ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠡᠶ᠋ᠢᠭᠡᠮ ᠰᠡᠳᠬᠦᠯ   -   ᠳᠤᠮᠳᠠᠲᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤᠳᠬᠠᠶ᠎ᠠ
ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠠᠵᠢᠯ᠎ᠢ ᠴᠢᠩᠭ᠋ᠠᠳᠬᠠᠬᠤ ᠲᠤᠬᠠᠢ ᠰᠣᠨᠢᠨ ᠮᠡᠳᠡᠭᠡ ᠨᠡᠢ᠌ᠲᠡᠯᠡᠬᠦ ᠬᠤᠷᠠᠯ ᠲᠡᠬᠡᠷᠡᠬᠢ ᠤᠮᠠᠷᠠᠲᠤ ᠵᠢᠨ ᠰᠢᠨ᠎ᠡ ᠰᠣᠨᠢᠨ᠎ᠤ ᠰᠤᠷᠪᠤᠯᠵᠢᠯᠠᠭᠴᠢ ᠵᠢᠨ ᠠᠰᠠᠭᠤᠯᠳᠠ᠄
ᠨᠡᠶᠢᠲᠡᠯᠡᠭᠰᠡᠨ ᠴᠠᠭ᠄ 2023-10-11

ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠠᠵᠢᠯ᠎ᠢ ᠴᠢᠩᠭ᠋ᠠᠳᠬᠠᠬᠤ ᠳᠤᠮᠳᠠ ᠡᠪ ᠬᠠᠮᠲᠤ ᠵᠠᠯᠠᠭᠤᠴᠤᠳ᠎ᠤᠨ ᠡᠪᠯᠡᠯ᠎ᠤᠨ᠎ᠬᠢᠨ ᠶᠠᠮᠠᠷ ᠶᠠᠮᠠᠷ ᠠᠷᠭ᠎ᠠ ᠠᠪᠤᠭᠰᠠᠨ ᠪᠣᠶ?

   

   ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠪᠯᠡᠯ᠎ᠤᠨ ᠬᠣᠷᠢᠶ᠎ᠠ ᠵᠢᠨ ᠠᠯᠪᠠᠨ ᠭᠡᠷ᠎ᠤᠨ ᠡᠷᠬᠢᠯᠡᠭᠴᠢ᠂ ᠨᠢᠭᠡᠳᠦᠭᠡᠷ  ᠳᠡᠰ᠎ᠤᠨ ᠪᠠᠢ᠌ᠴᠠᠭ᠋ᠠᠨ ᠰᠤᠳᠤᠯᠤᠭᠴᠢ ᠵᠣᠣ ᡁᠢ ᠰᠢᠩ᠎ᠤᠨ ᠬᠠᠷᠢᠭᠤᠯᠳᠠ᠄
    ᠥᠪᠡᠷᠲᠡᠭᠡᠨ ᠵᠠᠰᠠᠬᠤ ᠣᠷᠣᠨ᠎ᠤ ᠡᠪᠯᠡᠯ᠎ᠤᠨ ᠬᠣᠷᠢᠶ᠎ᠠ  ᠵᠢᠨ᠎ᠬᠢᠨ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠠᠵᠢᠯ᠎ᠢ ᠮᠠᠰᠢᠳᠠ ᠴᠢᠬᠤᠯᠠᠴᠢᠯᠠᠭᠰᠠᠭ᠋ᠠᠷ ᠢᠷᠡᠪᠡ᠃ ᠡᠪᠯᠡᠯ᠎ᠤᠨ ᠬᠣᠷᠢᠶ᠎ᠠ ᠵᠢᠨ᠎ᠬᠢᠨ ᠤᠷᠴᠢᠮ᠎ᠤᠨ ᠵᠢᠯ ᠰᠢ ᠵᠢᠨ ᠫᠢᠩ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ ᠎ᠪᠠᠷ ᠨᠠᠢ᠌ᠳᠠᠪᠤᠷᠢᠵᠢᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠪᠠᠭ᠋ᠠᠴᠤᠳ ᠬᠡᠦᠬᠡᠳ ᠪᠣᠯᠣᠨ ᠪᠠᠭ᠋ᠠᠴᠤᠳ᠎ᠤᠨ ᠬᠣᠰᠢᠭᠤᠴᠢ ᠠᠩᠭᠢ ᠵᠢᠨ ᠠᠵᠢᠯ᠎ᠤᠨ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ  ᠲᠤᠭᠤᠰᠢᠯᠠᠭᠤᠯᠤᠨ᠂ ᠨᠠᠮ᠎ᠳᠤ ᠬᠥᠮᠥᠨ ᠬᠥᠮᠥᠵᠢᠭᠦᠯᠬᠦ ᠡᠭᠦᠷᠭᠡ ᠬᠠᠷᠢᠭᠤᠴᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ᠂ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ ᠪᠣᠯᠣᠨ ᠨᠡᠢ᠌ᠭᠡᠮ᠎ᠤᠨ ᠡᠯ᠎ᠡ ᠡᠲᠡᠭᠡᠳ᠎ᠤᠨ᠎ᠬᠢᠨ᠎ᠤ ᠬᠦᠴᠦᠲᠡᠢ ᠳᠡᠮᠵᠢᠯᠭᠡ ᠎ᠪᠠᠷ ᠰᠤᠷᠤᠯᠭ᠎ᠠ ᠵᠢᠨ ᠲᠤᠰᠠᠯᠠᠮᠵᠢ᠂ ᠰᠠᠢ᠌ᠨ ᠳᠤᠷ᠎ᠠ ᠵᠢᠨ ᠦᠢ᠍ᠯᠡᠴᠢᠯᠡᠭᠡ ᠵᠡᠷᠭᠡ ᠠᠵᠢᠯ᠎ᠢ ᠦᠷᠭᠦᠯᠵᠢᠯᠡᠨ ᠭᠦᠨᠵᠡᠭᠡᠢ᠌ᠷᠡᠭᠦᠯᠵᠦ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠲᠤ ᠨᠠᠮ᠎ᠤᠨ ᠬᠠᠯᠠᠮᠵᠢᠯᠠᠯ ᠪᠠ ᠨᠡᠢ᠌ᠭᠡᠮ ᠵᠢᠷᠤᠮ᠎ᠤᠨ ᠶᠡᠬᠡ ᠭᠡᠷ ᠪᠦᠯᠢ ᠵᠢᠨ ᠬᠠᠢ᠌ᠷ᠎ᠠ ᠬᠠᠯᠠᠮᠵᠢ ᠵᠢ ᠳᠠᠮᠵᠢᠭᠤᠯᠪᠠ᠃
   《ᠬᠦᠰᠡᠯ》 ᠢᠨᠵᠧᠨᠧᠷᠢᠩ᠎ᠢ ᠬᠡᠷᠡᠭᠵᠢᠭᠦᠯᠬᠦ ᠠᠵᠢᠯ᠎ᠢ ᠭᠦᠨᠵᠡᠭᠡᠢ᠌ᠷᠡᠭᠦᠯᠵᠦ᠂ ᠪᠥᠬᠥ ᠣᠷᠣᠨ᠎ᠤ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠲᠤ ᠰᠢᠨ᠎ᠡ ᠬᠦᠴᠦᠨ ᠨᠡᠮᠡᠷᠢᠯᠡᠵᠦ᠂ ᠰᠢᠨ᠎ᠡ ᠬᠦᠰᠡᠯ ᠡᠷᠡᠮᠡᠯᠵᠡᠯ᠎ᠢ ᠦᠷ᠎ᠡ ᠰᠠᠴᠤᠬᠰᠠᠨ᠃ ᠠᠶᠤᠯ᠎ᠠᠴᠠ ᠠᠪᠤᠷᠠᠵᠤ ᠬᠦᠴᠢᠷᠳᠡᠯᠲᠡᠢ ᠵᠢ ᠲᠡᠳᠬᠦᠬᠦ᠂ ᠰᠤᠷᠭ᠋ᠠᠨ ᠬᠥᠮᠦᠵᠢᠯ ᠵᠶ᠋ᠡᠷ ᠰᠤᠷᠤᠯᠭ᠎ᠠ ᠵᠢ ᠲᠡᠳᠬᠦᠬᠦ ᠵᠡᠷᠭᠡ ᠲᠠᠯ᠎ᠠ᠎ᠪᠠᠷ 《〈ᠬᠦᠰᠡᠯ〉 ᠢᠨᠵᠧᠨᠧᠷᠢᠩ · 〈ᠲᠢᠶᠠᠨ ᠰᠢᠶᠠᠩ〉 ᠰᠠᠭᠤᠷᠢ ᠮᠥᠩᠭᠥ》᠂ 《〈ᠬᠦᠰᠡᠯ〉 ᠢᠨᠵᠧᠨᠧᠷᠢᠩ 1+1 — ᠬᠤᠸᠠᠨ ᠹᠠᠡᠭ ᠰᠤᠷᠤᠯᠭ᠎ᠠ ᠵᠢ ᠲᠡᠳᠬᠦᠬᠦ ᠲᠥᠯᠥᠪᠯᠡᠭᠡ》 《ᠭᠤᠸᠠᠩ ᠹᠠ ᠪᠠᠩᠬᠢ ᠵᠢᠨ 〈ᠬᠦᠰᠡᠯ〉 ᠰᠤᠷᠤᠯᠭ᠎ᠠ ᠵᠢᠨ ᠲᠡᠳᠬᠦᠮᠵᠢ ᠵᠢᠨ ᠮᠥᠩᠭᠥ》  《ᠬᠠᠢ᠌ᠷ᠎ᠠ ᠬᠠᠯᠠᠮᠵᠢ ᠵᠢᠨ ᠲᠡᠭᠳᠡᠬᠡᠬᠡᠢ · ᠬᠦᠰᠡᠯ᠎ᠤᠨ ᠣᠳᠣᠨ》 ᠵᠡᠷᠭᠡ ᠨᠡᠶ᠋ᠢᠲᠡ ᠵᠢᠨ ᠠᠰᠠᠷᠠᠮᠵᠢ ᠵᠢᠨ ᠲᠤᠰᠠᠯᠠᠮᠵᠢ ᠵᠢᠨ ᠲᠥᠷᠥᠯ ᠵᠦᠢ᠍ᠯ᠎ᠢ ᠥᠷᠨᠢᠭᠦᠯᠬᠦ᠎ᠲᠠᠢ ᠤᠶᠠᠯᠳᠤᠭᠤᠯᠤᠨ᠂ 636 ᠲᠦᠮᠡ ᠭᠠᠷᠤᠢ ᠲᠥᠭᠥᠷᠢᠭ ᠴᠤᠭᠯᠠᠭᠤᠯᠵᠤ᠂ ᠬᠦᠴᠢᠷᠳᠡᠯ᠎ᠳᠤ ᠲᠤᠯᠭ᠋ᠠᠷᠠᠭᠰᠠᠨ 5500 ᠭᠠᠷᠤᠢ ᠵᠠᠯᠠᠭᠤᠴᠤᠳ ᠪᠠᠭ᠋ᠠᠴᠤᠳ᠎ᠢ ᠬᠠᠪᠰᠤᠷᠤᠨ ᠪᠠᠴᠢᠮᠳᠠᠯ ᠬᠦᠴᠢᠷᠳᠡᠯ ᠵᠤᠪᠠᠨᠢᠯ᠎ᠢ᠎ᠨᠢ ᠰᠢᠢ᠍ᠳᠪᠦᠷᠢᠯᠡᠵᠦ ᠥᠭᠪᠡ᠃  《ᠬᠦᠰᠡᠯ》 ᠢᠨᠵᠧᠨᠧᠷᠢᠩ᠎ᠤᠨ 《ᠵᠠᠯᠠᠭᠤᠴᠤᠳ ᠪᠠᠭ᠋ᠠᠴᠤᠳ᠎ᠢ ᠬᠠᠯᠠᠮᠵᠢᠯᠠᠬᠤ》 ᠨᠡᠶ᠋ᠢᠲᠡ ᠵᠢᠨ ᠠᠰᠠᠷᠠᠮᠵᠢ ᠵᠢᠨ ᠠᠵᠢᠯᠯᠠᠭ᠎ᠠ ᠵᠢ ᠥᠷᠨᠢᠭᠦᠯᠵᠦ᠂ ᠪᠦᠬᠦ ᠣᠷᠣᠨ᠎ᠤ ᠬᠦᠴᠢᠷᠳᠡᠯ᠎ᠳᠤ ᠲᠤᠯᠭ᠋ᠠᠷᠠᠭᠰᠠᠨ 1500 ᠵᠠᠯᠠᠭᠤᠴᠤᠳ ᠪᠠᠭ᠋ᠠᠴᠤᠳ᠎ᠲᠤ ᠬᠠᠯᠠᠮᠵᠢ ᠵᠢᠨ ᠪᠡᠯᠡᠭ ᠬᠦᠷᠭᠡᠪᠡ᠃ 《ᠰᠢᠨ᠎ᠡ ᠬᠦᠰᠡᠯ ᠡᠷᠡᠮᠡᠯᠵᠡᠯ ᠵᠶ᠋ᠡᠨ ᠰᠠᠬᠢᠨ ᠬᠠᠮᠠᠭ᠋ᠠᠯᠠᠵᠤ᠂ ᠬᠠᠯᠠᠮᠵᠢ ᠵᠢᠨ ᠦᠷᠤᠬᠡ ᠵᠢ ᠬᠠᠮᠳᠤ᠎ᠪᠠᠷ ᠪᠠᠶ᠋ᠢᠭᠤᠯᠬᠤ》 ᠨᠡᠶ᠋ᠢᠲᠡ ᠵᠢᠨ ᠠᠰᠠᠷᠠᠮᠵᠢ ᠵᠢᠨ ᠲᠥᠷᠥᠯ ᠵᠦᠢ᠍ᠯ᠎ᠢ ᠬᠡᠷᠡᠭᠵᠢᠬᠦᠯᠬᠦ᠎ᠳᠤ᠎ᠪᠠᠨ ᠮᠠᠯᠵᠢᠬᠤ ᠲᠠᠷᠢᠶᠠᠯᠠᠬᠤ ᠣᠷᠣᠨ ᠪᠠ ᠬᠣᠲᠠ ᠪᠠᠯᠭ᠋ᠠᠰᠤ ᠵᠢᠨ ᠰᠠᠢ᠌ᠨ ᠰᠠᠢ᠌ᠬᠠᠨ ᠰᠤᠷᠤᠯᠭ᠎ᠠ ᠪᠠ ᠠᠮᠢᠳᠤᠷᠠᠯ᠎ᠤᠨ ᠣᠷᠴᠢᠨ ᠲᠣᠭᠣᠷᠢᠨ ᠦᠭᠡᠢ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤ ᠦᠶ᠎ᠡ ᠵᠢᠨ ᠬᠦᠴᠢᠷᠳᠡᠯᠲᠡᠢ ᠵᠠᠯᠠᠭᠤᠴᠤᠳ ᠪᠠᠭ᠋ᠠᠴᠤᠳ᠎ᠲᠤ ᠴᠢᠭᠯᠡᠭᠦᠯᠦᠨ᠂ ᠤᠤᠯ᠎ᠤᠨ ᠪᠠᠢ᠌ᠭᠰᠠᠨ ᠣᠷᠣᠨ ᠰᠠᠭᠤᠴᠠ ᠵᠢ᠎ᠨᠢ ᠲᠦᠯᠤᠪᠵᠢᠬᠦᠯᠵᠤ ᠰᠢᠨᠡᠳᠬᠡᠬᠦ ᠵᠢᠨ ᠬᠠᠮᠲᠤ ᠴᠢᠬᠤᠯᠠ ᠪᠦᠬᠦᠢ ᠭᠡᠷ᠎ᠤᠨ ᠬᠡᠷᠡᠭᠰᠡᠯ᠂ ᠣᠷᠣ ᠳᠡᠪᠢᠰᠬᠡᠷ ᠪᠠ ᠰᠤᠷᠤᠯᠭ᠎ᠠ ᠠᠮᠢᠳᠤᠷᠠᠯ᠎ᠤᠨ ᠬᠡᠷᠡᠭᠰᠡᠯ᠎ᠢ ᠲᠤᠬᠢᠷᠠᠭᠤᠯᠪᠠ᠃ ᠬᠠᠯᠠᠮᠵᠢ ᠵᠢᠨ ᠦᠷᠦᠬᠡ ᠵᠢ ᠪᠠᠢ᠌ᠭᠤᠯᠤᠭᠰᠠᠨ᠎ᠤ ᠳᠠᠷᠠᠭ᠎ᠠ ᠲᠤᠬᠠᠢ ᠵᠢᠨ ᠭᠠᠵᠠᠷ᠎ᠤᠨ ᠡᠪᠯᠡᠯ᠎ᠤᠨ ᠬᠣᠷᠢᠶ᠎ᠠ ᠵᠢᠨ᠎ᠬᠢᠨ ᠬᠠᠯᠠᠮᠵᠢ ᠵᠢᠨ ᠰᠠᠢ᠌ᠨ ᠳᠤᠷ᠎ᠠ ᠵᠢᠨ ᠦᠢ᠍ᠯᠡᠴᠢᠯᠡᠭᠴᠢᠳ ᠬᠠᠨᠢ ᠪᠣᠯᠬᠤ ᠦᠢ᠍ᠯᠡᠴᠢᠯᠡᠬᠡ ᠵᠢ ᠢᠵᠢ ᠪᠦᠷᠢᠳᠦᠭᠦᠯᠦᠨ ᠬᠠᠩᠭ᠋ᠠᠵᠤ᠂ ᠬᠡᠦᠬᠡᠳ᠎ᠢ ᠬᠠᠪᠰᠤᠷᠤᠨ ᠦᠰᠦᠨ ᠪᠣᠶ᠋ᠢᠵᠢᠯᠲᠠ ᠪᠠ ᠰᠤᠷᠤᠯᠴᠠᠯᠭ᠎ᠠ ᠵᠢᠨ ᠳᠤᠮᠳᠠᠬᠢ ᠬᠦᠴᠢᠷᠳᠡᠯ ᠪᠠ ᠠᠰᠠᠭᠤᠳᠠᠯ᠎ᠢ᠎ᠨᠢ ᠰᠢᠢ᠍ᠳᠪᠦᠷᠢᠯᠡᠵᠦ ᠥᠭᠬᠦ ᠵᠢᠨ ᠬᠠᠮᠲᠤ ᠲᠡᠳᠡᠨ᠎ᠢ ᠰᠠᠢ᠌ᠨ ᠰᠠᠢ᠌ᠬᠠᠨ ᠰᠤᠷᠤᠯᠴᠠᠯᠭ᠎ᠠ ᠠᠮᠢᠳᠤᠷᠠᠯ᠎ᠤᠨ ᠳᠠᠳᠬᠠᠯ᠎ᠲᠠᠢ ᠪᠣᠯᠭ᠋ᠠᠵᠤ᠂ ᠪᠡᠶ᠎ᠡ᠎ᠪᠠᠨ ᠳᠠᠭ᠋ᠠᠭ᠋ᠠᠬᠤ ᠴᠢᠳᠠᠪᠤᠷᠢ ᠵᠢ᠎ᠨᠢ ᠳᠡᠭᠡᠭᠰᠢᠯᠡᠭᠦᠯᠬᠦ᠎ᠪᠠᠷ ᠬᠥᠲᠥᠯᠥᠨ ᠵᠢᠯᠣᠭᠣᠳᠪᠠ᠃ ᠣᠲᠣ ᠪᠣᠯᠲᠠᠯ᠎ᠠ ᠪᠥᠬᠥ ᠣᠷᠣᠨ᠎ᠤ 116 ᠬᠡᠦᠬᠡᠳ᠎ᠲᠤ 《ᠬᠦᠰᠡᠯ᠎ᠤᠨ ᠬᠠᠯᠠᠮᠵᠢ ᠵᠢᠨ ᠥᠷᠥᠭᠡ》 ᠪᠠᠢ᠌ᠭᠤᠯᠤᠨ ᠥᠭᠴᠦ᠂ ᠲᠡᠳᠡᠨ᠎ᠤ ᠰᠤᠷᠤᠯᠭ᠎ᠠ ᠠᠮᠢᠳᠤᠷᠠᠯ᠎ᠤᠨ ᠣᠷᠴᠢᠨ ᠲᠣᠭᠣᠷᠢᠨ᠎ᠢ ᠰᠠᠢ᠌ᠵᠢᠷᠠᠭᠤᠯᠵᠤ ᠥᠭᠭᠦᠭᠰᠡᠨ ᠪᠠᠢ᠌ᠨ᠎ᠠ᠃ ᠵᠠᠯᠠᠭᠤᠴᠤᠳ ᠪᠠᠭ᠋ᠠᠴᠤᠳ᠎ᠤᠨ ᠬᠠᠷᠠᠭ᠎ᠠ ᠵᠢᠨ ᠡᠷᠡᠭᠦᠯ ᠮᠡᠨᠳᠦ ᠵᠢ ᠬᠠᠯᠠᠮᠵᠢᠯᠠᠨ 《ᠬᠠᠷᠠᠭ᠎ᠠ ᠵᠢ᠎ᠨᠢ ᠬᠡᠷᠡᠯᠳᠤᠬᠦᠯᠬᠦ ᠲᠥᠯᠥᠪᠯᠡᠭᠡ》 ᠵᠢ ᠥᠷᠨᠢᠭᠦᠯᠵᠦ᠂ 980 ᠭᠠᠷᠤᠢ ᠲᠦᠮᠡᠨ ᠲᠥᠭᠥᠷᠢᠭ᠎ᠤᠨ ᠥᠷᠲᠡᠭ ᠪᠦᠬᠦᠢ ᠨᠢᠳᠦ ᠬᠠᠮᠠᠭ᠋ᠠᠯᠠᠬᠤ ᠦᠢ᠍ᠯᠡᠳᠬᠦᠨ᠎ᠢ ᠴᠤᠭᠯᠠᠭᠤᠯᠵᠤ᠂ 68 ᠰᠤᠷᠭ᠋ᠠᠭᠤᠯᠢ ᠵᠢᠨ 15 ᠲᠦᠮᠡᠨ ᠵᠠᠯᠠᠭᠤᠴᠤᠳ ᠪᠠᠭ᠋ᠠᠴᠤᠳ᠎ᠲᠤ ᠰᠦᠢ᠍ᠳᠬᠡᠯ ᠬᠤᠷᠢᠶᠠᠬᠤ ᠦᠭᠡᠢ᠎ᠪᠠᠷ ᠬᠠᠷᠠᠭ᠎ᠠ ᠵᠢ ᠰᠢᠭᠰᠢᠨ ᠪᠠᠢ᠌ᠴᠠᠭ᠋ᠠᠬᠤ᠂ ᠣᠢ᠌ᠷ᠎ᠠ ᠬᠠᠷᠠᠭ᠎ᠠ ᠵᠢ  ᠨᠠᠷᠢᠯᠢᠭ ᠣᠨᠣᠴᠠᠲᠠᠢ ᠰᠡᠷᠭᠡᠢ᠌ᠯᠡᠨ ᠡᠵᠡᠮᠳᠡᠬᠦ ᠪᠠᠢ᠌ᠴᠠᠭ᠋ᠠᠯᠲᠠ᠂ ᠬᠠᠷᠠᠭ᠎ᠠ ᠵᠢ ᠰᠡᠷᠭᠡᠢ᠌ᠯᠡᠨ ᠡᠵᠡᠮᠳᠡᠬᠦ ᠵᠢ ᠳᠡᠭᠡᠭᠰᠢᠯᠡᠭᠦᠯᠬᠦ ᠵᠡᠷᠭᠡ ᠦᠢ᠍ᠯᠡᠴᠢᠯᠡᠭᠡ ᠵᠢ ᠬᠠᠡᠭᠭ᠋ᠠᠪᠠ᠃ ᠦᠨᠳᠦᠰᠦᠨ ᠱᠠᠲᠤᠨ᠎ᠤ ᠰᠤᠷᠭ᠋ᠠᠭᠤᠯᠢ ᠵᠢᠨ ᠰᠤᠷᠭ᠋ᠠᠭᠤᠯᠢ ᠡᠷᠬᠢᠯᠡᠬᠦ ᠨᠥᠬᠥᠴᠡᠯ᠎ᠢ ᠰᠠᠢ᠌ᠵᠢᠷᠠᠭᠤᠯᠵᠤ᠂ 3 ᠬᠦᠰᠡᠯ ᠪᠠᠭ᠎ᠠ ᠰᠤᠷᠭ᠋ᠠᠭᠤᠯᠢ ᠵᠢ ᠲᠤᠰᠠᠯᠠᠨ ᠪᠠᠢ᠌ᠭᠤᠯᠪᠠ᠃ 《ᠤᠩᠰᠢᠯᠭ᠎ᠠ ᠵᠢᠨ ᠣᠴᠢ ᠵᠢ ᠨᠣᠴᠣᠭ᠋ᠠᠵᠤ ᠨᠣᠮ᠎ᠤᠨ ᠰᠤᠷᠪᠤᠯᠵᠢᠲᠤ ᠰᠤᠷᠭ᠋ᠠᠭᠤᠯᠢ ᠵᠢ ᠬᠠᠮᠲᠤ᠎ᠪᠠᠷ ᠪᠠᠶ᠋ᠢᠭᠤᠯᠬᠤ》 ᠲᠥᠷᠥᠯ ᠵᠦᠢ᠍ᠯ᠂ 《ᠬᠦᠰᠡᠯ ᠬᠥᠯ ᠪᠥᠮᠪᠥᠭᠡ ᠪᠠᠶᠠᠷ ᠬᠥᠷ᠎ᠲᠠᠢ ᠬᠥᠯ ᠪᠥᠮᠪᠥᠭᠡ》᠂ 《ᠬᠦᠰᠡᠯ》 ᠢᠨᠵᠧᠨᠧᠷᠢᠩ᠎ᠤᠨ ᠣᠯᠠᠨ ᠵᠠᠭᠤᠴᠢᠯᠠᠭᠤᠷ᠎ᠤᠨ ᠨᠡᠶ᠋ᠢᠲᠡ ᠵᠢᠨ ᠠᠰᠠᠷᠠᠮᠵᠢ ᠵᠢᠨ ᠲᠥᠷᠥᠯ ᠵᠦᠢ᠍ᠯ᠎ᠢ ᠥᠷᠨᠢᠭᠦᠯᠵᠦ᠂ ᠮᠠᠨ᠎ᠤ ᠣᠷᠣᠨ᠎ᠤ 12 ᠠᠢ᠌ᠮᠠᠭ ᠬᠣᠲᠠ ᠵᠢᠨ 47 ᠰᠤᠷᠭ᠋ᠠᠭᠤᠯᠢ ᠵᠢᠨ ᠰᠤᠷᠤᠯᠴᠠᠬᠤ ᠣᠷᠴᠢᠨ ᠲᠣᠭᠣᠷᠢᠨ᠎ᠢ ᠰᠠᠢ᠌ᠵᠢᠷᠠᠭᠤᠯᠬᠤ᠎ᠳᠤ 254 ᠲᠦᠮᠡᠨ ᠲᠥᠭᠥᠷᠢᠭ᠎ᠤᠨ ᠵᠣᠭᠣᠰ ᠮᠥᠩᠭᠥ ᠡᠳ᠋ ᠪᠣᠳᠠᠰ ᠴᠤᠭᠯᠠᠭᠤᠯᠵᠤ᠂ 20000 ᠵᠠᠯᠠᠭᠤᠴᠤᠳ ᠪᠠᠭ᠋ᠠᠴᠤᠳ᠎ᠲᠤ ᠠᠰᠢᠭ ᠬᠦᠷᠲᠡᠭᠡᠪᠡ᠃ 《ᠠᠨᠠᠷ᠎ᠤᠨ ᠦᠷ᠎ᠡ · ᠭᠠᠷ ᠭᠠᠷ ᠵᠶ᠋ᠠᠨ ᠬᠤᠯᠪᠤᠯᠴᠠᠶ᠎ᠠ》 ᠬᠡᠮᠡᠬᠦ ᠪᠥᠬᠥ ᠤᠯᠤᠰ᠎ᠤᠨ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠥᠪᠥᠷ ᠮᠣᠩᠭᠣᠯ᠎ᠤᠨ ᠲᠦᠩ ᠰᠢᠨ ᠶᠢᠩ ᠭᠣᠣᠯ ᠰᠡᠳᠦᠪᠲᠦ ᠠᠵᠢᠯᠯᠠᠭ᠎ᠠ ᠵᠢ ᠡᠷᠭᠢᠯᠡᠵᠦ᠂ ᠰᠢᠨᠵᠢᠶᠠᠩ᠂ ᠭᠤᠸᠠᠩᠰᠢ ᠵᠡᠷᠭᠡ 17 ᠮᠤᠵᠢ ᠵᠢᠨ ᠦᠨᠳᠦᠰᠦᠲᠡᠨ᠎ᠨᠦᠭᠦᠳ᠎ᠤᠨ 240 ᠵᠠᠯᠠᠭᠤᠴᠤᠳ ᠪᠠᠭ᠋ᠠᠴᠤᠳ ᠠᠵᠢᠯᠯᠠᠭ᠎ᠠ᠎ᠳᠤ ᠤᠷᠤᠯᠴᠠᠬᠰᠠᠨ ᠪᠠᠢ᠌ᠨ᠎ᠠ᠃
      ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠪᠯᠡᠯ᠎ᠤᠨ ᠬᠣᠷᠢᠶ᠎ᠠ ᠵᠢᠨ᠎ᠬᠢᠨ ᠳᠠᠷᠠᠭ᠋ᠠᠴᠢ᠎ᠪᠠᠷ ᠡᠬᠢ ᠪᠠᠶᠠᠯᠢᠭ᠎ᠢ ᠡᠮᠬᠢᠯᠡᠬᠦ ᠪᠠ ᠵᠣᠬᠢᠶᠠᠨ ᠪᠠᠢ᠌ᠭᠤᠯᠵᠤ ᠳᠠᠢ᠌ᠴᠢᠯᠠᠬᠤ ᠳᠠᠪᠠᠭᠤᠯᠢᠭ ᠵᠶ᠋ᠠᠨ ᠪᠠᠳᠠᠷᠠᠭᠤᠯᠵᠤ᠂ ᠠᠵᠢᠯ᠎ᠤᠨ ᠠᠴᠢᠶᠠᠯᠠᠪᠤᠷᠢ ᠵᠢᠨ ᠰᠢᠨ᠎ᠡ ᠵᠢ ᠲᠠᠰᠤᠷᠠᠯᠲᠠ ᠦᠭᠡᠢ ᠡᠭᠦᠳᠴᠦ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠬᠤ ᠠᠵᠢᠯ᠎ᠢ ᠡᠪ ᠬᠠᠮᠲᠤ ᠵᠠᠯᠠᠭᠤᠴᠤᠳ᠎ᠤᠨ ᠡᠪᠯᠡᠯ᠎ᠤᠨ᠎ᠬᠢᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦ ᠨᠡᠮᠡᠷᠢᠯᠡᠬᠦ ᠪᠠ ᠰᠢᠨ᠎ᠡ ᠴᠠᠭ ᠦᠶ᠎ᠡ ᠵᠢᠨ 《ᠬᠦᠰᠡᠯ》 ᠢᠨᠵᠧᠨᠧᠷᠢᠩ᠎ᠤᠨ ᠦᠢ᠍ᠯᠡᠰ᠎ᠤᠨ ᠬᠥᠭᠵᠢᠯᠲᠡ ᠵᠢ ᠠᠬᠢᠭᠤᠯᠬᠤ᠎ᠲᠠᠢ ᠨᠢᠭᠲᠠ ᠤᠶᠠᠯᠳᠤᠭᠤᠯᠵᠤ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠢ᠌ᠷ᠎ᠠ ᠰᠡᠳᠬᠢᠯᠭᠡ᠎ᠪᠠᠷ ᠬᠠᠯᠠᠮᠵᠢᠯᠠᠬᠤ ᠪᠠ ᠦᠵᠡᠯ ᠰᠠᠨᠠᠭ᠋ᠠᠨ᠎ᠤ ᠲᠠᠯ᠎ᠠ᠎ᠪᠠᠷ ᠵᠢᠯᠤᠭᠣᠳᠬᠤ ᠠᠵᠢᠯ᠎ᠢ ᠴᠢᠩᠭ᠋ᠠᠳᠬᠠᠵᠤ᠂ ᠲᠡᠳᠡᠨ᠎ᠤ ᠬᠦᠴᠢᠷᠳᠡᠯ᠎ᠢ᠎ᠨᠢ ᠦᠨᠡᠨ ᠬᠦ᠌ ᠪᠣᠳᠠᠲᠠᠢ᠎ᠪᠠᠷ ᠰᠢᠢ᠍ᠳᠪᠦᠷᠢᠯᠡᠵᠦ᠂ ᠲᠡᠳᠡᠨ᠎ᠢ ᠨᠠᠮ ᠲᠤᠶᠠᠭ᠋ᠠᠯᠠᠯ ᠲᠤᠤᠷ᠎ᠠ ᠨᠡᠡᠭ ᠢᠳᠡᠷᠡᠭᠦᠨ ᠵᠶ᠋ᠡᠷ ᠪᠤᠢ᠌ᠵᠢᠭᠤᠯᠬᠤ ᠬᠡᠷᠡᠭᠳᠡᠢ᠃




   

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠠᠵᠢᠯ᠎ᠢ ᠴᠢᠩᠭ᠋ᠠᠳᠬᠠᠬᠤ ᠲᠤᠬᠠᠢ ᠰᠣᠨᠢᠨ ᠮᠡᠳᠡᠭᠡ ᠨᠡᠢ᠌ᠲᠡᠯᠡᠬᠦ ᠬᠤᠷᠠᠯ ᠲᠡᠬᠡᠷᠡᠬᠢ ᠬᠠᠤᠯᠢ ᠴᠠᠭ᠋ᠠᠵᠨ ᠵᠢᠨ ᠰᠣᠨᠢᠨ᠎ᠤ ᠰᠤᠷᠪᠤᠯᠵᠢᠯᠠᠭᠴᠢ ᠵᠢᠨ ᠠᠰᠠᠭᠤᠯᠳᠠ᠄
ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠠᠵᠢᠯ᠎ᠢ ᠴᠢᠩᠭ᠋ᠠᠳᠬᠠᠬᠤ ᠲᠤᠬᠠᠢ ᠰᠣᠨᠢᠨ ᠮᠡᠳᠡᠭᠡ ᠨᠡᠢ᠌ᠲᠡᠯᠡᠬᠦ ᠬᠤᠷᠠᠯ ᠲᠡᠬᠡᠷᠡᠬᠢ ᠥᠪᠥᠷ ᠮᠣᠩᠭᠣᠯ᠎ᠤᠨ ᠲᠧᠯᠸᠢᠰ ᠬᠣᠷᠢᠶᠠᠨ᠎ᠤ ᠰᠤᠷᠪᠤᠯᠵᠢᠯᠠᠭᠴᠢ ᠵᠢᠨ ᠠᠰᠠᠭᠤᠯᠳᠠ᠄
ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠠᠵᠢᠯ᠎ᠢ ᠴᠢᠩᠭ᠋ᠠᠳᠬᠠᠬᠤ ᠲᠤᠬᠠᠢ ᠰᠣᠨᠢᠨ ᠮᠡᠳᠡᠭᠡ ᠨᠡᠢ᠌ᠲᠡᠯᠡᠬᠦ ᠬᠤᠷᠠᠯ ᠲᠡᠬᠡᠷᠡᠬᠢ ᠰᠢᠨᠬᠤᠸᠠ ᠰᠦᠯᠵᠢᠶᠡᠨ᠎ᠤ ᠰᠤᠷᠪᠤᠯᠵᠢᠯᠠᠭᠴᠢ ᠵᠢᠨ ᠠᠰᠠᠭᠤᠯᠳᠠ᠄
ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠠᠵᠢᠯ᠎ᠢ ᠴᠢᠩᠭ᠋ᠠᠳᠬᠠᠬᠤ ᠲᠤᠬᠠᠢ ᠰᠣᠨᠢᠨ ᠮᠡᠳᠡᠭᠡ ᠨᠡᠢ᠌ᠲᠡᠯᠡᠬᠦ ᠬᠤᠷᠠᠯ ᠲᠡᠬᠡᠷᠡᠬᠢ ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠰᠤᠷᠪᠤᠯᠵᠢᠯᠠᠭᠴᠢ ᠵᠢᠨ ᠠᠰᠠᠭᠤᠯᠲᠠ᠄
ᠬᠢᠯᠢ ᠵᠢᠨ ᠮᠠᠯᠴᠢᠳ᠎ᠤᠨ ᠬᠦᠰᠡᠯ ᠬᠦᠭᠡᠭᠡᠴᠡᠯᠳᠦᠯ ᠪᠤᠶᠤ ᠤᠳᠤᠬᠢᠴᠢᠯᠠᠭᠰᠠᠨ ᠮᠠᠯ ᠠᠵᠤ ᠠᠬᠤᠢ ᠵᠢᠨ ᠬᠦᠭᠵᠢᠯᠳᠡ
 
            