ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠡᠶ᠋ᠢᠭᠡᠮ ᠰᠡᠳᠬᠦᠯ   -   ᠳᠤᠮᠳᠠᠲᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤᠳᠬᠠᠶ᠎ᠠ
ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠠᠵᠢᠯ᠎ᠢ ᠴᠢᠩᠭ᠋ᠠᠳᠬᠠᠬᠤ ᠲᠤᠬᠠᠢ ᠰᠣᠨᠢᠨ ᠮᠡᠳᠡᠭᠡ ᠨᠡᠢ᠌ᠲᠡᠯᠡᠬᠦ ᠬᠤᠷᠠᠯ ᠲᠡᠬᠡᠷᠡᠬᠢ ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠰᠤᠷᠪᠤᠯᠵᠢᠯᠠᠭᠴᠢ ᠵᠢᠨ ᠠᠰᠠᠭᠤᠯᠲᠠ᠄
ᠨᠡᠶᠢᠲᠡᠯᠡᠭᠰᠡᠨ ᠴᠠᠭ᠄ 2023-10-16

ᠥᠪᠡᠷᠲᠡᠭᠡᠨ ᠵᠠᠰᠠᠬᠤ ᠣᠷᠣᠨ᠎ᠤ ᠡᠮᠡᠭᠲᠡᠢ᠌ᠴᠦᠳ᠎ᠤᠨ ᠬᠣᠯᠪᠣᠭ᠎ᠠ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠠᠵᠢᠯ᠎ᠢ ᠶᠠᠮᠠᠷ ᠶᠠᠮᠠᠷ ᠠᠷᠭ᠎ᠠ ᠎ᠪᠠᠷ ᠴᠢᠩᠭ᠋ᠠᠳᠬᠠᠭᠰᠠᠨ ᠪᠣᠶ?

       

  ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠡᠭᠲᠡᠢ᠌ᠴᠦᠳ᠎ᠤᠨ ᠬᠣᠯᠪᠣᠭ᠎ᠠ ᠵᠢᠨ ᠭᠡᠷ ᠪᠦᠯᠢ ᠪᠠ ᠬᠡᠦᠬᠡᠳ᠎ᠤᠨ ᠠᠵᠢᠯ᠎ᠤᠨ ᠬᠡᠯᠲᠡᠰ᠎ᠤᠨ ᠳᠠᠷᠤᠭ᠎ᠠ ᠯᠢᠦᠢ ᠬᠣᠩ ᠺᠠᠢ ᠵᠢᠨ ᠬᠠᠷᠢᠭᠤᠯᠳᠠ᠄
      
      ᠥᠪᠡᠷᠲᠡᠭᠡᠨ ᠵᠠᠰᠠᠬᠤ ᠣᠷᠣᠨ᠎ᠤ ᠡᠮᠡᠭᠲᠡᠢ᠌ᠴᠦᠳ᠎ᠤᠨ ᠬᠣᠯᠪᠣᠭ᠎ᠠ ᠵᠢᠨ᠎ᠬᠢᠨ ᠦᠨᠤ ᠵᠢᠯ ᠰᠢ ᠵᠢᠨ ᠫᠢᠩ ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ  ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠪᠣᠯᠣᠨ ᠰᠢ ᠵᠢᠨ ᠫᠢᠩ ᠶᠡᠷᠦᠩᠬᠡᠢ ᠱᠦᠵᠢ ᠵᠢᠨ ᠬᠡᠦᠬᠡᠳ ᠪᠣᠯᠣᠨ ᠬᠡᠦᠬᠡᠳ᠎ᠤᠨ ᠠᠵᠢᠯ᠎ᠤᠨ ᠲᠤᠬᠠᠢ ᠴᠢᠬᠤᠯᠠ ᠥᠭᠦᠯᠡᠯᠲᠡ ᠵᠢ ᠪᠦᠬᠦ ᠲᠠᠯ᠎ᠠ ᠎ᠪᠠᠷ ᠭᠦᠨᠵᠡᠭᠡᠢ ᠲᠤᠭᠤᠰᠢᠯᠠᠭᠤᠯᠤᠨ᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠭᠡᠷ ᠪᠦᠯᠢ ᠵᠢᠨ ᠬᠥᠮᠦᠵᠢᠯ᠎ᠢ ᠠᠬᠢᠭᠤᠯᠬᠤ ᠬᠠᠤᠯᠢ》 ᠵᠢ ᠭᠦᠨᠵᠡᠭᠡᠢ ᠨᠠᠢ᠌ᠳᠠᠪᠤᠷᠢᠵᠢᠭᠤᠯᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠡᠷ ᠪᠦᠯᠢ ᠵᠢᠨ ᠬᠥᠮᠦᠵᠢᠯ᠎ᠢ ᠠᠬᠢᠭᠤᠯᠬᠤ ᠳᠦᠷᠢᠮ》᠎ᠢ ᠨᠡᠢ᠌ᠲᠡᠯᠡᠨ ᠬᠡᠷᠡᠭᠵᠢᠭᠦᠯᠬᠦ ᠵᠢ ᠠᠬᠢᠭᠤᠯᠵᠤ᠂ ᠬᠡᠦᠬᠡᠳ᠎ᠤᠨ ᠦᠰᠦᠨ ᠪᠣᠶ᠋ᠢᠵᠢᠯᠲᠠ ᠵᠢᠨ ᠵᠠᠮᠴᠢᠯᠠᠭᠴᠢ᠂ ᠬᠡᠦᠬᠡᠳ᠎ᠤᠨ ᠡᠷᠬᠡ ᠠᠰᠢᠭ᠎ᠤᠨ ᠰᠠᠬᠢᠨ ᠬᠠᠮᠠᠭ᠋ᠠᠯᠠᠭᠴᠢ᠂ ᠬᠡᠦᠬᠡᠳ᠎ᠤᠨ ᠢᠷᠡᠭᠡᠳᠦᠢ ᠵᠢᠨ ᠬᠦᠰᠡᠯ ᠵᠡᠭᠦᠳᠦ ᠵᠢ ᠲᠡᠷᠭᠡᠯᠰᠢᠭᠦᠯᠦᠭᠴᠢ ᠪᠣᠯᠬᠤ᠎ᠪᠠᠷ ᠴᠢᠷᠮᠠᠢ᠌ᠪᠠ᠃
      ᠨᠢᠭᠡ᠎ᠳᠤ᠂ ᠤᠬᠠᠭᠤᠯᠵᠤ  ᠲᠠᠢ᠌ᠴᠢᠯᠠᠬᠤ ᠵᠢ ᠴᠢᠩᠭ᠋ᠠᠳᠬᠠᠵᠤ᠂ ᠰᠠᠢ᠌ᠨ ᠰᠠᠢ᠌ᠬᠠᠨ ᠨᠡᠢ᠌ᠭᠡᠮ᠎ᠤᠨ ᠠᠭᠤᠷ ᠠᠮᠢᠰᠬᠤᠯ᠎ᠢ ᠪᠤᠢ  ᠪᠤᠯᠭ᠋ᠠᠪᠠ᠃ 《ᠤᠮᠠᠷᠠᠲᠤ ᠬᠢᠯᠢ ᠵᠢᠨ ᠡᠮᠡᠭᠳᠡᠢ᠌ᠴᠤᠳ᠎ᠤᠨ ᠲᠠᠭᠤᠨ》 《ᠤᠮᠠᠷᠠᠲᠤ ᠬᠢᠯᠢ ᠵᠢᠨ ᠭᠡᠷ ᠪᠦᠯᠢ》 ᠵᠡᠷᠭᠡ ᠸᠢᠴᠠᠲ ᠵᠶ᠋ᠠᠷ ᠳᠠᠮᠵᠢᠭᠤᠯᠤᠨ᠂ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠨᠡᠶ᠋ᠢᠲᠡ ᠵᠢᠨ ᠠᠰᠠᠷᠠᠮᠵᠢ ᠵᠢᠨ ᠬᠢᠴᠢᠶᠡᠯ᠎ᠢ ᠦᠷᠭᠦᠯᠵᠢᠯᠡᠨ ᠬᠦᠷᠭᠡᠵᠦ᠂  ᠨᠡᠢ᠌ᠭᠡᠮ ᠲᠠᠶᠠᠭ᠋ᠠᠷ ᠵᠶ᠋ᠡᠨ ᠬᠡᠦᠬᠡᠳ᠎ᠢ ᠡᠩ ᠲᠡᠷᠢᠭᠦᠨ᠎ᠳᠤ ᠬᠠᠮᠠᠭ᠋ᠠᠯᠠᠬᠤ ᠰᠠᠢ᠌ᠨ ᠰᠠᠢ᠌ᠬᠠᠨ ᠨᠡᠢ᠌ᠭᠡᠮ᠎ᠤᠨ ᠠᠭᠤᠷ ᠠᠮᠢᠰᠬᠤᠯ᠎ᠢ ᠪᠣᠶ  ᠪᠤᠯᠭ᠋ᠠᠪᠠ᠃ ᠤᠤᠯ᠎ᠤᠨ 12338 ᠡᠷᠬᠡ᠎ᠪᠠᠨ ᠬᠠᠮᠠᠭ᠋ᠠᠯᠠᠬᠤ ᠪᠠᠢ᠌ᠡᠭᠭᠤ ᠤᠲᠠᠰᠤ ᠵᠢᠨ ᠰᠠᠭᠤᠷᠢᠨ ᠳᠡᠭᠡᠷ᠎ᠡ ᠭᠡᠷ ᠪᠦᠯᠢ ᠵᠢᠨ ᠬᠥᠮᠦᠵᠢᠯ᠎ᠤᠨ ᠵᠢᠭ᠋ᠠᠨ ᠵᠢᠯᠤᠭᠣᠳᠬᠤ ᠦᠢ᠍ᠯᠡᠴᠢᠯᠡᠭᠡᠨ᠎ᠤ ᠴᠢᠳᠠᠮᠵᠢ ᠵᠢ ᠨᠡᠮᠡᠭᠳᠡᠭᠦᠯᠵᠦ᠂ ᠭᠡᠷ ᠪᠦᠯᠢ ᠵᠢᠨ ᠬᠥᠮᠦᠵᠢᠯ᠎ᠤᠨ ᠰᠢᠯᠢᠳᠡᠭ ᠪᠠᠭᠰᠢ ᠵᠢᠨ ᠶᠡᠬᠡ ᠰᠤᠷᠭ᠋ᠠᠭᠤᠯᠢ ᠵᠢᠨ ᠬᠢᠴᠢᠶᠡᠯ᠎ᠤᠨ ᠲᠠᠩᠬᠢᠮ ᠭᠠᠷᠭ᠋ᠠᠵᠤ᠂ ᠥᠷᠭᠡᠨ ᠤᠯᠠᠨ ᠭᠡᠷ ᠪᠦᠯᠢ᠎ᠳᠤ ᠬᠠᠨᠳᠤᠭᠤᠯᠤᠨ ᠭᠡᠷ ᠪᠦᠯᠢ ᠵᠢᠨ ᠬᠥᠮᠦᠵᠢᠯ᠎ᠤᠨ ᠮᠡᠳᠡᠯᠭᠡ ᠵᠢ ᠤᠬᠠᠭᠤᠯᠤᠨ ᠲᠦᠭᠡᠮᠡᠯᠵᠢᠭᠦᠯᠵᠦ᠂ ᠶᠣᠰᠣ ᠰᠤᠷᠲᠠᠬᠤᠨ᠎ᠢ ᠪᠤᠢ ᠪᠣᠯᠭ᠋ᠠᠨ ᠬᠥᠮᠥᠨ᠎ᠢ ᠬᠥᠮᠥᠵᠢᠭᠦᠯᠵᠦ᠂ ᠨᠡᠢ᠌ᠭᠡᠮ ᠵᠢᠷᠤᠮ᠎ᠤᠨ ᠭᠣᠣᠯᠯᠠᠬᠤ ᠦᠷᠳᠡᠭ᠎ᠤᠨ ᠦᠵᠡᠯᠲᠡ ᠵᠢ ᠪᠣᠢ᠌ᠵᠢᠭᠤᠯᠤᠨ ᠦᠢ᠍ᠯᠡᠳᠤᠯᠬᠡᠵᠢᠬᠦᠯᠪᠡ᠃ ᠥᠪᠥᠷ ᠮᠣᠩᠭᠣᠯ᠎ᠤᠨ ᠲᠧᠯᠸᠢᠰ ᠲᠡᠬᠡᠷ᠎ᠡ 《ᠭᠠᠷᠠᠭ᠎ᠤᠨ ᠲᠠᠪᠤᠨ᠎ᠤ ᠭᠡᠷ᠎ᠤᠨ ᠠᠬᠠᠮᠠᠳ᠎ᠤᠨ ᠭᠤᠪᠢᠭᠤᠯᠭ᠎ᠠ》 ᠭᠡᠬᠦ ᠪᠤᠯᠤᠩ ᠭᠠᠷᠭ᠋ᠠᠵᠤ᠂ ᠭᠡᠷ᠎ᠤᠨ ᠠᠬᠠᠮᠠᠳ᠎ᠤᠨ ᠠᠩᠬᠠᠷᠴᠤ ᠪᠠᠢ᠌ᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ᠎ᠳᠤ ᠬᠠᠷᠢᠭᠤᠯᠲᠠ ᠥᠭᠴᠦ᠂ ᠨᠡᠢ᠍ᠢ᠍ᠳᠡ 85 ᠬᠤᠭᠤᠴᠠᠭ᠎ᠠ ᠨᠠᠪᠲᠠᠷᠡᠭᠦᠯᠵᠦ᠂ 1200 ᠲᠦᠮᠡᠨ ᠤᠳᠠᠭ᠎ᠠ ᠦᠵᠡᠪᠡ᠃ 117 ᠠᠢ᠌ᠮᠠᠭ ᠬᠣᠲᠠ᠂ ᠬᠣᠰᠢᠭᠤ ᠰᠢᠶᠠᠨ᠎ᠤ ᠱᠠᠲᠤᠨ᠎ᠤ ᠭᠡᠷ ᠪᠦᠯᠢ ᠵᠢᠨ ᠬᠥᠮᠦᠵᠢᠯ᠎ᠤᠨ ᠵᠢᠭ᠋ᠠᠨ ᠵᠢᠯᠤᠭᠣᠳᠬᠤ ᠲᠥᠪ ᠪᠠ 1000 ᠨᠡᠢ᠌ᠭᠡᠮ ᠲᠣᠭᠣᠷᠢᠭ᠎ᠤᠨ ᠭᠡᠷ᠎ᠤᠨ ᠠᠬᠠᠮᠠᠳ᠎ᠤᠨ ᠰᠤᠷᠭ᠋ᠠᠭᠤᠯᠢ ᠵᠢ ᠰᠢᠨ᠎ᠡ᠎ᠪᠠᠷ ᠪᠠᠢ᠌ᠭᠤᠯᠵᠤ᠂ ᠨᠡᠢ᠌ᠭᠡᠮ ᠲᠣᠭᠣᠷᠢᠭ᠎ᠤᠨ ᠭᠡᠷ᠎ᠤᠨ ᠠᠬᠠᠮᠠᠳ᠎ᠤᠨ ᠰᠤᠷᠭ᠋ᠠᠭᠤᠯᠢ ᠪᠠ ᠭᠡᠷ ᠪᠦᠯᠢ ᠵᠢᠨ ᠬᠥᠮᠦᠵᠢᠯ᠎ᠤᠨ ᠵᠢᠭ᠋ᠠᠨ ᠵᠢᠯᠤᠭᠣᠳᠬᠤ ᠦᠢ᠍ᠯᠡᠴᠢᠯᠡᠭᠡᠨ᠎ᠤ ᠥᠷᠲᠡᠭᠡ ᠴᠡᠭ᠎ᠢ 10019 ᠪᠠᠶ᠋ᠢᠭᠤᠯᠬᠤ ᠵᠢ ᠠᠬᠢᠭᠤᠯᠵᠤ᠂ ᠵᠢᠯ ᠪᠦᠷᠢ ᠳᠤᠮᠳᠠᠴᠢ᠎ᠪᠠᠷ 800 ᠭᠠᠷᠤᠢ ᠲᠦᠮᠡᠨ ᠭᠡᠷ᠎ᠤᠨ ᠠᠬᠠᠮᠠᠳ᠎ᠢ ᠪᠣᠯᠪᠠᠰᠤᠷᠠᠭᠤᠯᠪᠠ᠃ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠂ ᠮᠠᠯᠵᠢᠬᠤ ᠲᠠᠷᠢᠶᠠᠯᠠᠬᠤ ᠣᠷᠣᠨ᠎ᠳᠤ 2387 ᠬᠡᠦᠬᠡᠳ᠎ᠤᠨ ᠭᠡᠷ᠎ᠢ ᠪᠦᠲᠦᠭᠡᠨ ᠪᠠᠢ᠌ᠭᠤᠯᠵᠤ᠂ ᠪᠠᠭ᠋ᠠᠴᠤᠳ ᠬᠡᠦᠬᠡᠳ᠎ᠲᠤ ᠡᠷᠡᠭᠦᠯ ᠮᠡᠨᠳᠦ ᠪᠦᠬᠡᠳ ᠠᠮᠤᠷ ᠲᠦᠪᠰᠢᠨ ᠰᠤᠷᠭ᠋ᠠᠭᠤᠯᠢ ᠵᠢᠨ ᠭᠠᠳᠠᠨᠠᠬᠢ ᠠᠵᠢᠯᠯᠠᠭ᠋ᠠᠨ᠎ᠤ ᠲᠠᠯᠠᠪᠤᠷ᠎ᠢ ᠬᠠᠡᠭᠭ᠋ᠠᠬᠰᠠᠨ ᠪᠠᠢ᠌ᠨ᠎ᠠ᠃
     ᠬᠣᠶᠠᠷ᠎ᠲᠤ᠂ ᠬᠡᠦᠬᠡᠳ᠎ᠤᠨ ᠬᠡᠷᠡᠭᠴᠡᠭᠡ ᠱᠠᠭ᠋ᠠᠷᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠠᠯᠠᠮᠵᠢᠯᠠᠨ ᠬᠠᠮᠠᠭ᠋ᠠᠯᠠᠬᠤ ᠠᠵᠢᠯᠯᠠᠭ᠎ᠠ ᠵᠢ ᠦᠷᠨᠢᠬᠦᠯᠪᠡ᠃ 《ᠭᠣᠣᠯᠳᠠᠯᠭ᠎ᠠ᠎ᠲᠠᠢ ᠬᠥᠮᠥᠰ ᠪᠠ ᠭᠡᠷ ᠪᠦᠯᠢ ᠵᠢᠨ ᠬᠠᠯᠠᠮᠵᠢᠯᠠᠨ ᠲᠡᠳᠬᠦᠬᠦ ᠠᠵᠢᠯ᠎ᠢ ᠤᠯᠠᠮ ᠰᠠᠢ᠌ᠳᠤᠷ ᠥᠷᠨᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠡᠭᠲᠡᠢ᠌ᠴᠦᠳ᠎ᠤᠨ ᠬᠣᠯᠪᠣᠭ᠎ᠠ ᠵᠢᠨ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠭᠣᠣᠯᠳᠠᠯᠭ᠎ᠠ᠎ᠲᠠᠢ ᠬᠥᠮᠥᠰ ᠪᠠ ᠭᠡᠷ ᠪᠦᠯᠢ ᠵᠢᠨ ᠪᠠᠢ᠌ᠳᠠᠯ᠎ᠢ ᠣᠢ᠌ᠯᠠᠭ᠋ᠠᠬᠤ ᠵᠢᠨ ᠬᠠᠮᠲᠤ ᠣᠢ᠌ᠯᠠᠭ᠋ᠠᠭᠰᠠᠨ ᠪᠠᠢ᠌ᠳᠠᠯ᠎ᠲᠠᠢ᠎ᠪᠠᠨ ᠤᠶᠠᠯᠳᠤᠭᠤᠯᠤᠨ ᠰᠤᠷᠪᠤᠯᠵᠢᠯᠠᠬᠤ ᠪᠠ ᠬᠠᠯᠠᠮᠵᠢᠯᠠᠨ ᠲᠡᠳᠬᠦᠬᠦ ᠠᠵᠢᠯ᠎ᠢ ᠦᠷᠨᠢᠬᠦᠯᠪᠡ᠃ 《ᠬᠠᠢ᠌ᠷ᠎ᠠ ᠬᠠᠯᠠᠮᠵᠢ ᠬᠦᠷᠭᠡᠬᠦ ᠠᠨᠢᠶ᠎ᠠ》 ᠵᠢ ᠡᠯᠰᠡᠬᠦ ᠠᠵᠢᠯ᠎ᠢ ᠥᠷᠨᠢᠭᠦᠯᠵᠦ᠂ ᠲᠦᠮᠡ ᠭᠠᠷᠤᠢ 《ᠬᠠᠢ᠌ᠷ᠎ᠠ ᠬᠠᠯᠠᠮᠵᠢ ᠬᠦᠷᠭᠡᠬᠦ ᠠᠨᠢᠶ᠎ᠠ》 ᠵᠢ ᠦᠷᠭᠦᠯᠵᠢᠯᠡᠨ ᠵᠣᠬᠢᠶᠠᠨ ᠪᠠᠢ᠌ᠭᠤᠯᠵᠤ ᠪᠠᠢ᠌ᠭ᠋ᠠᠳ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠪᠰᠤᠷᠤᠨ ᠲᠡᠳᠬᠦᠵᠦ᠂ ᠬᠠᠯᠠᠮᠵᠢᠯᠠᠨ ᠲᠡᠳᠬᠦᠬᠦ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠰᠦᠪᠡᠭᠴᠢᠯᠡᠨ  ᠲᠡᠬᠦᠯᠳᠡᠷᠵᠢᠬᠦᠯᠪᠡ᠃ 《ᠪᠢᠴᠢᠭ ᠰᠤᠶᠤᠯ᠎ᠲᠠᠢ ᠠᠢ᠌ᠯ ᠡᠷᠤᠬᠡ᠂ ᠰᠢᠨ᠎ᠡ ᠠᠶᠠᠨ ᠵᠶ᠋ᠠᠨ ᠡᠬᠢᠯᠡᠭᠦᠯᠬᠦ》 ᠭᠡᠷ ᠪᠦᠯᠢ ᠵᠢᠨ ᠲᠦᠷᠦᠯ ᠰᠠᠳᠤᠨ ᠦᠷ᠎ᠡ ᠬᠡᠦᠬᠡᠳ᠎ᠤᠨ ᠨᠣᠮ ᠤᠩᠰᠢᠬᠤ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠰᠢ ᠵᠢᠨ ᠫᠢᠩ ᠶᠡᠷᠦᠩᠬᠡᠢ ᠱᠦᠵᠢ ᠵᠢᠨ ᠡᠯᠢᠭᠡᠰᠡᠭ ᠳᠣᠲᠣᠨᠣ ᠰᠠᠨᠠᠭ᠋ᠠᠰᠢᠷᠠᠯ᠎ᠢ ᠳᠠᠮᠵᠢᠭᠤᠯᠵᠤ᠂ ᠪᠠᠭ᠋ᠠᠴᠤᠳ ᠬᠡᠦᠬᠡᠳ᠎ᠤᠨ ᠢᠯᠡᠭᠦᠬᠡᠨ ᠨᠣᠮ ᠤᠩᠰᠢᠬᠤ᠂ ᠰᠠᠢ᠌ᠨ ᠨᠣᠮ᠎ᠢ ᠤᠩᠰᠢᠬᠤ᠂ ᠨᠣᠮ ᠤᠩᠰᠢᠬᠤ᠎ᠳᠤ᠎ᠪᠠᠨ ᠴᠢᠳᠠᠮᠠᠭ᠋ᠠᠢ ᠪᠤᠯᠬᠤ᠎ᠳᠤ ᠵᠢᠯᠤᠭᠤᠳᠪᠠ᠃ 《ᠪᠠᠭ᠋ᠠᠴᠤᠳ ᠬᠡᠦᠬᠡᠳ᠎ᠤᠨ ᠰᠡᠳᠬᠢᠯ ᠨᠠᠮ ᠵᠶ᠋ᠡᠨ ᠲᠠᠭ᠋ᠠᠬᠤ》 ᠭᠣᠣᠯ ᠰᠡᠳᠦᠪᠲᠦ ᠦᠢ᠍ᠯᠡᠳᠦᠯᠭᠡ ᠵᠢᠨ ᠠᠵᠢᠯᠯᠠᠭ᠎ᠠ ᠵᠢ ᠥᠷᠨᠢᠭᠦᠯᠵᠦ᠂ ᠡᠴᠢᠭᠡ ᠡᠬᠡ ᠦᠷ᠎ᠡ ᠬᠡᠦᠬᠡᠳ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠵᠶ᠋ᠡᠷ ᠤᠡᠭᠰᠢᠬᠤ ᠤᠷᠤᠯᠳᠤᠭ᠋ᠠᠨ᠎ᠢ ᠲᠦᠷᠪᠡᠨ ᠬᠤᠭᠤᠴᠠᠭ᠎ᠠ ᠳᠠᠷᠠᠭ᠋ᠠᠯᠠᠨ ᠥᠷᠨᠢᠭᠦᠯᠵᠦ᠂ ᠪᠠᠭ᠋ᠠᠴᠤᠳ ᠬᠡᠦᠬᠡᠳ᠎ᠤᠨ ᠨᠠᠮ᠎ᠤᠨ ᠠᠴᠢ ᠵᠢ ᠮᠡᠳᠡᠷᠡᠬᠦ᠂ ᠨᠠᠮ᠎ᠤᠨ ᠦᠭᠡ ᠵᠢ ᠰᠣᠨᠣᠰᠬᠤ᠂ ᠨᠠᠮ ᠵᠶ᠋ᠠᠨ ᠲᠠᠭ᠋ᠠᠬᠤ ᠵᠢ ᠲᠠᠢ᠌ᠴᠢᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠪᠠ᠃ ᠡᠪᠦᠯ ᠵᠣᠨ᠎ᠤ ᠠᠮᠠᠷᠠᠯᠲᠠ᠎ᠳᠤ᠎ᠬᠢ ᠬᠡᠦᠬᠡᠳ᠎ᠢ  ᠬᠠᠯᠠᠮᠵᠢᠯᠠᠬᠤ ᠦᠢ᠍ᠯᠡᠴᠢᠯᠡᠭᠡ ᠵᠢ ᠦᠷᠭᠦᠯᠵᠢᠯᠡᠨ ᠥᠷᠨᠢᠭᠦᠯᠵᠦ᠂ ᠵᠢᠯ ᠪᠦᠷᠢ ᠳᠤᠮᠳᠠᠴᠢ᠎ᠪᠠᠷ ᠭᠡᠷ᠎ᠤᠨ ᠠᠬᠠᠮᠠᠳ ᠪᠠ ᠬᠡᠦᠬᠡᠳ᠎ᠲᠤ 50 ᠭᠠᠷᠤᠢ ᠲᠦᠮᠡᠨ ᠬᠥᠮᠥᠨ ᠤᠳᠠᠭ᠎ᠠ ᠦᠢ᠍ᠯᠡᠴᠢᠯᠡᠪᠡ᠃ ᠥᠪᠡᠷᠲᠡᠭᠡᠨ ᠵᠠᠰᠠᠬᠤ ᠣᠷᠣᠨ᠎ᠤ ᠡᠮᠡᠭᠲᠡᠢ᠌ᠴᠦᠳ᠎ᠤᠨ ᠬᠣᠯᠪᠣᠭ᠎ᠠ ᠵᠢᠨ ᠳᠠᠭ᠋ᠠᠭᠤᠯᠭ᠎ᠠ᠎ᠪᠠᠷ ᠪᠥᠬᠥ ᠣᠷᠣᠨ᠎ᠤ ᠡᠯ᠎ᠡ ᠱᠠᠲᠤᠨ᠎ᠤ ᠡᠮᠡᠭᠲᠡᠢ᠌ᠴᠦᠳ᠎ᠤᠨ ᠬᠣᠯᠪᠣᠭ᠎ᠠ ᠵᠢᠨ ᠵᠣᠬᠢᠶᠠᠨ ᠪᠠᠢ᠌ᠭᠤᠯᠤᠯᠲᠠ 《ᠪᠢ ᠡᠮᠡᠭᠲᠡᠢ᠌ᠴᠦᠳ ᠬᠡᠦᠬᠡᠳ᠎ᠲᠤ ᠪᠣᠳᠠᠲᠤ ᠶᠠᠪᠤᠳᠠᠯ ᠬᠢᠵᠦ ᠥᠭᠬᠦ · ᠠᠷᠪᠠ ᠵᠢ ᠬᠦᠷᠭᠡᠬᠦ》 ᠠᠵᠢᠯᠯᠠᠭ᠎ᠠ ᠵᠢ ᠥᠷᠭᠡᠨ ᠵᠶ᠋ᠡᠷ ᠥᠷᠨᠢᠭᠦᠯᠵᠦ᠂ ᠬᠡᠦᠬᠡᠳ ᠪᠠᠭ᠋ᠠᠴᠤᠳ᠎ᠤᠨ ᠬᠦᠷᠲᠡᠮᠵᠢ ᠵᠢᠨ ᠲᠥᠷᠥᠭᠳᠡᠯ᠂ ᠵᠣᠯ ᠵᠢᠷᠭ᠋ᠠᠯᠲᠤ ᠲᠥᠷᠥᠭᠳᠡᠯ᠂ ᠠᠮᠤᠷ  ᠠᠮᠤᠭᠤᠯᠠᠡᠭ ᠲᠥᠷᠥᠭᠳᠡᠯ᠎ᠢ ᠪᠦᠲᠦᠮᠵᠢᠲᠡᠶ ᠳᠡᠭᠡᠭᠰᠢᠯᠡᠭᠦᠯᠪᠡ᠃
    ᠭᠤᠷᠪᠠ᠎ᠳᠤ᠂ ᠨᠡᠶ᠋ᠢᠲᠡ ᠵᠢᠨ ᠠᠰᠠᠷᠠᠮᠵᠢ ᠵᠢᠨ ᠵᠦᠢ᠍ᠯᠡᠰ᠎ᠢ ᠬᠡᠷᠡᠭᠵᠢᠭᠦᠯᠵᠦ᠂ ᠬᠡᠦᠬᠡᠳ᠎ᠤᠨ ᠦᠰᠦᠨ ᠪᠣᠢ᠌ᠵᠢᠬᠤ ᠣᠷᠴᠢᠨ ᠨᠥᠬᠥᠴᠡᠯ᠎ᠢ ᠰᠢᠯᠢᠳᠡᠭᠵᠢᠬᠦᠯᠪᠡ᠃ ᠳᠤᠮᠳᠠᠳᠤ ᠤᠯᠤᠰ᠎ᠤᠨ ᠬᠡᠦᠬᠡᠳ ᠪᠠᠭ᠋ᠠᠴᠤᠳ᠎ᠤᠨ ᠰᠠᠭᠤᠷᠢ ᠮᠥᠩᠭᠥᠨ᠎ᠤ ᠨᠡᠢ᠌ᠭᠡᠮᠯᠢᠭ᠎ᠤᠨ 《ᠴᠦᠨ ᠯᠧᠢ ᠲᠥᠯᠥᠪᠯᠡᠭᠡ》 《ᠲᠣᠭᠲᠠᠮᠠᠯ ᠬᠠᠢ᠌ᠷ᠎ᠠ ᠵᠢᠨ ᠠᠵᠢᠯᠯᠠᠭ᠎ᠠ》 ᠪᠠ 《ᠬᠥᠬᠡ ᠲᠡᠭᠷᠢ ᠰᠤᠷᠤᠯᠭ᠎ᠠ ᠵᠢ ᠲᠡᠳᠬᠦᠬᠦ ᠢᠨᠵᠸᠨ᠋ᠸᠷᠢᠡᠭ》 《ᠬᠠᠢ᠌ᠷ᠎ᠠ ᠵᠢᠨ ᠡᠬᠢᠯᠡᠯᠲᠡ᠄ 6 ᠨᠠᠰᠤᠨ᠎ᠠᠴᠠ ᠡᠮᠦᠨᠡᠬᠢ ᠬᠡᠤᠬᠡᠳ᠎ᠢ ᠰᠢᠨᠵᠢᠯᠡᠬᠦ ᠤᠬᠠᠭ᠋ᠠᠨᠴᠢ᠎ᠪᠠᠷ ᠬᠥᠮᠥᠵᠢᠭᠦᠯᠬᠦ ᠨᠡᠢ᠌ᠭᠡᠮ ᠲᠣᠭᠣᠷᠢᠭ᠎ᠤᠨ ᠭᠡᠷ ᠪᠦᠯᠢ ᠵᠢ ᠳᠡᠮᠵᠢᠨ ᠳᠡᠯᠭᠡᠷᠡᠭᠦᠯᠬᠦ》 ᠵᠡᠷᠭᠡ ᠨᠡᠶ᠋ᠢᠲᠡ ᠵᠢᠨ ᠠᠰᠠᠷᠠᠮᠵᠢ ᠵᠢᠨ ᠲᠥᠷᠥᠯ ᠵᠦᠢ᠍ᠯ᠎ᠢ ᠴᠢᠷᠮᠠᠢ᠌ᠨ ᠣᠯᠵᠤ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠰᠤᠷᠤᠯᠭ᠎ᠠ ᠪᠠ ᠠᠮᠢᠳᠤᠷᠠᠯ᠎ᠤᠨ ᠨᠥᠬᠥᠴᠡᠯ᠎ᠢ  ᠰᠠᠢ᠌ᠵᠢᠷᠠᠭᠤᠯᠪᠠ᠃ 2010 ᠣᠨ᠎ᠠᠴᠠ ᠨᠠᠭ᠋ᠠᠰᠢ 《ᠴᠦᠨ ᠯᠧᠢ ᠲᠥᠯᠥᠪᠯᠡᠭᠡ》᠎ᠪᠠᠷ ᠨᠡᠶ᠋ᠢᠲᠡ ᠵᠢᠨ ᠠᠰᠠᠷᠠᠮᠵᠢ ᠵᠢᠨ ᠮᠥᠩᠭᠥ ᠵᠢ 850.17 ᠲᠦᠮᠡᠨ ᠲᠥᠭᠥᠷᠢᠭ ᠴᠤᠭᠯᠠᠭᠤᠯᠤᠨ ᠲᠠᠷᠬᠠᠭ᠋ᠠᠵᠤ᠂ ᠬᠦᠴᠢᠷᠳᠡᠯ᠎ᠳᠤ ᠲᠤᠯᠭ᠋ᠠᠷᠠᠭᠰᠠᠨ 4299 ᠵᠢᠭ᠋ᠠᠯ ᠥᠬᠢᠨ᠎ᠢ ᠲᠤᠰᠠᠯᠠᠭᠰᠠᠨ ᠪᠠᠢ᠌ᠨ᠎ᠠ᠃ ᡽《ᠲᠣᠭᠲᠠᠮᠠᠯ ᠬᠠᠢ᠌ᠷ᠎ᠠ ᠵᠢᠨ ᠠᠵᠢᠯᠯᠠᠭ᠎ᠠ》᠎ᠪᠠᠷ ᠬᠡᠦᠬᠡᠳ᠎ᠲᠤ ᠬᠠᠢ᠌ᠷ᠎ᠠ ᠬᠠᠯᠠᠮᠵᠢ ᠵᠢᠨ ᠨᠣᠣᠰᠣᠨ ᠴᠠᠮᠴᠠ2.6 ᠲᠦᠮᠨ ᠵᠢ ᠨᠡᠬᠡᠨ ᠥᠭᠴᠦ᠂ 2.5 ᠲᠦᠮᠡ ᠭᠠᠷᠤᠢ ᠬᠡᠦᠬᠡᠳ᠎ᠢ ᠲᠤᠯᠠᠭ᠋ᠠᠴᠠᠭᠤᠯᠪᠠ᠃ 2017 ᠣᠨ᠎ᠠᠴᠠ ᠨᠠᠭ᠋ᠠᠰᠢ 860 ᠲᠦᠮᠡᠨ ᠲᠥᠭᠥᠷᠢᠭ᠎ᠤᠨ ᠲᠤᠰᠬᠠᠢ ᠵᠦᠢ᠍ᠯ᠎ᠤᠨ ᠵᠠᠷᠤᠳᠠᠯ ᠣᠷᠣᠭᠤᠯᠵᠤ᠂ 《ᠪᠠᠭᠪᠠᠭ᠋ᠠᠢ ᠴᠡᠴᠡᠭ》 ᠡᠮᠡᠭᠲᠡᠢ᠌ᠴᠦᠳ ᠬᠡᠦᠬᠡᠳ᠎ᠤᠨ ᠡᠷᠬᠡ ᠠᠰᠢᠭ᠎ᠤᠨ ᠦᠢ᠍ᠯᠡᠴᠢᠯᠡᠭᠡᠨ᠎ᠤ 304 ᠲᠥᠷᠥᠯ ᠵᠦᠢ᠍ᠯ᠎ᠢ ᠬᠡᠷᠡᠭᠵᠢᠭᠦᠯᠵᠦ᠂ 53 ᠲᠦᠮᠡᠨ ᠡᠮᠡᠭᠲᠡᠢ᠌ᠴᠦᠳ ᠬᠡᠦᠬᠡᠳ ᠪᠠ ᠭᠡᠷ ᠪᠦᠯᠢ᠎ᠳᠤ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠡᠷᠬᠡ᠎ᠪᠠᠨ ᠬᠠᠮᠠᠭ᠋ᠠᠯᠠᠬᠤ ᠦᠢ᠍ᠯᠡᠴᠢᠯᠡᠭᠡ ᠬᠠᠩᠭ᠋ᠠᠪᠠ᠃ 2023 ᠣᠨ᠎ᠤ ᠨᠡᠶ᠋ᠢᠲᠡ ᠵᠢᠨ ᠠᠰᠠᠷᠠᠮᠵᠢ ᠵᠢᠨ ᠡᠳᠦᠷ᠎ᠤᠨ ᠬᠤᠭᠤᠴᠠᠭ᠋ᠠᠨ᠎ᠳᠤ 《ᠥᠪᠥᠷ ᠮᠣᠩᠭᠣᠯ᠎ᠤᠨ ᠴᠣᠮᠣᠷᠯᠢᠭ ᠲᠥᠯᠥᠪᠯᠡᠭᠡ 23》 ᠠᠵᠢᠯᠯᠠᠭ᠎ᠠ ᠵᠢ ᠥᠷᠨᠢᠭᠦᠯᠵᠦ᠂ 200 ᠭᠠᠷᠤᠢ ᠲᠦᠮᠡᠨ ᠲᠥᠭᠥᠷᠢᠭ᠎ᠤᠨ ᠬᠠᠨᠳᠢᠪ ᠮᠥᠩᠭᠥ ᠴᠤᠭᠯᠠᠭᠤᠯᠵᠤ᠂ ᠬᠦᠴᠢᠷᠳᠡᠯ᠎ᠳᠤ ᠲᠤᠯᠭ᠋ᠠᠷᠠᠭᠰᠠᠨ 1000 ᠭᠠᠷᠤᠢ ᠵᠢᠭ᠋ᠠᠯ ᠥᠬᠢᠳ᠎ᠤᠨ ᠰᠤᠷᠤᠯᠭ᠎ᠠ ᠪᠠ ᠠᠮᠢᠳᠤᠷᠠᠯ᠎ᠤᠨ ᠨᠥᠬᠥᠴᠡᠯ᠎ᠢ ᠰᠠᠢ᠌ᠵᠢᠷᠠᠭᠤᠯᠬᠤ᠎ᠳᠤ ᠬᠦᠴᠦᠨ ᠨᠡᠮᠡᠷᠢᠯᠡᠪᠡ᠃
      ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠠᠵᠢᠯ᠎ᠳᠤ ᠨᠠᠮ ᠪᠣᠯᠣᠨ ᠵᠠᠰᠠᠭ᠎ᠤᠨ ᠣᠷᠳᠣᠨ᠎ᠤ ᠭᠦᠨ ᠵᠤᠵᠠᠭ᠋ᠠᠨ ᠬᠠᠢ᠌ᠷ᠎ᠠ ᠬᠠᠯᠠᠮᠵᠢ ᠠᠭᠤᠯᠤᠭᠳᠠᠵᠤ ᠪᠤᠢ ᠶᠤᠮ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠡᠭᠲᠡᠢ᠌ᠴᠦᠳ᠎ᠤᠨ ᠬᠣᠯᠪᠣᠭ᠎ᠠ ᠵᠢᠨ᠎ᠬᠢᠨ  ᠳᠠᠷᠠᠭ᠋ᠠᠴᠢ᠎ᠪᠠᠷ ᠰᠢ ᠵᠢᠨ ᠫᠢᠩ ᠶᠡᠷᠦᠩᠬᠡᠢ ᠱᠦᠵᠢ ᠵᠢᠨ ᠬᠡᠦᠬᠡᠳ ᠪᠣᠯᠣᠨ ᠬᠡᠦᠬᠡᠳ᠎ᠤᠨ ᠠᠵᠢᠯ᠎ᠤᠨ ᠲᠤᠬᠠᠢ ᠴᠢᠬᠤᠯᠠ ᠥᠭᠦᠯᠡᠯᠲᠡ ᠵᠢ ᠦᠷᠭᠦᠯᠵᠢᠯᠡᠨ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ᠎ᠳᠤ᠎ᠪᠠᠨ ᠰᠠᠭᠤᠷᠢᠯᠠᠵᠤ᠂ ᠬᠡᠦᠬᠡᠳ᠎ᠢ ᠦᠵᠡᠯ ᠰᠠᠨᠠᠭ᠎ᠠ᠎ᠪᠠᠷ ᠬᠦᠳᠤᠯᠤᠨ ᠲᠠᠭ᠋ᠠᠭᠤᠯᠵᠤ᠂ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠵᠡᠷᠭᠡ ᠠᠵᠢᠯ᠎ᠢ ᠨᠠᠷᠢᠨ ᠪᠣᠳᠠᠲᠠᠢ ᠬᠢᠵᠦ᠂ ᠬᠡᠦᠬᠡᠳ᠎ᠤᠨ ᠡᠷᠡᠭᠦᠯ ᠵᠶ᠋ᠡᠷ ᠦᠰᠦᠨ ᠪᠣᠢ᠌ᠵᠢᠬᠤ ᠵᠢ ᠠᠬᠢᠭᠤᠯᠬᠤ᠎ᠳᠤ ᠡᠮᠡᠭᠲᠡᠢ᠌ᠴᠦᠳ᠎ᠤᠨ ᠬᠣᠯᠪᠣᠭ᠎ᠠ ᠵᠢᠨ ᠬᠦᠴᠦᠨ ᠴᠢᠳᠠᠯ ᠵᠶ᠋ᠠᠨ ᠦᠷᠬᠦᠯᠵᠢᠯᠡᠨ ᠡᠷᠭᠦᠨ᠎ᠡ᠃

 






 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠢᠯᠢ ᠵᠢᠨ ᠮᠠᠯᠴᠢᠳ᠎ᠤᠨ ᠬᠦᠰᠡᠯ ᠬᠦᠭᠡᠭᠡᠴᠡᠯᠳᠦᠯ ᠪᠤᠶᠤ ᠤᠳᠤᠬᠢᠴᠢᠯᠠᠭᠰᠠᠨ ᠮᠠᠯ ᠠᠵᠤ ᠠᠬᠤᠢ ᠵᠢᠨ ᠬᠦᠭᠵᠢᠯᠳᠡ
《ᠲᠡᠮᠦᠷ ᠡᠷ᠎ᠡ》 ᠪᠤᠤ ᠳ᠋ᠠ ᠰᠢ ᠵᠢᠨ 《ᠲᠡᠨᠡᠭ》 ᠵᠢᠳᠬᠦᠯ
ᠦᠷᠭᠡᠨ ᠭᠣᠪᠢ ᠎ᠳᠤ ᠳᠡᠯᠭᠡᠷᠡᠭᠰᠡᠨ ᠦᠵᠡᠰᠬᠦᠯᠡᠩᠲᠦ 《ᠵᠠᠭ᠎ᠤᠨ ᠴᠡᠴᠡᠭ》 — ᠠᠯᠲᠠᠨᠲᠠᠨ᠎ᠠ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠤᠳᠬᠠᠬᠤ ᠪᠤᠯᠪᠠᠰᠤᠷᠠᠯ ᠡᠷᠬᠢᠯᠡᠪᠡ
 
            