ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠡᠶ᠋ᠢᠭᠡᠮ ᠰᠡᠳᠬᠦᠯ   -   ᠳᠤᠮᠳᠠᠲᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤᠳᠬᠠᠶ᠎ᠠ
ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠠᠵᠢᠯ᠎ᠢ ᠴᠢᠩᠭ᠋ᠠᠳᠬᠠᠬᠤ ᠲᠤᠬᠠᠢ ᠰᠣᠨᠢᠨ ᠮᠡᠳᠡᠭᠡ ᠨᠡᠢ᠌ᠲᠡᠯᠡᠬᠦ ᠬᠤᠷᠠᠯ ᠲᠡᠬᠡᠷᠡᠬᠢ ᠰᠢᠨᠬᠤᠸᠠ ᠰᠦᠯᠵᠢᠶᠡᠨ᠎ᠤ ᠰᠤᠷᠪᠤᠯᠵᠢᠯᠠᠭᠴᠢ ᠵᠢᠨ ᠠᠰᠠᠭᠤᠯᠳᠠ᠄
ᠨᠡᠶᠢᠲᠡᠯᠡᠭᠰᠡᠨ ᠴᠠᠭ᠄ 2023-10-16

ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠰᠠᠯᠠᠭ᠎ᠠ ᠮᠥᠴᠢᠷ᠎ᠤᠨ᠎ᠬᠢᠨ ᠴᠢᠬᠤᠯᠠ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠎ᠤᠨ  ᠨᠢᠬᠡ ᠪᠣᠯᠤᠭᠰᠠᠨ᠎ᠤ ᠬᠤᠪᠢ᠎ᠳᠤ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠡᠷᠬᠢᠨ ᠬᠠᠯᠠᠮᠵᠢᠯᠠᠨ ᠬᠠᠮᠠᠭ᠋ᠠᠯᠠᠬᠤ ᠪᠣᠶ?
     
ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠡᠬᠡ ᠨᠢᠯᠬᠠᠰ᠎ᠤᠨ ᠭᠠᠵᠠᠷ᠎ᠤᠨ ᠳᠠᠷᠤᠭ᠎ᠠ ᠵᠠᠩ ᠯᠢ ᠰᠢᠨ᠎ᠤ ᠬᠠᠷᠢᠭᠤᠯᠳᠠ᠄
    ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ ᠬᠡᠦᠬᠡᠳ᠎ᠤᠨ ᠡᠷᠡᠭᠦᠯ ᠮᠡᠨᠳᠦ ᠵᠢᠨ ᠲᠦᠪᠰᠢᠨ᠎ᠢ ᠳᠡᠭᠡᠭᠰᠢᠯᠡᠭᠦᠯᠬᠦ ᠵᠢ ᠢᠮᠠᠭᠲᠠ ᠵᠢᠨ ᠬᠠᠷᠠᠯᠲᠠ ᠪᠣᠯᠭ᠋ᠠᠵᠤ᠂ ᠡᠷᠡᠭᠦᠯ ᠴᠢᠭᠢᠷᠠᠭ ᠬᠡᠦᠬᠡᠳ᠎ᠤᠨ ᠠᠵᠢᠯᠯᠠᠭ᠎ᠠ ᠵᠢ ᠳᠡᠭᠡᠭᠰᠢᠯᠡᠭᠦᠯᠬᠦ ᠲᠥᠯᠥᠪᠯᠡᠭᠡ᠎ᠪᠠᠷ ᠪᠠᠷᠢᠴᠨ ᠪᠤᠯᠭ᠋ᠠᠨ᠂ ᠬᠡᠦᠬᠡᠳ᠎ᠤᠨ ᠡᠷᠡᠭᠦᠯ ᠮᠡᠨᠳᠦ ᠵᠢᠨ ᠬᠠᠮᠢᠶᠠᠷᠤᠯᠲᠠ ᠵᠢᠨ ᠦᠢ᠍ᠯᠡᠴᠢᠯᠡᠭᠡ ᠵᠢ ᠴᠢᠩᠭ᠋ᠠᠳᠬᠠᠨ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ ᠵᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠮᠠᠨ᠎ᠤ ᠣᠷᠣᠨ᠎ᠤ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠡᠮᠴᠢᠯᠡᠭᠡᠨ᠎ᠤ ᠪᠠᠲᠤᠯᠠᠭ᠎ᠠ ᠵᠢᠨ ᠦᠢ᠍ᠯᠡᠴᠢᠯᠡᠭᠡᠨ᠎ᠤ  ᠲᠦᠪᠰᠢᠨ᠎ᠢ ᠲᠡᠭᠡᠭᠰᠢᠯᠡᠬᠦᠯᠦᠭᠰᠡᠬᠡᠷ ᠢᠷᠡᠪᠡ᠃

   ᠨᠢᠭᠡ᠂ ᠬᠡᠦᠬᠡᠳ᠎ᠤᠨ ᠦᠢ᠍ᠯᠡᠴᠢᠯᠡᠭᠡᠨ ᠎ᠤ ᠰᠢᠰᠲᠸᠮ᠎ᠤᠨ ᠪᠠᠢ᠌ᠭᠤᠯᠤᠯᠲᠠ ᠵᠢ ᠴᠢᠡᠭᠭ᠋ᠠᠳᠬᠠᠪᠠ
   ᠮᠠᠨ᠎ᠤ ᠣᠷᠣᠨ᠎ᠤ᠎ᠬᠢᠨ ᠤᠷᠴᠢᠮ᠎ᠤᠨ ᠵᠢᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠴᠢᠨᠠᠷ ᠰᠠᠢ᠌ᠲᠠᠢ ᠥᠨᠳᠥᠷ ᠦᠷ᠎ᠡ ᠪᠦᠲᠦᠮᠵᠢᠲᠡᠶ ᠡᠮᠴᠢᠯᠡᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠰᠢᠰᠲᠸᠮ᠎ᠤᠨ ᠪᠠᠢ᠌ᠭᠤᠯᠤᠯᠲᠠ ᠵᠢᠨ ᠱᠠᠭ᠋ᠠᠷᠳᠠᠯᠭ᠎ᠠ ᠶᠣᠰᠣᠭ᠋ᠠᠷ᠂ ᠬᠡᠦᠬᠡᠳ᠎ᠤᠨ ᠰᠠᠯᠠᠭ᠋ᠠᠨ᠎ᠤ ᠴᠢᠨᠠᠷ ᠰᠠᠢ᠌ᠲᠠᠢ ᠡᠮᠴᠢᠯᠡᠭᠡᠨ᠎ᠤ ᠡᠬᠢ ᠪᠠᠶᠠᠯᠢᠭ᠎ᠤᠨ ᠪᠠᠭᠲᠠᠭ᠋ᠠᠮᠵᠢ ᠵᠢ ᠥᠷᠭᠡᠳᠬᠡᠬᠦ ᠪᠠ ᠣᠷᠣᠨ ᠪᠦᠰᠡ ᠵᠢᠨ ᠲᠡᠩᠴᠡᠭᠦᠷᠢᠲᠡᠢ ᠪᠠᠢ᠌ᠷᠢᠰᠢᠭᠤᠯᠤᠯᠲᠠ ᠵᠢ ᠢᠳᠡᠪᠬᠢᠲᠡᠢ ᠠᠬᠢᠭᠤᠯᠵᠤ᠂ ᠮᠤᠵᠢ ᠬᠣᠲᠠ᠂ ᠬᠤᠰᠢᠭᠤ ᠰᠢᠶᠠᠨ᠂ ᠰᠤᠮᠤ ᠰᠢᠶᠠᠩ ᠪᠠᠯᠭ᠋ᠠᠰᠤ᠂ ᠭᠠᠴᠠᠭ᠎ᠠ ᠲᠣᠰᠬᠣᠨ ᠲᠠᠪᠤᠨ ᠱᠠᠲᠤ᠎ᠪᠠᠷ ᠵᠶ᠋ᠠᠨ ᠬᠣᠯᠪᠤᠭ᠋ᠠᠯᠠᠨ ᠬᠥᠳᠡᠯᠦᠯᠴᠡᠭᠰᠡᠨ ᠡᠮᠴᠢᠯᠡᠭᠡᠨ᠎ᠤ ᠦᠢ᠍ᠯᠡᠴᠢᠯᠡᠭᠡᠨ᠎ᠤ ᠲᠤᠤᠷᠵᠢᠯ᠎ᠢ ᠪᠣᠶ ᠪᠣᠯᠭ᠋ᠠᠵᠤ᠂ ᠬᠥᠨᠳᠡᠯᠡᠨ ᠴᠢᠭᠯᠡᠯ ᠵᠶ᠋ᠡᠷ ᠬᠢᠵᠠᠭ᠋ᠠᠷ ᠬᠦᠷᠲᠡᠯ᠎ᠡ᠂ ᠭᠤᠯᠳᠤ ᠴᠢᠭᠯᠡᠯ ᠵᠶ᠋ᠡᠷ ᠡᠴᠦᠰ ᠎ᠲᠤ᠎ᠨᠢ ᠲᠤᠯᠳᠠᠯᠠᠬᠢ ᠬᠣᠲᠠ ᠬᠥᠳᠡᠭᠡ ᠵᠢ ᠬᠠᠮᠤᠷᠤᠭᠰᠠᠨ ᠬᠡᠦᠬᠡᠳ᠎ᠤᠨ ᠡᠮᠴᠢᠯᠡᠭᠡᠨ᠎ᠤ ᠪᠠᠲᠤᠯᠠᠭ᠎ᠠ ᠵᠢᠨ ᠦᠢ᠍ᠯᠡᠴᠢᠯᠡᠭᠡᠨ᠎ᠤ  ᠲᠤᠤᠷᠵᠢᠯ᠎ᠢ ᠪᠠᠢ᠌ᠭᠤᠯᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ 《ᠡᠬᠡ ᠨᠢᠯᠬᠠᠰ᠎ᠤᠨ ᠡᠷᠡᠭᠦᠯ ᠮᠡᠨᠳᠦ ᠵᠢᠨ ᠦᠢ᠍ᠯᠡᠴᠢᠯᠡᠭᠡᠨ᠎ᠤ  ᠰᠢᠰᠲᠸᠮ ᠪᠠ ᠦᠢ᠍ᠯᠡᠴᠢᠯᠡᠭᠡᠨ᠎ᠤ ᠴᠢᠳᠠᠪᠤᠷᠢ ᠵᠢᠨ ᠪᠠᠢ᠌ᠭᠤᠯᠤᠯᠲᠠ ᠵᠢ ᠤᠯᠠᠮ ᠴᠢᠩᠭ᠋ᠠᠳᠬᠠᠬᠤ ᠲᠤᠬᠠᠢ ᠰᠠᠨᠠᠯ》᠎ᠢ ᠳᠠᠷᠤᠮᠠᠯᠯᠠᠨ ᠲᠠᠷᠬᠠᠭ᠋ᠠᠬᠤ ᠵᠢ ᠠᠬᠢᠭᠤᠯᠵᠤ᠂ ᠬᠡᠦᠬᠡᠳ᠎ᠤᠨ ᠦᠢ᠍ᠯᠡᠴᠢᠯᠡᠭᠡᠨ᠎ᠤ ᠰᠢᠰᠲᠸᠮ ᠪᠠ ᠦᠢ᠍ᠯᠡᠴᠢᠯᠡᠭᠡᠨ᠎ᠤ ᠴᠢᠳᠠᠪᠤᠷᠢ ᠵᠢᠨ ᠪᠠᠢ᠌ᠭᠤᠯᠤᠯᠲᠠ ᠵᠢ ᠴᠢᠡᠭᠭ᠋ᠠᠷᠠᠭᠤᠯᠪᠠ᠃ ᠠᠪᠤᠷᠠᠨ ᠵᠠᠰᠠᠬᠤ ᠲᠥᠪ᠎ᠤᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ᠂ ᠠᠮᠢ ᠨᠠᠰᠤᠨ᠎ᠤ ᠠᠶᠤᠯ᠎ᠲᠠᠢ ᠨᠢᠷᠠᠢ ᠬᠡᠦᠬᠡᠳ᠎ᠢ ᠠᠪᠤᠷᠠᠨ ᠵᠠᠰᠠᠬᠤ ᠲᠥᠪ᠎ᠢ 106᠂ ᠠᠮᠢ ᠨᠠᠰᠤᠨ᠎ᠤ ᠠᠶᠤᠯ᠎ᠲᠠᠢ ᠪᠠᠭ᠋ᠠᠴᠤᠳ ᠬᠡᠦᠬᠡᠳ᠎ᠢ ᠠᠪᠤᠷᠠᠨ ᠵᠠᠰᠠᠬᠤ ᠲᠥᠪ᠎ᠢ 25 ᠪᠠᠢ᠌ᠭᠤᠯᠵᠤ᠂ ᠥᠪᠡᠷᠲᠡᠭᠡᠨ ᠵᠠᠰᠠᠬᠤ ᠣᠷᠣᠨ᠂ ᠠᠢ᠌ᠮᠠᠭ ᠬᠣᠲᠠ᠂ ᠬᠣᠰᠢᠭᠤ ᠰᠢᠶᠠᠨ ᠭᠤᠷᠪᠠᠨ ᠱᠠᠳᠤ ᠵᠢ ᠨᠡᠢ᠌ᠳᠡᠮ ᠪᠦᠷᠬᠦᠬᠦᠯᠪᠡ᠃ ᠳᠠᠪᠠᠭᠤᠯᠢᠭ ᠵᠶ᠋ᠠᠨ ᠤᠯᠠᠮ ᠴᠢᠡᠭᠭ᠋ᠠᠳᠬᠠᠬᠤ᠂ ᠳᠤᠲᠠᠭᠤᠳᠠᠯ ᠵᠶ᠋ᠠᠨ ᠨᠥᠬᠥᠪᠦᠷᠢᠯᠡᠬᠦ᠎ᠪᠠᠷ ᠳᠠᠮᠵᠢᠭᠤᠯᠤᠨ᠂ ᠰᠠᠷ᠎ᠠ ᠲᠦᠬᠦᠷᠡᠬᠡᠳᠤᠢ ᠬᠡᠦᠬᠡᠳ᠎ᠤᠨ ᠣᠨᠴᠠᠯᠢᠭᠲᠤ 2 ᠲᠤᠰᠬᠠᠢ ᠰᠠᠯᠠᠭ᠋ᠠᠨ᠎ᠤ ᠨᠢᠬᠡᠴᠢ ᠵᠢᠨ ᠰᠠᠴᠤᠷᠠᠭᠯᠠᠨ ᠳᠠᠭ᠋ᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠰᠠᠷ᠎ᠠ ᠲᠦᠬᠦᠷᠡᠬᠡᠳᠤᠢ ᠬᠡᠦᠬᠡᠳ᠎ᠤᠨ ᠬᠦᠨᠳᠦ ᠡᠪᠡᠳᠴᠢᠨ᠂ ᠲᠦᠪᠡᠭ ᠪᠤᠳᠤᠯᠢᠶᠠᠨᠲᠠᠢ ᠡᠪᠡᠳᠴᠢᠨ᠎ᠢ ᠵᠠᠰᠠᠬᠤ ᠡᠮᠴᠢᠯᠡᠬᠡᠨ᠎ᠤ ᠲᠦᠪᠰᠢᠨ᠎ᠢ ᠳᠡᠭᠡᠭᠰᠢᠯᠡᠭᠦᠯᠵᠦ᠂ ᠡᠪᠡᠳᠴᠢᠲᠡᠨ᠎ᠤ ᠣᠷᠣᠨ ᠪᠦᠰᠡ ᠠᠯᠤᠰᠯᠠᠨ ᠰᠢᠯᠵᠢᠬᠦ ᠵᠢ ᠪᠠᠭ᠋ᠠᠰᠬᠠᠪᠠ᠃ ᠵᠡᠷᠡᠮᠳᠡᠭ ᠲᠦᠷᠦᠭᠦ ᠵᠢ ᠰᠡᠷᠭᠡᠢ᠌ᠯᠡᠨ ᠵᠠᠰᠠᠬᠤ ᠠᠵᠢᠯ᠎ᠤᠨ ᠲᠣᠭᠲᠠᠴᠠ ᠵᠢ ᠪᠦᠷᠢᠨᠰᠢᠭᠦᠯᠵᠦ᠂ ᠤᠷᠤᠭᠯᠠᠬᠤ᠎ᠠᠴᠠ ᠡᠮᠦᠨᠡᠬᠢ᠂ ᠵᠢᠷᠮᠦᠰᠦᠯᠡᠬᠦ᠎ᠠᠴᠠ ᠡᠮᠦᠨᠡᠬᠢ᠂ ᠵᠢᠷᠮᠦᠰᠦᠨ ᠬᠤᠭᠤᠴᠠᠭ᠎ᠠ᠂ ᠨᠢᠷᠠᠢ ᠬᠡᠦᠬᠡᠳ ᠪᠠ ᠬᠡᠦᠬᠡᠳ᠎ᠤᠨ ᠡᠯ᠎ᠡ ᠱᠠᠲᠤ ᠦᠶ᠎ᠡ ᠵᠢ ᠬᠠᠮᠤᠷᠤᠭᠰᠠᠨ ᠵᠡᠷᠡᠮᠳᠡᠭ ᠲᠦᠷᠦᠭᠦ ᠵᠢ ᠰᠡᠷᠭᠡᠢ᠌ᠯᠡᠨ ᠵᠠᠰᠠᠬᠤ ᠰᠢᠰᠲᠸᠮ᠎ᠢ ᠪᠠᠢ᠌ᠭᠤᠯᠪᠠ᠃ 《ᠢᠨᠲᠸᠷᠨᠡᠲ ᠡᠬᠡ ᠨᠢᠯᠬᠠᠰ》 ᠵᠡᠷᠭᠡ ᠠᠯᠤᠰ ᠡᠵᠡᠮᠰᠢᠯᠲᠦ ᠡᠮᠴᠢᠯᠡᠭᠡᠨ᠎ᠤ ᠬᠠᠮᠵᠢᠯᠴᠠᠭ᠋ᠠᠨ᠎ᠤ ᠰᠦᠯᠵᠢᠶ᠎ᠡ ᠵᠢ ᠢᠳᠡᠪᠬᠢᠲᠡᠢ ᠬᠥᠭᠵᠢᠭᠦᠯᠵᠦ᠂ ᠬᠡᠦᠬᠡᠳ᠎ᠤᠨ ᠰᠠᠯᠠᠭ᠋ᠠᠨ᠎ᠤ ᠰᠢᠯᠢᠳᠡᠭ ᠡᠮᠴᠢᠯᠡᠭᠡᠨ᠎ᠤ ᠡᠬᠢ ᠪᠠᠶᠠᠯᠢᠭ᠎ᠢ ᠦᠨᠳᠦᠰᠦᠨ ᠱᠠᠲᠤᠨ᠎ᠳᠤ ᠪᠠᠭᠤᠯᠭ᠋ᠠᠬᠤ ᠵᠢ ᠠᠬᠢᠭᠤᠯᠤᠨ᠂ ᠬᠡᠦᠬᠡᠳ᠎ᠤᠨ ᠰᠠᠯᠠᠭ᠋ᠠᠨ᠎ᠤ ᠡᠮᠴᠢᠯᠡᠭᠡᠨ᠎ᠤ ᠦᠢ᠍ᠯᠡᠴᠢᠯᠡᠭᠡᠨ᠎ᠤ ᠪᠣᠯᠣᠮᠵᠢᠲᠤ ᠴᠢᠨᠠᠷ᠎ᠢ  ᠲᠡᠭᠡᠭᠰᠢᠯᠡᠬᠦᠯᠪᠡ᠃ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ ᠵᠢᠨ ᠬᠡᠦᠬᠡᠳ᠎ᠤᠨ ᠰᠠᠯᠠᠭ᠋ᠠᠨ᠎ᠤ ᠡᠪᠡᠳᠴᠢᠲᠡᠨ᠎ᠤ ᠣᠷᠣ ᠵᠢᠨ ᠲᠣᠭ᠎ᠠ 2016 ᠣᠨ᠎ᠳᠤ 3960 ᠪᠠᠢ᠌ᠭᠰᠠᠨ᠎ᠢ 2022 ᠣᠨ᠎ᠤ ᠵᠢᠯ᠎ᠤᠨ ᠡᠴᠦᠰ᠎ᠲᠤ 7170  ᠪᠤᠯᠭ᠋ᠠᠪᠠ᠃ ᠬᠡᠦᠬᠡᠳ᠎ᠤᠨ ᠰᠠᠯᠠᠭ᠋ᠠᠨ᠎ᠤ ᠲᠤᠰᠬᠠᠢ ᠮᠡᠷᠭᠡᠵᠢᠯ᠎ᠤᠨ ᠠᠵᠢᠯ ᠡᠷᠭᠢᠯᠡᠬᠦ (ᠲᠤᠰᠠᠯᠠᠭᠴᠢ) ᠡᠮᠴᠢ ᠵᠢᠨ 2016 ᠣᠨ᠎ᠳᠤ 1610 ᠪᠠᠢ᠌ᠭᠰᠠᠨ᠎ᠠᠴᠠ ᠤᠳᠤ 4093 ᠪᠣᠯᠵᠠᠢ᠃

    ᠬᠣᠶᠠᠷ᠂ ᠬᠡᠦᠬᠡᠳ᠎ᠤᠨ ᠡᠷᠡᠭᠦᠯ ᠮᠡᠨᠳᠦ ᠵᠢᠨ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢᠨ ᠴᠢᠡᠭᠭ᠋ᠠᠳᠬᠠᠪᠠ
    ᠬᠡᠦᠬᠡᠳ ᠊ᠷ ᠡᠡᠭ ᠲᠡᠷᠢᠬᠦᠨ᠎ᠳᠤ  ᠪᠣᠳᠣᠯᠬᠢᠯᠠᠬᠤ  ᠤᠢ᠌ᠯᠠᠭ᠋ᠠᠬᠳᠠᠬᠤᠨ᠎ᠢ ᠪᠠᠷᠢᠮᠲᠠᠯᠠᠨ᠂ ᠬᠠᠮᠢᠶ᠎ᠠ ᠪᠦᠬᠦᠢ ᠰᠠᠯᠠᠭ᠎ᠠ ᠮᠥᠴᠢᠷ᠎ᠢ ᠰᠠᠨᠠᠭ᠋ᠠᠴᠢᠯᠠᠭ᠎ᠠ᠎ᠠᠴᠠ᠎ᠪᠠᠨ ᠵᠣᠬᠢᠴᠠᠭᠤᠯᠵᠤ᠂ ᠬᠡᠦᠬᠡᠳ᠎ᠤᠨ ᠡᠷᠡᠭᠦᠯ ᠮᠡᠨᠳᠦ ᠵᠢ ᠪᠠᠲᠤᠯᠠᠬᠤ ᠵᠢ ᠴᠢᠬᠤᠯᠠ ᠠᠭᠤᠯᠭ᠎ᠠ ᠪᠣᠯᠭ᠋ᠠᠨ 《ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠡᠷᠡᠭᠦᠯ ᠬᠠᠮᠠᠭ᠋ᠠᠯᠠᠯ ᠬᠢᠭᠡᠳ ᠡᠷᠡᠭᠦᠯ ᠮᠡᠨᠳᠦ ᠵᠢᠨ ᠦᠢ᠍ᠯᠡᠰ᠎ᠤᠨ ᠬᠦᠭᠵᠢᠬᠦᠯᠤᠯᠳᠡ ᠵᠢᠨ ᠲᠥᠯᠦᠪᠵᠢᠭᠦᠯᠭᠡ》᠎ᠳᠤ ᠣᠷᠣᠭᠤᠯᠵᠤ᠂ ᠬᠡᠦᠬᠡᠳ᠎ᠤᠨ ᠡᠷᠡᠭᠦᠯ ᠮᠡᠨᠳᠦ ᠵᠢᠨ ᠦᠢ᠍ᠯᠡᠴᠢᠯᠡᠭᠡᠨ᠎ᠤ ᠲᠤᠤᠷᠵᠢᠯ᠎ᠤᠨ ᠪᠠᠢ᠌ᠭᠤᠯᠤᠯᠲᠠ ᠵᠢ ᠲᠣᠪᠤᠢ᠌ᠯᠭ᠋ᠠᠨ᠂ ᠬᠡᠦᠬᠡᠳ᠎ᠤᠨ ᠡᠷᠡᠭᠦᠯ ᠮᠡᠨᠳᠦ ᠵᠢᠨ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠴᠢᠡᠭᠭ᠋ᠠᠷᠠᠭᠤᠯᠪᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠡᠬᠡ ᠨᠢᠯᠬᠠᠰ᠎ᠤᠨ ᠡᠷᠡᠭᠦᠯᠵᠢᠯ᠎ᠤᠨ ᠬᠠᠤᠯᠢ〉 ᠵᠢ ᠬᠡᠷᠡᠭᠵᠢᠭᠦᠯᠬᠦ ᠠᠷᠭ᠎ᠠ》᠎ᠳᠤ ᠵᠠᠰᠠᠪᠤᠷᠢ ᠣᠷᠣᠭᠤᠯᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯ ᠴᠢᠭᠢᠷᠠᠭ ᠬᠡᠦᠬᠡᠳ᠎ᠤᠨ ᠠᠵᠢᠯᠯᠠᠭ᠎ᠠ ᠵᠢ ᠳᠡᠭᠡᠭᠰᠢᠯᠡᠭᠦᠯᠬᠦ ᠲᠥᠯᠥᠪᠯᠡᠭᠡ ᠵᠢᠨ ᠬᠡᠷᠡᠭᠵᠢᠭᠦᠯᠬᠦ ᠲᠥᠰᠥᠯ》 《ᠬᠡᠦᠬᠡᠳ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠥᠭᠡᠷᠡᠴᠢᠯᠡᠯᠲᠡ ᠬᠢᠭᠡᠳ ᠬᠦᠭᠵᠢᠬᠦᠯᠤᠯᠳᠡ ᠵᠢ ᠴᠢᠩᠭ᠋ᠠᠳᠬᠠᠬᠤ ᠲᠤᠬᠠᠢ ᠬᠡᠷᠡᠭᠵᠢᠭᠦᠯᠬᠦ ᠲᠥᠰᠥᠯ》 ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠦᠬᠡᠳ᠎ᠤᠨ ᠰᠠᠯᠠᠭ᠋ᠠᠨ᠎ᠤ ᠡᠮᠨᠡᠯᠭᠡ ᠵᠢᠨ ᠠᠵᠢᠯᠲᠠᠨ᠎ᠢ ᠬᠥᠮᠥᠵᠢᠭᠦᠯᠦᠨ ᠬᠥᠭᠵᠢᠭᠦᠯᠬᠦ ᠲᠥᠯᠦᠪᠵᠢᠭᠦᠯᠭᠡ (2016 — 2020 ᠣᠨ)》 ᠵᠡᠷᠭᠡ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠎ᠢ ᠲᠣᠭᠲᠠᠭ᠋ᠠᠨ ᠳᠠᠷᠤᠮᠠᠯᠯᠠᠨ  ᠲᠠᠷᠬᠠᠭ᠋ᠠᠪᠠ᠃ ᠪᠦᠬᠦ ᠣᠷᠣᠨ᠎ᠤ ᠡᠮᠴᠢᠯᠡᠭᠡᠨ᠎ᠤ ᠪᠠᠢ᠌ᠭᠤᠯᠤᠮᠵᠢ ᠪᠠ ᠠᠵᠢᠯᠲᠠᠨ᠎ᠤ ᠠᠯᠪᠠᠳᠠᠯᠭ᠎ᠠ᠎ᠪᠠᠷ ᠮᠡᠳᠡᠭᠦᠯᠬᠦ ᠤᠬᠠᠮᠰᠠᠷ᠎ᠢ ᠴᠢᠩᠭ᠋ᠠᠳᠬᠠᠵᠤ᠂ ᠠᠯᠪᠠᠳᠠᠯᠭ᠎ᠠ᠎ᠪᠠᠷ ᠮᠡᠳᠡᠭᠦᠯᠬᠦ ᠠᠵᠢᠯ᠎ᠢ ᠥᠷᠨᠢᠭᠦᠯᠵᠦ᠂ ᠪᠥᠬᠥ ᠤᠯᠤᠰ᠎ᠤᠨ ᠰᠤᠷᠤᠭᠴᠢᠳ᠎ᠤᠨ ᠪᠠᠢ᠌ᠩᠭᠤ ᠲᠣᠬᠢᠶᠠᠯᠳᠤᠳᠠᠭ ᠡᠪᠡᠳᠴᠢᠨ ᠪᠠ ᠡᠷᠡᠭᠦᠯ ᠮᠡᠨᠳᠦ ᠵᠢ ᠨᠥᠯᠥᠭᠡᠯᠡᠬᠦ ᠬᠦᠴᠦᠨ ᠵᠦᠢ᠍ᠯ᠎ᠢ ᠬᠢᠨᠠᠨ ᠬᠡᠮᠵᠢᠬᠦ ᠲᠠᠪᠴᠠᠩ᠎ᠳᠤ ᠲᠦᠰᠢᠭᠯᠡᠨ᠂ ᠪᠥᠬᠥ ᠣᠷᠣᠨ᠎ᠤ 3 ᠠᠢ᠌ᠮᠠᠭ ᠬᠣᠲᠠ ᠵᠢᠨ 9 ᠡᠮᠴᠢᠯᠡᠭᠡᠨ᠎ᠤ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ᠎ᠳᠤ ᠭᠡᠮᠲᠦᠯ᠎ᠢ ᠬᠢᠨᠠᠨ ᠬᠡᠮᠵᠢᠬᠦ ᠠᠵᠢᠯ᠎ᠢ ᠥᠷᠨᠢᠭᠦᠯᠵᠦ᠂ ᠬᠣᠬᠢᠷᠠᠯ᠎ᠳᠤ ᠤᠴᠠᠷᠠᠭᠰᠠᠨ ᠪᠤᠶᠤ ᠡᠨᠳᠡᠯ᠎ᠤᠨ ᠭᠡᠮᠲᠦᠯ᠎ᠳᠤ ᠲᠤᠯᠭ᠋ᠠᠷᠠᠭᠰᠠᠨ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠴᠠᠭ ᠲᠤᠬᠠᠢ᠎ᠳᠤ᠎ᠨᠢ ᠭᠥᠯᠢᠶᠡᠨ ᠠᠪᠴᠤ ᠠᠪᠤᠷᠠᠨ ᠵᠠᠰᠠᠵᠤ᠂ ᠰᠢᠷᠬᠠᠲᠤᠯ᠎ᠤᠨ ᠪᠠᠢ᠌ᠳᠠᠯ᠎ᠢ ᠬᠢᠨᠠᠨ ᠲᠣᠭᠲᠠᠭ᠋ᠠᠬᠤ᠂ ᠪᠡᠶ᠎ᠡ ᠰᠡᠳᠬᠢᠯ᠎ᠤᠨ ᠡᠷᠡᠭᠦᠯ ᠮᠡᠨᠳᠦ ᠵᠢᠨ ᠪᠠᠢ᠌ᠳᠠᠯ᠎ᠢ ᠦᠨᠡᠯᠡᠬᠦ ᠵᠡᠷᠭᠡ ᠠᠵᠢᠯ᠎ᠢ ᠬᠠᠪᠰᠤᠷᠤᠨ ᠰᠠᠢ᠌ᠲᠤᠷ ᠬᠢᠵᠦ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠪᠡᠶ᠎ᠡ ᠵᠢᠨ ᠠᠮᠤᠷ ᠲᠦᠪᠰᠢᠨ᠎ᠢ ᠪᠠᠳᠤᠯᠠᠪᠠ᠃

    ᠭᠤᠷᠪᠠ᠂ ᠬᠡᠦᠬᠡᠳ᠎ᠤᠨ ᠡᠮᠴᠢᠯᠡᠭᠡᠨ᠎ᠤ ᠠᠪᠤᠷᠠᠨ ᠵᠠᠰᠠᠬᠤ ᠪᠠᠲᠤᠯᠠᠭ᠎ᠠ ᠵᠢᠨ ᠦᠢ᠍ᠯᠡᠴᠢᠯᠡᠭᠡ ᠵᠢ ᠴᠢᠡᠭᠭ᠋ᠠᠷᠠᠭᠤᠯᠪᠠ
    《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠦᠬᠡᠳ᠎ᠤᠨ ᠴᠢᠰᠤᠨ ᠡᠪᠡᠳᠴᠢᠨ᠂ ᠬᠣᠣᠷᠲᠤ ᠬᠠᠪᠤᠳᠠᠷ᠎ᠤᠨ ᠡᠮᠴᠢᠯᠡᠭᠡᠨ᠎ᠤ ᠠᠪᠤᠷᠠᠨ ᠵᠠᠰᠠᠯᠲᠠ ᠪᠠ ᠪᠠᠲᠤᠯᠠᠭ᠎ᠠ ᠵᠢᠨ ᠬᠠᠮᠢᠶᠠᠷᠤᠯᠲᠠ ᠵᠢᠨ ᠠᠵᠢᠯ᠎ᠤᠨ ᠬᠡᠷᠡᠭᠵᠢᠭᠦᠯᠬᠦ ᠲᠥᠰᠥᠯ》 ᠵᠡᠷᠭᠡ 3 ᠪᠢᠴᠢᠭ ᠮᠠᠲ᠋ᠧᠷᠢᠶᠠᠯ᠎ᠢ ᠨᠡᠢ᠌ᠲᠡᠯᠡᠵᠦ᠂ ᠶᠠᠰᠤ ᠴᠢᠨᠠᠷ᠎ᠢ ᠪᠠᠲᠤᠯᠠᠬᠤ᠂ ᠡᠪᠡᠳᠴᠢᠲᠡᠨ᠎ᠳᠤ ᠲᠥᠬᠥᠮ ᠦᠵᠡᠭᠦᠯᠬᠦ᠂ ᠵᠢᠷᠤᠮᠵᠢᠭᠤᠨ ᠬᠠᠮᠢᠶᠠᠷᠬᠤ ᠵᠠᠷᠴᠢᠮ ᠶᠣᠰᠣᠭ᠋ᠠᠷ ᠥᠪᠡᠷᠲᠡᠭᠡᠨ ᠵᠠᠰᠠᠬᠤ ᠣᠷᠣᠨ᠎ᠤ ᠬᠡᠦᠬᠡᠳ᠎ᠤᠨ ᠴᠢᠰᠤᠨ᠎ᠤ ᠡᠪᠡᠳᠴᠢᠨ ᠪᠠ ᠬᠤᠤᠷᠠᠳᠤ ᠬᠠᠪᠤᠳᠠᠷ᠎ᠤᠨ ᠲᠤᠰᠬᠠᠢ ᠮᠡᠷᠭᠡᠵᠢᠯᠲᠡᠨ᠎ᠤ ᠳᠤᠭᠤᠢ᠌ᠯᠠᠩ᠎ᠢ ᠪᠠᠢ᠌ᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠮᠨᠡᠯᠭᠡ ᠵᠢᠨ ᠬᠣᠷᠢᠶ᠎ᠠ᠎ᠪᠠᠷ ᠲᠦᠷᠦᠭᠦᠯᠡᠭᠦᠯᠦᠭᠰᠡᠨ᠂ ᠡᠯ᠎ᠡ ᠴᠡᠭ ᠲᠣᠭᠲᠠᠭ᠋ᠠᠭᠰᠠᠨ ᠡᠮᠨᠡᠯᠭᠡ ᠵᠢᠨ ᠬᠣᠷᠢᠶ᠎ᠠ᠎ᠨᠤᠭᠤᠳ ᠬᠠᠮᠳᠤ᠎ᠪᠠᠷ ᠣᠷᠣᠯᠴᠠᠭᠰᠠᠨ ᠣᠨᠣᠰᠢᠯᠠᠨ ᠡᠮᠨᠡᠬᠦ ᠦᠢ᠍ᠯᠡᠴᠢᠯᠡᠭᠡᠨ᠎ᠤ ᠲᠤᠤᠷᠵᠢᠯ᠎ᠢ ᠪᠠᠢ᠌ᠭᠤᠯᠪᠠ᠃ 2019 ᠣᠨ᠎ᠳᠤ ᠡᠪᠡᠳᠴᠢᠨ ᠡᠭᠦᠰᠬᠦ ᠨᠤᠷᠮ᠎ᠠ᠎ᠪᠠᠷ ᠬᠠᠷᠢᠴᠠᠩᠭᠤᠢ ᠥᠨᠳᠥᠷ 10 ᠡᠪᠡᠳᠴᠢᠨ᠎ᠤ ᠲᠦᠷᠦᠯ᠎ᠢ ᠠᠩᠬᠠᠳᠠᠭᠴᠢ ᠪᠦᠯᠦᠭ ᠴᠢᠰᠤ ᠴᠠᠢ᠌ᠬᠤ ᠡᠪᠡᠳᠴᠢᠨ᠂ ᠬᠣᠣᠷᠲᠤ ᠬᠠᠪᠤᠳᠠᠷ ᠵᠡᠷᠭᠡ ᠬᠦᠨᠳᠦ ᠡᠪᠡᠳᠴᠢᠨ᠎ᠲᠠᠢ ᠬᠡᠦᠬᠡᠳ᠎ᠢ ᠡᠮᠨᠡᠨ ᠠᠪᠤᠷᠠᠬᠤ ᠬᠠᠮᠢᠶᠠᠷᠤᠯᠲᠠ ᠵᠢᠨ ᠡᠪᠡᠳᠴᠢᠨ᠎ᠤ ᠲᠦᠷᠦᠯ ᠵᠶ᠋ᠡᠷ ᠲᠣᠭᠲᠠᠭ᠋ᠠᠵᠤ᠂ 2021 ᠣᠨ᠎ᠳᠤ ᠲᠥᠪ ᠮᠡᠳᠡᠷᠡᠯ᠎ᠤᠨ ᠰᠢᠰᠲ᠋ᠧᠮ᠎ᠤᠨ ᠪᠡᠲᠡᠭᠢᠲᠦ ᠬᠠᠪᠤᠳᠠᠷ ᠵᠡᠷᠭᠡ 12 ᠡᠪᠡᠳᠴᠢᠨ᠎ᠤ ᠲᠦᠷᠦᠯ᠎ᠢ ᠬᠡᠦᠬᠡᠳ᠎ᠤᠨ ᠴᠢᠰᠤᠨ ᠡᠪᠡᠳᠴᠢᠨ ᠬᠣᠣᠷᠲᠤ ᠬᠠᠪᠤᠳᠠᠷ᠎ᠢ ᠡᠮᠨᠡᠨ ᠵᠠᠰᠠᠬᠤ ᠬᠠᠮᠢᠶᠠᠷᠤᠯᠲᠠ ᠵᠢᠨ ᠡᠪᠡᠳᠴᠢᠨ᠎ᠤ ᠲᠦᠷᠦᠯ᠎ᠳᠤ ᠣᠷᠣᠭᠤᠯᠪᠠ᠃ ᠨᠥᠬᠥᠴᠡᠯ᠎ᠳᠤ ᠨᠡᠢ᠌ᠴᠡᠬᠦ ᠬᠦᠴᠢᠷᠳᠡᠯᠲᠡᠢ ᠣᠯᠠᠨ ᠲᠦᠮᠡᠨ᠎ᠢ ᠲᠤᠰᠠᠯᠠᠨ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠳᠤ ᠣᠷᠣᠯᠴᠠᠭᠤᠯᠵᠤ᠂ ᠨᠥᠬᠥᠴᠡᠯ᠎ᠳᠤ ᠨᠡᠢ᠌ᠴᠡᠬᠦ ᠬᠡᠦᠬᠡᠳ᠎ᠤᠨ ᠴᠢᠰᠤᠨ ᠡᠪᠡᠳᠴᠢᠨ᠂ ᠬᠣᠣᠷᠲᠤ ᠬᠠᠪᠤᠳᠠᠷ ᠵᠡᠷᠭᠡ ᠬᠦᠨᠳᠦ ᠶᠡᠬᠡ ᠡᠪᠡᠳᠴᠢᠨ ᠡᠮᠭᠡᠭ᠎ᠢ ᠡᠮᠨᠡᠨ ᠵᠠᠰᠠᠬᠤ ᠨᠠᠩ ᠣᠯᠠᠨ ᠡᠮ᠎ᠢ ᠡᠮ ᠡᠮᠨᠡᠯᠭᠡ ᠵᠢᠨ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠬᠡᠪᠴᠢᠶᠡᠨ᠎ᠳᠤ ᠤᠷᠤᠭᠤᠯᠪᠠ᠃ ᠨᠡᠢ᠌ᠭᠡᠮ᠎ᠤᠨ ᠲᠠᠷᠠᠬᠠᠢ ᠰᠠᠭᠤᠵᠤ ᠪᠠᠢ᠌ᠭ᠎ᠠ ᠬᠡᠷᠡᠭᠴᠡᠭᠡ ᠱᠠᠭ᠋ᠠᠷᠳᠠᠯᠭ᠎ᠠ᠎ᠲᠠᠢ ᠥᠨᠥᠴᠢᠨ ᠬᠡᠦᠬᠡᠳ᠎ᠲᠤ ᠪᠠᠢ᠌ᠭᠤᠯᠤᠮᠵᠢ ᠵᠢᠨ ᠳᠣᠲᠣᠷᠠᠬᠢ ᠬᠡᠦᠬᠡᠳ᠎ᠢ ᠠᠪᠤᠷᠠᠨ ᠵᠠᠰᠠᠬᠤ ᠲᠥᠷᠥ ᠵᠢᠨ ᠪᠣᠳᠣᠯᠭ᠎ᠠ ᠪᠠ ᠠᠷᠭ᠎ᠠ ᠬᠢᠳᠡᠯ ᠵᠶ᠋ᠡᠷ ᠯᠠᠪᠯᠠᠯᠲᠠ ᠪᠣᠯᠭ᠋ᠠᠨ ᠡᠮᠴᠢᠯᠡᠵᠦ ᠡᠷᠡᠭᠦᠯᠵᠢᠭᠦᠯᠬᠦ ᠠᠷᠭ᠎ᠠ ᠵᠢ ᠬᠡᠷᠡᠭᠵᠢᠭᠦᠯᠵᠦ᠂ ᠭᠣᠯᠣᠭᠳᠠᠭᠰᠠᠨ ᠨᠢᠯᠬ᠎ᠠ ᠬᠡᠦᠬᠡᠳ ᠪᠠ ᠲᠡᠨᠦᠭᠦᠴᠢᠯᠡᠨ ᠭᠤᠢ᠌ᠷᠠᠨᠴᠢᠯᠠᠵᠤ ᠪᠠᠢ᠌ᠭ᠎ᠠ ᠨᠠᠰᠤᠨ᠎ᠳᠤ ᠥᠯᠥ ᠬᠦᠷᠦᠭᠰᠡᠨ ᠡᠪᠡᠳᠴᠢᠲᠡᠨ᠎ᠢ ᠡᠮᠴᠢᠯᠡᠵᠦ ᠠᠪᠤᠷᠠᠨ ᠵᠠᠰᠠᠬᠤ᠎ᠳᠤ  ᠠᠩᠬ᠎ᠠ ᠡᠮᠨᠡᠭᠦᠯᠬᠦ ᠬᠠᠷᠢᠭᠤᠴᠠᠯᠭ᠎ᠠ ᠵᠢᠨ ᠳᠦᠷᠢᠮ ᠪᠠ ᠤᠷᠢᠳ ᠵᠶ᠋ᠡᠷ ᠠᠪᠤᠷᠠᠨ ᠵᠠᠰᠠᠵᠤ ᠳᠠᠷᠠᠭ᠎ᠠ᠎ᠨᠢ ᠲᠠᠡᠭᠰᠠ ᠴᠠᠢ᠌ᠷᠠᠭᠤᠯᠬᠤ ᠬᠠᠮᠢᠶᠠᠷᠤᠯᠲᠠ ᠵᠢᠨ ᠳᠦᠷᠢᠮ᠎ᠢ ᠬᠡᠷᠡᠭᠵᠢᠬᠦᠯᠪᠡ᠃ 2022 ᠣᠨ᠎ᠠᠴᠠ ᠨᠠᠭ᠋ᠠᠰᠢ ᠬᠡᠦᠬᠡᠳ᠎ᠤᠨ ᠴᠢᠰᠤ ᠴᠠᠢ᠌ᠬᠤ ᠡᠪᠡᠳᠴᠢᠨ᠎ᠢ 70 ᠭᠠᠷᠤᠢ ᠰᠢᠨ᠎ᠡ᠎ᠪᠠᠷ ᠣᠨᠣᠰᠢᠯᠠᠵᠤ᠂ ᠬᠡᠦᠬᠡᠳ᠎ᠤᠨ ᠬᠣᠣᠷᠲᠤ ᠬᠠᠪᠤᠳᠠᠷ᠎ᠢ 60 ᠭᠠᠷᠤᠢ ᠤᠳᠠᠭ᠎ᠠ ᠣᠨᠣᠰᠢᠯᠠᠵᠠᠢ᠃

     ᠳᠥᠷᠪᠡ᠂ ᠬᠡᠦᠬᠡᠳ᠎ᠤᠨ ᠡᠷᠡᠭᠦᠯ ᠮᠡᠨᠳᠦ ᠵᠢᠨ ᠪᠥᠬᠥ ᠶᠠᠪᠤᠴᠠ ᠪᠥᠬᠥ ᠲᠠᠯ᠎ᠠ ᠵᠢᠨ ᠦᠢ᠍ᠯᠡᠴᠢᠯᠡᠭᠡ ᠬᠠᠡᠭᠭ᠋ᠠᠪᠠ
      ᠤᠯᠤᠰ᠎ᠤᠨ ᠦᠨᠳᠦᠰᠦᠨ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠲᠥᠷᠥᠯ ᠵᠦᠢ᠍ᠯ᠎ᠳᠤ᠎ᠬᠢ 6 ᠨᠠᠰᠤᠨ᠎ᠠᠴᠠ ᠲᠤᠷᠤᠬᠰᠢᠬᠢ ᠬᠡᠦᠬᠡᠳ᠎ᠤᠨ ᠡᠷᠡᠭᠦᠯ ᠮᠡᠨᠳᠦ ᠵᠢᠨ ᠬᠠᠮᠢᠶᠠᠷᠤᠯᠲᠠ᠂ ᠲᠥᠷᠥᠯᠬᠢ ᠵᠢᠷᠦᠬᠡᠨ ᠡᠪᠡᠳᠴᠢᠨ᠎ᠤ ᠰᠢᠭᠰᠢᠨ ᠪᠠᠢ᠌ᠴᠠᠭ᠋ᠠᠯᠲᠠ᠂ ᠥᠨᠥᠴᠢᠷᠡᠮᠡᠯ ᠡᠪᠡᠳᠴᠢᠨ᠎ᠤ ᠰᠢᠭᠰᠢᠨ ᠪᠠᠢ᠌ᠴᠠᠭ᠋ᠠᠯᠲᠠ ᠵᠡᠷᠭᠡ ᠦᠢ᠍ᠯᠡᠴᠢᠯᠡᠭᠡᠨ᠎ᠤ ᠠᠭᠤᠯᠭ᠎ᠠ᠎ᠳᠤ ᠲᠦᠰᠢᠭᠯᠡᠨ᠂ ᠡᠷᠡᠭᠦᠯ ᠮᠡᠨᠳᠦ ᠵᠢᠨ ᠬᠢᠨᠠᠨ ᠬᠡᠮᠵᠢᠯᠲᠡ ᠪᠠ ᠬᠠᠮᠢᠶᠠᠷᠤᠯᠲᠠ ᠵᠢᠨ ᠲᠣᠭᠲᠠᠴᠠ ᠵᠢ ᠰᠠᠨᠠᠭ᠋ᠠᠴᠢᠯᠠᠭ᠎ᠠ᠎ᠠᠴᠠ᠎ᠪᠠᠨ ᠪᠠᠢ᠌ᠭᠤᠯᠵᠤ᠂ 2022 ᠣᠨ᠎ᠤ 6 ᠨᠠᠰᠤᠨ᠎ᠠᠴᠠ ᠲᠤᠷᠤᠬᠰᠢᠬᠢ ᠬᠡᠦᠬᠡᠳ᠎ᠤᠨ ᠡᠷᠡᠭᠦᠯ ᠮᠡᠨᠳᠦ ᠵᠢᠨ ᠬᠠᠮᠢᠶᠠᠷᠤᠯᠲᠠ ᠵᠢᠨ ᠨᠣᠷᠮ᠎ᠠ ᠵᠢ 95%᠎ᠳᠤ ᠬᠦᠷᠤᠬᠦᠯᠪᠡ᠃ 8 ᠵᠢᠯ᠎ᠤᠨ ᠳᠣᠲᠣᠷ᠎ᠠ ᠰᠤᠷᠬᠤ ᠨᠠᠰᠤᠨ᠎ᠠᠴᠠ ᠡᠮᠦᠨᠡᠬᠢ 2.63 ᠲᠦᠮᠡᠨ ᠬᠡᠦᠬᠡᠳ᠎ᠤᠨ ᠲᠥᠷᠥᠯᠬᠢ ᠵᠢᠷᠦᠬᠡᠨ ᠡᠪᠡᠳᠴᠢᠨ᠎ᠢ ᠰᠢᠭᠰᠢᠨ ᠪᠠᠢ᠌ᠴᠠᠭ᠋ᠠᠵᠤ᠂ 279 ᠠᠷᠭ᠎ᠠ ᠴᠢᠨᠠᠷᠲᠠᠢ ᠬᠡᠦᠬᠡᠳ᠎ᠢ ᠰᠢᠭᠰᠢᠨ ᠪᠠᠢ᠌ᠴᠠᠭ᠋ᠠᠵᠤ ᠭᠠᠷᠭ᠋ᠠᠵᠠᠢ᠃ ᠭᠤᠷᠪᠠᠨ ᠬᠣᠰᠢᠭᠤ ᠰᠢᠶᠠᠨ ᠲᠣᠭᠣᠷᠢᠭ᠎ᠲᠤ ᠦᠨᠳᠦᠰᠦᠨ ᠱᠠᠲᠤᠨ᠎ᠤ ᠬᠡᠦᠬᠡᠳ᠎ᠤᠨ ᠠᠩᠬᠠᠨ᠎ᠤ ᠬᠤᠭᠤᠴᠠᠭ᠋ᠠᠨ᠎ᠤ ᠬᠦᠭᠵᠢᠬᠦᠯᠤᠯᠳᠡ ᠵᠢᠨ ᠲᠥᠷᠥᠯ ᠵᠦᠢ᠍ᠯ᠎ᠢ ᠡᠬᠢᠯᠡᠬᠦᠯᠪᠡ᠃ ᠰᠠᠷ᠎ᠠ ᠲᠦᠬᠦᠷᠡᠬᠡᠳᠤᠢ ᠬᠡᠦᠬᠡᠳ᠎ᠤᠨ ᠡᠪᠡᠳᠴᠢᠨ ᠡᠮᠭᠡᠭ᠎ᠢ ᠰᠢᠭᠰᠢᠨ ᠪᠠᠢ᠌ᠴᠠᠭ᠋ᠠᠬᠤ ᠲᠥᠷᠥᠯ ᠵᠦᠢ᠍ᠯ᠎ᠢ ᠥᠷᠨᠢᠭᠦᠯᠵᠦ᠂ ᠨᠡᠶ᠋ᠢᠲᠡ 11.85 ᠲᠦᠮᠡᠨ ᠬᠥᠮᠥᠨ᠎ᠢ ᠰᠢᠭᠰᠢᠨ ᠪᠠᠢ᠌ᠴᠠᠭ᠋ᠠᠪᠠ᠃ 2 — 6 ᠨᠠᠰᠤᠨ᠎ᠤ 42.78 ᠲᠦᠮᠡ ᠭᠠᠷᠤᠢ ᠬᠡᠦᠬᠡᠳ᠎ᠲᠤ ᠰᠦᠢ᠍ᠳᠬᠡᠯ ᠬᠤᠷᠢᠶᠠᠬᠤ ᠦᠭᠡᠢ᠎ᠪᠠᠷ ᠰᠢᠮ᠎ᠡ ᠲᠡᠵᠢᠭᠡᠯ᠎ᠤᠨ ᠪᠣᠭᠣᠳᠠᠯ ᠲᠦᠭᠡᠭᠡᠵᠦ᠂ ᠶᠠᠳᠠᠭᠤ ᠬᠦᠴᠢᠷᠳᠡᠯᠲᠡᠢ ᠭᠠᠵᠠᠷ ᠣᠷᠣᠨ᠎ᠤ ᠬᠡᠦᠬᠡᠳ᠎ᠤᠨ ᠰᠢᠮ᠎ᠡ ᠲᠡᠵᠢᠭᠡᠯ᠎ᠤᠨ ᠪᠠᠢ᠌ᠳᠠᠯ᠎ᠢ ᠰᠠᠢ᠌ᠵᠢᠷᠠᠭᠤᠯᠪᠠ᠃ ᠣᠯᠠᠨ ᠲᠥᠷᠥᠯ᠎ᠤᠨ ᠤᠳᠤᠮᠯᠠᠯ᠎ᠤᠨ ᠡᠪᠡᠳᠴᠢᠨ᠎ᠢ ᠪᠠᠢ᠌ᠴᠠᠭ᠋ᠠᠨ ᠰᠢᠯᠭ᠋ᠠᠬᠤ ᠲᠥᠷᠥᠯ ᠵᠦᠢ᠍ᠯ᠎ᠢ ᠡᠬᠢᠯᠡᠭᠦᠯᠵᠦ᠂ ᠣᠲᠣ ᠪᠣᠯᠲᠠᠯ᠎ᠠ ᠨᠢᠭᠡᠨᠲᠡ 8000 ᠭᠠᠷᠤᠢ ᠬᠥᠮᠥᠨ ᠠᠰᠢᠭ ᠭᠥᠷᠳᠡᠭᠰᠡᠨ ᠪᠠᠢ᠌ᠨ᠎ᠠ᠃ ᠵᠡᠷᠡᠮᠳᠡᠭ ᠲᠦᠷᠦᠭᠦ᠎ᠠᠴᠠ ᠰᠡᠷᠬᠡᠢ᠌ᠯᠡᠬᠦ᠂ ᠠᠪᠤᠷᠠᠨ ᠲᠤᠰᠠᠯᠠᠬᠤ ᠲᠥᠷᠥᠯ ᠵᠦᠢ᠍ᠯ᠎ᠢ ᠥᠷᠨᠢᠭᠦᠯᠵᠦ᠂ ᠣᠲᠣ ᠪᠣᠯᠲᠠᠯ᠎ᠠ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠡᠮᠴᠢᠯᠡᠭᠡᠨ᠎ᠤ ᠪᠠᠲᠤᠯᠠᠭ᠎ᠠ ᠵᠢᠨ ᠠᠪᠤᠷᠠᠨ ᠲᠤᠰᠠᠯᠠᠬᠤ ᠬᠠᠮ ᠬᠦᠴᠦᠨ᠎ᠢ ᠪᠦᠷᠢᠯᠳᠤᠬᠦᠯᠵᠤ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠭᠡᠷ ᠪᠦᠯᠢ ᠵᠢᠨ ᠠᠵᠤ ᠠᠬᠤᠢ ᠵᠢᠨ ᠳᠠᠷᠤᠭ᠋ᠠᠰᠤ ᠵᠢ ᠬᠥᠩᠭᠡᠷᠡᠭᠦᠯᠵᠦ᠂ ᠡᠪᠡᠳᠴᠢᠨ᠎ᠠᠴᠠ ᠪᠣᠯᠵᠤ ᠳᠠᠬᠢᠨ ᠶᠠᠳᠠᠭᠤᠷᠠᠬᠤ ᠵᠢ ᠰᠡᠷᠬᠡᠢ᠌ᠯᠡᠵᠡᠢ᠃

    ᠲᠠᠪᠤ᠂ ᠬᠡᠦᠬᠡᠳ᠎ᠤᠨ ᠡᠷᠡᠭᠦᠯ ᠮᠡᠨᠳᠦ ᠵᠢᠨ ᠬᠥᠮᠦᠵᠢᠯ᠎ᠤᠨ ᠤᠬᠠᠭᠤᠯᠭ᠎ᠠ ᠰᠠᠨᠠᠭ᠋ᠠᠴᠢᠯᠠᠭ᠎ᠠ ᠵᠢ  ᠦᠷᠨᠢᠬᠦᠯᠪᠡ
     ᠵᠡᠷᠡᠮᠳᠡᠭ ᠲᠦᠷᠦᠭᠦ ᠵᠢ ᠰᠡᠷᠭᠡᠢ᠌ᠯᠡᠬᠦ ᠡᠳᠦᠷ᠂ ᠳᠡᠯᠡᠬᠡᠢ ᠵᠢᠨ ᠡᠬᠡ ᠵᠢᠨ ᠰᠦ᠎ᠪᠠᠷ ᠲᠡᠵᠢᠭᠡᠬᠦ ᠭᠠᠷᠠᠭ᠂ ᠪᠥᠬᠥ ᠤᠯᠤᠰ᠎ᠤᠨ 《ᠨᠢᠳᠦ ᠬᠠᠢ᠌ᠷᠠᠯᠠᠬᠤ ᠡᠳᠦᠷ》 ᠵᠡᠷᠭᠡ ᠴᠢᠬᠤᠯᠠ ᠴᠠᠭ ᠬᠤᠭᠤᠴᠠᠭ᠋ᠠᠨ᠎ᠤ ᠵᠠᠩᠭᠢᠯᠠᠭ᠎ᠠ ᠵᠢᠨ ᠴᠡᠭ᠎ᠤᠨ ᠲᠣᠭᠣᠷᠢᠨ᠎ᠳᠤ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢ ᠥᠷᠨᠢᠭᠦᠯᠵᠦ᠂ ᠬᠡᠦᠬᠡᠳ᠎ᠤᠨ ᠡᠷᠡᠭᠦᠯ ᠮᠡᠨᠳᠦ ᠵᠢᠨ ᠰᠢᠨᠵᠢᠯᠡᠬᠦ ᠤᠬᠠᠭ᠋ᠠᠨ᠎ᠤ ᠮᠡᠳᠡᠯᠭᠡ ᠵᠢ  ᠲᠦᠬᠡᠮᠡᠯᠵᠢᠬᠦᠯᠪᠡ᠃ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠠᠰᠢᠭ ᠲᠤᠰᠠ ᠪᠠ ᠬᠡᠷᠡᠭᠴᠡᠭᠡ ᠱᠠᠭ᠋ᠠᠷᠳᠠᠯᠭ᠎ᠠ᠎ᠲᠠᠢ ᠤᠶᠠᠯᠳᠤᠭᠤᠯᠤᠨ᠂ ᠲᠥᠷᠥᠯ ᠬᠤᠪᠢᠶᠠᠨ ᠵᠢᠯᠤᠭᠣᠳᠬᠤ ᠵᠢ ᠪᠠᠷᠢᠮᠲᠠᠯᠠᠵᠤ᠂ ᠠᠳᠠᠯᠢ ᠪᠤᠰᠤ ᠬᠡᠦᠬᠡᠳ᠎ᠤᠨ ᠬᠡᠷᠡᠭᠴᠡᠭᠡ ᠱᠠᠭ᠋ᠠᠷᠳᠠᠯᠭ᠎ᠠ ᠵᠢᠨ ᠣᠨᠴᠠᠯᠢᠭ᠎ᠢ ᠦᠨᠳᠦᠰᠦᠯᠡᠨ᠂ ᠬᠡᠦᠬᠡᠳ᠎ᠢ ᠡᠡᠭ ᠲᠡᠷᠢᠬᠦᠨ᠎ᠳᠤ ᠪᠣᠳᠣᠯᠬᠢᠯᠠᠬᠤ ᠪᠠ ᠡᠷᠬᠡ ᠠᠰᠢᠭ᠎ᠢ ᠬᠠᠮᠠᠭ᠋ᠠᠯᠠᠬᠤ᠎ᠪᠠᠷ ᠭᠣᠣᠯ ᠰᠡᠳᠦᠪ ᠪᠣᠯᠭ᠋ᠠᠭᠰᠠᠨ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢ ᠲᠠᠰ ᠲᠥᠷᠥᠯ ᠬᠤᠪᠢᠶᠠᠨ ᠥᠷᠨᠢᠭᠦᠯᠵᠦ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ ᠪᠠ ᠲᠡᠳᠡᠨ᠎ᠤ ᠭᠡᠷ ᠪᠦᠯᠢ ᠵᠢᠨ᠎ᠬᠢᠨ᠎ᠢ ᠬᠠᠪᠰᠤᠷᠤᠨ ᠲᠦᠷᠭᠡᠨ ᠠᠪᠤᠷᠠᠬᠤ ᠵᠡᠷᠭᠡ ᠦᠨᠳᠦᠰᠦᠨ ᠡᠷᠡᠭᠦᠯ ᠬᠠᠮᠠᠭ᠋ᠠᠯᠠᠯ᠎ᠤᠨ ᠶᠡᠷᠦ ᠵᠢᠨ ᠮᠡᠳᠡᠯᠭᠡ ᠵᠢ ᠡᠵᠡᠮᠰᠢᠭᠦᠯᠵᠦ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠥᠪᠡᠷ᠎ᠢ᠎ᠪᠠᠨ ᠬᠠᠮᠠᠭ᠋ᠠᠯᠠᠬᠤ ᠪᠠ ᠥᠪᠡᠷ᠎ᠢ᠎ᠪᠠᠨ ᠬᠥᠭᠵᠢᠭᠦᠯᠬᠦ ᠴᠢᠳᠠᠪᠤᠷᠢ ᠵᠢ ᠳᠡᠭᠡᠭᠰᠢᠯᠡᠭᠦᠯᠦᠨ᠂ ᠡᠶ᠎ᠡ ᠵᠣᠬᠢᠴᠠᠯ᠎ᠲᠠᠢ ᠪᠥᠭᠡᠳ ᠲᠣᠭᠲᠠᠭᠤᠨ ᠨᠡᠢ᠌ᠭᠡᠮ᠎ᠤᠨ ᠣᠷᠴᠢᠨ ᠲᠣᠭᠣᠷᠢᠨ᠎ᠢ ᠢᠳᠡᠪᠬᠢᠲᠡᠢ᠎ᠪᠠᠷ ᠪᠣᠶ ᠪᠤᠯᠭ᠋ᠠᠪᠠ᠃ ᠬᠡᠦᠬᠡᠳ᠎ᠤᠨ ᠭᠡᠷ ᠪᠦᠯᠢ᠂ ᠭᠡᠷ᠎ᠤᠨ ᠠᠬᠠᠮᠠᠳ᠎ᠤᠨ ᠰᠤᠷᠭ᠋ᠠᠭᠤᠯᠢ ᠵᠡᠷᠭᠡ ᠠᠵᠢᠯᠯᠠᠭ᠎ᠠ ᠵᠢ ᠠᠰᠢᠭᠯᠠᠨ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ ᠪᠠ ᠲᠡᠳᠡᠨ᠎ᠤ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠵᠢᠯᠣᠭᠣᠳᠤᠯᠭ᠎ᠠ ᠪᠠ ᠪᠣᠯᠪᠠᠰᠤᠷᠠᠯ ᠬᠢᠵᠦ ᠬᠠᠪᠰᠤᠷᠤᠨ ᠲᠡᠳᠬᠦᠬᠦ ᠵᠢ ᠴᠢᠡᠭᠭ᠋ᠠᠳᠬᠠᠪᠠ᠃  ᠤᠷᠴᠢᠮ᠎ᠤᠨ ᠭᠤᠷᠪᠠᠨ ᠵᠢᠯ᠎ᠳᠤ ᠪᠥᠬᠥ ᠣᠷᠣᠨ᠎ᠤ ᠡᠯ᠎ᠡ ᠭᠠᠵᠠᠷ᠎ᠤᠨ᠎ᠬᠢᠨ ᠬᠥᠳᠡᠭᠡ ᠪᠠᠭᠤᠬᠤ ᠠᠵᠢᠯᠯᠠᠭ᠎ᠠ ᠵᠢ ᠨᠡᠶ᠋ᠢᠲᠡ ᠵᠠᠭᠤ ᠭᠠᠷᠤᠢ ᠤᠳᠠᠭ᠎ᠠ ᠥᠷᠨᠢᠭᠦᠯᠵᠦ᠂ ᠪᠠᠴᠢᠮ ᠠᠪᠤᠷᠠᠯᠳᠠ ᠵᠢᠨ ᠠᠮᠤᠷ ᠲᠦᠪᠰᠢᠨ᠎ᠤ ᠮᠡᠳᠡᠯᠭᠡ ᠵᠢᠨ ᠪᠣᠯᠪᠠᠰᠤᠷᠠᠯ᠎ᠢ ᠠᠷᠪᠠ ᠭᠠᠷᠤᠢ ᠤᠳᠠᠭ᠎ᠠ ᠡᠷᠭᠢᠯᠡᠵᠦ᠂ 18 ᠨᠠᠰᠤᠨ᠎ᠠᠴᠠ ᠳᠣᠷᠣᠭᠰᠢᠬᠢ ᠨᠠᠰᠤᠨ᠎ᠳᠤ ᠥᠯᠥ ᠭᠦᠷᠦᠭᠰᠡᠳ᠎ᠢ ᠪᠠᠷᠤᠭ 500 ᠤᠳᠠᠭ᠎ᠠ ᠭᠥᠯᠢᠶᠡᠨ ᠠᠪᠤᠪᠠ᠃
    ᠳᠠᠷᠠᠭ᠋ᠠᠴᠢ᠎ᠪᠠᠷ ᠮᠠᠨ᠎ᠤ ᠬᠣᠷᠢᠶ᠎ᠠ ᠵᠢᠨ᠎ᠬᠢᠨ ᠰᠢ ᠵᠢᠨ ᠫᠢᠩ ᠶᠡᠷᠦᠩᠬᠡᠢ ᠱᠦᠵᠢ ᠵᠢᠨ ᠬᠡᠦᠬᠡᠳ ᠪᠠ ᠬᠡᠦᠬᠡᠳ᠎ᠤᠨ ᠠᠵᠢᠯ᠎ᠤᠨ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠲᠤᠬᠠᠢ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠨᠠᠢ᠌ᠳᠠᠪᠤᠷᠢᠵᠢᠭᠤᠯᠵᠤ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠠᠵᠢᠯ᠎ᠤᠨ ᠡᠷᠴᠢᠮ ᠵᠶ᠋ᠡᠨ ᠴᠢᠩᠭ᠋ᠠᠷᠠᠭᠤᠯᠵᠤ᠂ ᠡᠮ ᠡᠮᠨᠡᠯᠭᠡ ᠵᠢᠨ ᠪᠠᠳᠤᠯᠠᠭ᠎ᠠ ᠵᠢᠨ ᠲᠦᠪᠰᠢᠨ᠎ᠢ ᠳᠡᠭᠡᠭᠰᠢᠯᠡᠭᠦᠯᠵᠦ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠬᠤᠪᠢ ᠨᠡᠮᠡᠷᠢ᠎ᠪᠠᠨ ᠦᠷᠬᠦᠯᠵᠢᠯᠡᠨ ᠦᠵᠡᠬᠦᠯᠬᠦ ᠪᠤᠯᠤᠨ᠎ᠠ᠃
    

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠠᠵᠢᠯ᠎ᠢ ᠴᠢᠩᠭ᠋ᠠᠳᠬᠠᠬᠤ ᠲᠤᠬᠠᠢ ᠰᠣᠨᠢᠨ ᠮᠡᠳᠡᠭᠡ ᠨᠡᠢ᠌ᠲᠡᠯᠡᠬᠦ ᠬᠤᠷᠠᠯ ᠲᠡᠬᠡᠷᠡᠬᠢ ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠰᠤᠷᠪᠤᠯᠵᠢᠯᠠᠭᠴᠢ ᠵᠢᠨ ᠠᠰᠠᠭᠤᠯᠲᠠ᠄
ᠬᠢᠯᠢ ᠵᠢᠨ ᠮᠠᠯᠴᠢᠳ᠎ᠤᠨ ᠬᠦᠰᠡᠯ ᠬᠦᠭᠡᠭᠡᠴᠡᠯᠳᠦᠯ ᠪᠤᠶᠤ ᠤᠳᠤᠬᠢᠴᠢᠯᠠᠭᠰᠠᠨ ᠮᠠᠯ ᠠᠵᠤ ᠠᠬᠤᠢ ᠵᠢᠨ ᠬᠦᠭᠵᠢᠯᠳᠡ
《ᠲᠡᠮᠦᠷ ᠡᠷ᠎ᠡ》 ᠪᠤᠤ ᠳ᠋ᠠ ᠰᠢ ᠵᠢᠨ 《ᠲᠡᠨᠡᠭ》 ᠵᠢᠳᠬᠦᠯ
ᠦᠷᠭᠡᠨ ᠭᠣᠪᠢ ᠎ᠳᠤ ᠳᠡᠯᠭᠡᠷᠡᠭᠰᠡᠨ ᠦᠵᠡᠰᠬᠦᠯᠡᠩᠲᠦ 《ᠵᠠᠭ᠎ᠤᠨ ᠴᠡᠴᠡᠭ》 — ᠠᠯᠲᠠᠨᠲᠠᠨ᠎ᠠ
 
            