠶ᠎ᠠ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠮᠠᠭ᠋ᠠᠯᠠᠬᠤ ᠠᠵᠢᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠤᠯᠠᠨ ᠠᠷᠭ᠎ᠠ᠎ᠪᠠᠷ ᠠᠳᠠᠯᠢ ᠴᠢᠭᠯᠡᠯ ᠵᠶ᠋ᠡᠷ ᠬᠦᠴᠦᠯᠡᠵᠦ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠲᠤ ᠨᠠᠩ ᠰᠢᠯᠢᠳᠡᠭ ᠬᠠᠤᠯᠢ ᠴᠠᠭ᠋ᠠᠵᠠ ᠵᠢᠨ ᠦᠢ᠍ᠯᠡᠴᠢᠯᠡᠭᠡ ᠪᠠ ᠪᠠᠲᠤ ᠴᠢᠩᠭ᠎ᠠ ᠬᠠᠤᠯᠢ᠎ᠪᠠᠷ ᠵᠠᠰᠠᠬᠤ ᠪᠠᠲᠤᠯᠠᠭ᠎ᠠ ᠬᠠᠩᠭ᠋ᠠᠨ᠎ᠠ᠃

 

 

 

      

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠠᠵᠢᠯ᠎ᠢ ᠴᠢᠩᠭ᠋ᠠᠳᠬᠠᠬᠤ ᠲᠤᠬᠠᠢ ᠰᠣᠨᠢᠨ ᠮᠡᠳᠡᠭᠡ ᠨᠡᠢ᠌ᠲᠡᠯᠡᠬᠦ ᠬᠤᠷᠠᠯ ᠲᠡᠬᠡᠷᠡᠬᠢ ᠰᠢᠨᠬᠤᠸᠠ ᠰᠦᠯᠵᠢᠶᠡᠨ᠎ᠤ ᠰᠤᠷᠪᠤᠯᠵᠢᠯᠠᠭᠴᠢ ᠵᠢᠨ ᠠᠰᠠᠭᠤᠯᠳᠠ᠄
ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠠᠵᠢᠯ᠎ᠢ ᠴᠢᠩᠭ᠋ᠠᠳᠬᠠᠬᠤ ᠲᠤᠬᠠᠢ ᠰᠣᠨᠢᠨ ᠮᠡᠳᠡᠭᠡ ᠨᠡᠢ᠌ᠲᠡᠯᠡᠬᠦ ᠬᠤᠷᠠᠯ ᠲᠡᠬᠡᠷᠡᠬᠢ ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠰᠤᠷᠪᠤᠯᠵᠢᠯᠠᠭᠴᠢ ᠵᠢᠨ ᠠᠰᠠᠭᠤᠯᠲᠠ᠄
ᠬᠢᠯᠢ ᠵᠢᠨ ᠮᠠᠯᠴᠢᠳ᠎ᠤᠨ ᠬᠦᠰᠡᠯ ᠬᠦᠭᠡᠭᠡᠴᠡᠯᠳᠦᠯ ᠪᠤᠶᠤ ᠤᠳᠤᠬᠢᠴᠢᠯᠠᠭᠰᠠᠨ ᠮᠠᠯ ᠠᠵᠤ ᠠᠬᠤᠢ ᠵᠢᠨ ᠬᠦᠭᠵᠢᠯᠳᠡ
《ᠲᠡᠮᠦᠷ ᠡᠷ᠎ᠡ》 ᠪᠤᠤ ᠳ᠋ᠠ ᠰᠢ ᠵᠢᠨ 《ᠲᠡᠨᠡᠭ》 ᠵᠢᠳᠬᠦᠯ
ᠦᠷᠭᠡᠨ ᠭᠣᠪᠢ ᠎ᠳᠤ ᠳᠡᠯᠭᠡᠷᠡᠭᠰᠡᠨ ᠦᠵᠡᠰᠬᠦᠯᠡᠩᠲᠦ 《ᠵᠠᠭ᠎ᠤᠨ ᠴᠡᠴᠡᠭ》 — ᠠᠯᠲᠠᠨᠲᠠᠨ᠎ᠠ
 
            