— ᠦᠪᠤᠷ ᠮᠤᠡᠭᠭᠤᠯ᠎ᠤᠨ ᠤᠯᠠᠨ ᠭᠠᠵᠠᠷ᠎ᠤᠨ᠎ᠬᠢᠨ ᠯᠸᠢ ᠹᠸᠡᠭ᠎ᠠᠴᠠ ᠰᠤᠷᠤᠯᠴᠠᠬᠤ ᠰᠠᠢ᠌ᠨ ᠲᠤᠷ᠎ᠠ ᠵᠢᠨ ᠦᠢ᠍ᠯᠡᠴᠢᠯᠡᠬᠡ ᠦᠷᠨᠢᠬᠦᠯᠪᠡ
ᠯᠧᠢ ᠹᠧᠩ᠎ᠤᠨ ᠵᠣᠷᠢᠭ ᠰᠠᠨᠠᠭ᠎ᠠ ᠵᠢ ᠨᠡᠡᠭ ᠰᠠᠢ᠌ᠳᠤᠷ ᠵᠠᠯᠭ᠋ᠠᠮᠵᠢᠯᠠᠵᠤ᠂ ᠴᠠᠭ ᠦᠶ᠎ᠡ ᠵᠢᠨ ᠰᠢᠨ᠎ᠡ ᠰᠤᠷᠲᠠᠯ᠎ᠢ ᠪᠠᠳᠠᠷᠠᠭᠤᠯᠬᠤ ᠵᠢᠨ ᠲᠥᠯᠥᠭᠡ᠂ ᠣᠷᠴᠢᠮᠬᠠᠨ᠎ᠳᠤ ᠪᠦᠬᠦ ᠣᠷᠣᠨ᠎ᠤ ᠡᠯ᠎ᠡ ᠭᠠᠵᠠᠷ᠎ᠤᠨ ᠨᠡᠢ᠌ᠭᠡᠮ᠎ᠤᠨ ᠠᠵᠢᠯ᠎ᠤᠨ ᠪᠠᠢ᠌ᠭᠤᠯᠤᠮᠵᠢ᠂ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ (ᠪᠦᠯᠬᠦᠮ ᠨᠡᠶ᠋ᠢᠲᠡ) ᠪᠣᠯᠣᠨ ᠰᠠᠢ᠌ᠨ ᠲᠤᠷᠠᠴᠤᠤᠯ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠲᠤ ᠬᠦᠷᠴᠦ᠂ ᠣᠷᠴᠢᠨ ᠠᠬᠤᠢ ᠵᠢ ᠬᠠᠮᠠᠭ᠋ᠠᠯᠠᠬᠤ᠂ ᠨᠠᠰᠤᠲᠠᠨ᠎ᠢ ᠬᠦᠨᠳᠦᠯᠡᠬᠦ᠂ ᠬᠦᠰᠡᠯ ᠱᠠᠭ᠋ᠠᠷᠳᠠᠯᠭ᠎ᠠ ᠵᠢ ᠰᠣᠨᠣᠰᠬᠤ᠂ ᠡᠷᠡᠭᠦᠯ ᠮᠡᠨᠳᠦ ᠵᠢᠨ ᠡᠮᠴᠢᠯᠡᠭᠡ᠎ᠪᠠᠷ ᠭᠣᠣᠯ ᠠᠭᠤᠯᠭ᠎ᠠ ᠪᠣᠯᠭ᠋ᠠᠭᠰᠠᠨ ᠰᠠᠢ᠌ᠨ ᠳᠤᠷ᠎ᠠ ᠵᠢᠨ ᠦᠢ᠍ᠯᠡᠴᠢᠯᠡᠬᠡ ᠥᠷᠨᠢᠭᠦᠯᠵᠦ᠂ ᠯᠧᠢ ᠹᠧᠩ᠎ᠠᠴᠠ ᠰᠤᠷᠤᠯᠴᠠᠬᠤ ᠠᠵᠢᠯᠯᠠᠭ᠎ᠠ ᠦᠷᠨᠢᠬᠦᠯᠪᠡ᠃

ᠬᠥᠬᠡᠬᠣᠲᠠ ᠵᠢᠨ ᠮᠦ᠍ ᠰᠢᠨ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠲᠥᠪ᠎ᠤᠨ᠎ᠬᠢᠨ ᠰᠢ ᠴᠠ ᠹᠠᠩ ᠨᠡᠢ᠌ᠭᠡᠮ ᠲᠣᠭᠣᠷᠢᠭ᠎ᠤᠨ 20 ᠭᠠᠷᠤᠢ ᠰᠠᠢ᠌ᠨ ᠲᠤᠷᠠᠴᠤᠤᠯ 《ᠪᠦᠮᠪᠦᠷᠴᠡᠭ᠎ᠤᠨ ᠰᠠᠢ᠌ᠨ ᠰᠠᠢ᠌ᠬᠠᠨ ᠲᠠ ᠪᠢᠳᠡᠨ᠎ᠳᠤ ᠲᠦᠰᠢᠭᠯᠡᠬᠦ ᠪᠤᠯᠬᠤᠷ ᠬᠣᠭ ᠨᠣᠪᠰᠢ ᠵᠢ ᠠᠡᠭᠬᠢᠯᠠᠶᠠ》 ᠭᠡᠬᠦ ᠭᠣᠣᠯ ᠰᠡᠳᠦᠪᠲᠦ ᠠᠵᠢᠯᠯᠠᠭ᠎ᠠ ᠵᠢ ᠥᠷᠨᠢᠭᠦᠯᠵᠡᠢ᠃ ᠨᠡᠢ᠌ᠭᠡᠮ᠎ᠤᠨ ᠠᠵᠢᠯᠲᠠᠨ ᠬᠣᠭ ᠨᠣᠪᠰᠢ ᠵᠢ ᠠᠡᠭᠭᠢᠯᠠᠬᠤᠪᠠᠷ ᠪᠠᠷᠢᠴᠨ ᠪᠣᠯᠭ᠋ᠠᠵᠤ᠂ ᠲᠤᠰᠬᠠᠢ ᠰᠡᠳᠦᠪᠲᠦ ᠲᠠᠢ᠌ᠯᠤᠮᠵᠢ ᠪᠠ ᠬᠠᠷᠢᠯᠴᠠᠨ ᠦᠢ᠍ᠯᠡᠳᠦᠯᠴᠡᠬᠦ ᠲᠣᠭᠯᠠᠭ᠋ᠠᠮ ᠵᠶ᠋ᠠᠷ ᠳᠠᠮᠵᠢᠭᠤᠯᠤᠨ᠂ ᠰᠠᠢ᠌ᠨ ᠲᠤᠷᠠᠴᠤᠤᠯ᠎ᠳᠤ ᠪᠣᠯᠪᠠᠰᠤᠨ᠎ᠢ ᠡᠷᠬᠢᠮᠯᠡᠬᠦ᠂ ᠰᠢᠨ᠎ᠡ ᠬᠡᠪ ᠰᠤᠷᠲᠠᠯ᠎ᠢ ᠪᠣᠶ ᠪᠣᠯᠭ᠋ᠠᠬᠤ ᠣᠢ᠌ᠯᠠᠭ᠋ᠠᠭᠳᠠᠬᠤᠨ᠎ᠢ ᠳᠠᠮᠵᠢᠭᠤᠯᠵᠤ᠂ ᠲᠡᠳᠡᠨ᠎ᠤ ᠪᠣᠯᠪᠠᠰᠤᠨ ᠬᠣᠲᠠ ᠵᠢᠨ ᠠᠷᠠᠳ ᠪᠠ ᠠᠷᠢᠭᠤᠨ ᠴᠡᠪᠡᠷ ᠬᠣᠲᠠ ᠵᠢᠨ ᠨᠢᠭᠡ ᠭᠡᠰᠢᠭᠦᠨ ᠪᠣᠯᠬᠤ᠎ᠪᠠᠷ ᠴᠢᠷᠮᠠᠢ᠌ᠬᠤ ᠵᠢ ᠵᠤᠷᠢᠬ᠍ᠵᠢᠭᠤᠯᠵᠤ ᠪᠠᠢ᠌ᠭ᠎ᠠ᠎ᠨᠢ


ᠬᠥᠯᠥᠨ ᠪᠤᠢ᠍ᠢ᠍ᠷ ᠬᠤᠳᠠ ᠵᠢᠨ ᠭᠡᠷ ᠪᠦᠯᠢ ᠵᠢᠨ ᠬᠥᠮᠦᠵᠢᠯ᠎ᠤᠨ ᠨᠡᠢ᠌ᠭᠡᠮᠯᠢᠭ ᠨᠤᠸᠠᠨ ᠴᠢᠤᠸᠠᠨ᠎ᠪᠠᠨ (暖泉办) ᠨᠡᠢ᠌ᠬᠡᠮ᠎ᠤᠨ ᠠᠵᠢᠯ᠎ᠤᠨ ᠦᠷᠳᠡᠭᠡ᠂ ᠸᠸᠨ ᠰᠢᠩ ᠨᠡᠢ᠌ᠭᠡᠮ ᠲᠣᠭᠣᠷᠢᠭ᠎ᠤᠨ᠎ᠬᠢᠨ ᠹᠦ᠋ ᠱᠧᠦ ᠺᠠᠩ ᠨᠠᠰᠤᠲᠠᠢ᠌ᠴᠤᠳ᠎ᠤᠨ ᠨᠡᠶ᠋ᠢᠲᠡ ᠵᠢᠨ ᠪᠠᠢ᠌ᠷᠢ᠎ᠳᠤ ᠬᠦᠷᠴᠦ ᠨᠠᠰᠤᠲᠠᠢ᠌ᠴᠤᠳ᠎ᠢ ᠬᠠᠯᠠᠮᠵᠢᠯᠠᠬᠤ ᠠᠵᠢᠯᠯᠠᠭ᠎ᠠ ᠥᠷᠨᠢᠭᠦᠯᠵᠦ᠂ ᠨᠡᠢ᠌ᠭᠡᠮ᠎ᠤᠨ ᠠᠵᠢᠯᠲᠠᠳ ᠪᠣᠯᠣᠨ ᠰᠠᠢ᠌ᠨ ᠲᠤᠷᠠᠴᠤᠤᠯ ᠨᠠᠰᠤᠲᠠᠢ᠌ᠴᠤᠳ᠎ᠤᠨ ᠬᠡᠵᠢᠬᠡ ᠵᠢ ᠵᠠᠰᠠᠵᠤ᠂ ᠬᠤᠪᠴᠠᠰᠤ ᠬᠤᠨᠠᠷ᠎ᠢ᠎ᠨᠢ ᠲᠢᠭᠯᠡᠵᠤ᠂ ᠬᠦᠷᠢᠶ᠎ᠡ ᠬᠠᠰᠢᠶ᠎ᠠ ᠵᠢ᠎ᠨᠢ ᠱᠦᠬᠦᠷᠳᠡᠨ᠂ ᠭᠡᠷ ᠪᠠᠢ᠌ᠰᠢᠩ᠎ᠢ᠎ᠨᠢ ᠴᠡᠪᠡᠷᠯᠡᠵᠤ᠂ ᠨᠠᠰᠤᠲᠠᠢ᠌ᠴᠤᠳ ᠢ ᠬᠠᠯᠠᠮᠵᠢᠯᠠᠵᠤ ᠪᠠᠢ᠌ᠭ᠎ᠠ᠎ᠨᠢ
ᠲᠦᠩᠯᠢᠶᠣᠣ ᠬᠤᠳᠠ ᠵᠢᠨ ᠵᠠᠷᠤᠳ ᠬᠣᠰᠢᠭᠤᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ᠎ᠬᠢᠨ ᠹᠦ᠋ ᠯᠢ ᠴᠦᠨ ᠴᠧᠩ ᠨᠡᠢ᠌ᠭᠡᠮ ᠲᠣᠭᠣᠷᠢᠭ᠎ᠤᠨ ᠰᠢᠨ᠎ᠡ ᠪᠣᠯᠪᠠᠰᠤᠨ ᠦᠢ᠍ᠯᠡᠳᠦᠯᠭᠡ ᠵᠢᠨ ᠦᠷᠳᠡᠬᠡ᠎ᠲᠠᠢ ᠬᠠᠮᠲᠤᠷᠠᠨ ᠬᠠᠷᠢᠶ᠎ᠠ ᠲᠣᠭᠣᠷᠢᠭ᠎ᠲᠤ ᠰᠠᠢ᠌ᠨ ᠳᠤᠷ᠎ᠠ ᠵᠢᠨ ᠦᠢ᠍ᠯᠡᠴᠢᠯᠡᠬᠡ ᠥᠷᠨᠢᠭᠦᠯᠵᠦ᠂ ᠭᠠᠭᠴᠠᠭ᠋ᠠᠷ ᠰᠠᠭᠤᠭ᠎ᠠ᠂ ᠥᠨᠥᠴᠢᠨ ᠪᠡᠯᠪᠡᠰᠦᠨ ᠪᠠ ᠬᠥᠳᠡᠯᠵᠦ ᠪᠠᠷᠢᠬᠤ᠎ᠳᠤ ᠳᠥᠭᠥᠮ ᠦᠭᠡᠢ ᠨᠠᠰᠤᠲᠠᠢ᠌ᠴᠤᠳ᠎ᠲᠤ ᠦᠨ᠎ᠡ ᠲᠥᠯᠥᠪᠦᠷᠢ ᠦᠭᠡᠢ᠎ᠪᠠᠷ ᠦᠰᠤ ᠬᠡᠵᠢᠬᠡ ᠵᠢ᠎ᠨᠢ ᠵᠠᠰᠠᠵᠤ ᠪᠠᠢ᠌ᠭ᠎ᠠ᠎ᠨᠢ
ᠤᠯᠠᠭ᠋ᠠᠨᠴᠠᠪ ᠬᠣᠲᠠ ᠵᠢᠨ ᠰᠢᠩ ᠾᠧ ᠰᠢᠶᠠᠨ᠎ᠤ ᠴᠧᠩ ᠭᠤᠸᠠᠨ ᠪᠠᠯᠭ᠋ᠠᠰᠤᠨ᠎ᠤ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠥᠷᠲᠡᠭᠡ ᠵᠢᠨ᠎ᠬᠢᠨ ᠤᠯᠠᠭ᠋ᠠᠨᠴᠠᠪ᠎ᠤᠨ ᠶᠠᠩ ᠭᠤᠸᠠᠩ ᠴᠢ ᠴᠧᠨ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠲᠥᠪ᠂ ᠮᠠ ᠴᠢᠶᠣᠤ ᠨᠡᠢ᠌ᠭᠡᠮ ᠲᠣᠭᠣᠷᠢᠭ᠎ᠤᠨ ᠨᠠᠮ᠎ᠤᠨ ᠭᠡᠰᠢᠭᠦᠨ ᠰᠠᠢ᠌ᠨ ᠲᠤᠷᠠᠴᠤᠤᠯ᠎ᠲᠠᠢ ᠬᠠᠮᠲᠤᠷᠠᠨ ᠨᠠᠰᠤᠲᠠᠢ᠌ᠴᠤᠳ᠎ᠲᠤ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠲᠠᠢ᠌ᠯᠤᠮᠵᠢ ᠪᠠ ᠡᠷᠡᠭᠦᠯ ᠮᠡᠨᠳᠦ ᠵᠢᠨ ᠠᠮᠲᠠᠲᠤ ᠢᠳᠡᠭᠡᠨ ᠬᠠᠡᠭᠭ᠋ᠠᠬᠤ ᠬᠡᠯᠪᠡᠷᠢ᠎ᠪᠠᠷ ᠹᠧᠢ ᠢᠦᠢ ᠨᠠᠰᠤᠲᠠᠢ᠌ᠴᠤᠳ᠎ᠤᠨ ᠠᠰᠠᠷᠠᠮᠵᠢ ᠵᠢᠨ ᠲᠥᠪ᠎ᠲᠤ 《ᠯᠧᠢ ᠹᠧᠩ᠎ᠤᠨ ᠵᠣᠷᠢᠭ ᠰᠠᠨᠠᠭ᠎ᠠ᠎ᠠᠴᠠ ᠰᠤᠷᠤᠯᠴᠠᠵᠤ · ᠨᠡᠢ᠌ᠭᠡᠮ᠎ᠤᠨ ᠠᠵᠢᠯᠲᠠᠨ᠎ᠤ ᠴᠣᠭ ᠵᠢᠪᠬᠤᠭ᠎ᠠ ᠵᠢ ᠦᠵᠡᠭᠦᠯᠬᠦ》 ᠰᠠᠢ᠌ᠨ ᠳᠤᠷ᠎ᠠ ᠵᠢᠨ ᠦᠢ᠍ᠯᠡᠴᠢᠯᠡᠬᠡ ᠬᠠᠡᠭᠭ᠋ᠠᠵᠤ ᠪᠠᠢ᠌ᠭ᠎ᠠ᠎ᠨᠢ
ᠤᠨᠢᠨ ᠳᠡᠭᠡᠷ᠎ᠡ᠎ᠨᠢ ᠬᠠᠪᠰᠤᠷᠤᠨ ᠲᠡᠳᠬᠦᠬᠦ ᠠᠵᠢᠯ᠎ᠢ ᠰᠠᠢ᠌ᠲᠤᠷ ᠬᠢᠬᠦ ᠵᠢᠨ ᠲᠥᠯᠥᠭᠡ᠂ ᠣᠷᠳᠣᠰ ᠬᠤᠳᠠ ᠵᠢᠨ ᠤᠯᠠᠭ᠋ᠠᠨᠮᠥᠷᠡᠨ ᠪᠠᠯᠭ᠋ᠠᠰᠤ ᠵᠢᠨ ᠨᠡᠢ᠌ᠭᠡᠮ᠎ᠤᠨ ᠠᠵᠢᠯ᠎ᠤᠨ ᠦᠷᠳᠡᠬᠡ ᠵᠢᠨ᠎ᠬᠢᠨ ᠲᠡᠳᠬᠦᠮᠵᠢ ᠬᠦᠷᠳᠡᠭᠰᠡᠳ᠎ᠤᠨ ᠭᠡᠷ᠎ᠲᠤ ᠬᠦᠷᠴᠤ᠂ ᠰᠡᠳᠬᠢᠯ᠎ᠤᠨ ᠦᠭᠡ ᠵᠢ ᠬᠦᠯᠢᠴᠡᠩᠭᠦᠢ᠎ᠪᠠᠷ ᠰᠣᠨᠣᠰᠴᠤ᠂ ᠬᠦᠰᠡᠯ ᠱᠠᠭ᠋ᠠᠷᠳᠠᠯᠭ᠎ᠠ ᠵᠢ ᠨᠠᠷᠢᠨ ᠲᠡᠮᠳᠡᠭᠯᠡᠵᠦ᠂ 《 ᠭᠠᠷ ᠭᠠᠷ ᠵᠶ᠋ᠡᠨ ᠬᠤᠯᠪᠤᠯᠴᠠᠵᠤ᠂ ᠰᠢᠨ᠎ᠡ ᠠᠮᠢᠳᠤᠷᠠᠯ᠎ᠢ ᠬᠠᠮᠳᠤ᠎ᠪᠠᠷ ᠡᠭᠦᠳᠬᠦ》 ᠯᠧᠢ ᠹᠸᠡᠭ᠎ᠠᠴᠠ ᠰᠤᠷᠤᠯᠴᠠᠬᠤ ᠡᠳᠤᠷ᠎ᠤᠨ ᠰᠠᠢ᠌ᠨ ᠳᠤᠷ᠎ᠠ ᠵᠢᠨ ᠦᠢ᠍ᠯᠡᠴᠢᠯᠡᠬᠡ ᠦᠷᠨᠢᠬᠦᠯᠵᠤ ᠪᠠᠢ᠌ᠭ᠎ᠠ᠎ᠨᠢ
ᠮᠠᠨᠵᠤᠤᠷ᠎ᠤᠨ ᠱᠠᠨ ᠰᠢ ᠵᠢᠨ ᠬᠤᠳᠠᠯᠳᠤᠭ᠋ᠠᠴᠢᠳ᠎ᠤᠨ ᠡᠪᠯᠡᠯ᠎ᠤᠨ᠎ᠬᠢᠨ᠎ᠤ ᠬᠤᠢ᠌ᠳᠤ ᠲᠤᠭᠤᠷᠢᠭ᠎ᠲᠤ᠎ᠬᠢ ᠪᠣᠭᠣᠮᠲᠠ ᠵᠢᠨ ᠨᠡᠢ᠌ᠭᠡᠮ ᠲᠣᠭᠣᠷᠢᠭ᠎ᠤᠨ ᠪᠣᠭᠣᠮᠲᠠ ᠵᠢᠨ ᠠᠵᠢᠯ᠎ᠤᠨ ᠵᠥᠪᠯᠡᠯ ᠪᠤᠯᠤᠨ ᠬᠣᠲᠠ ᠵᠢᠨ ᠭᠤᠷᠪᠠᠳᠤᠭ᠋ᠠᠷ ᠪᠠᠭ᠎ᠠ ᠰᠤᠷᠭ᠋ᠠᠭᠤᠯᠢ᠎ᠲᠠᠢ ᠬᠣᠯᠪᠤᠭ᠋ᠠᠯᠠᠨ᠂ 《ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠦᠢ᠍ᠯᠡᠳᠦᠯᠭᠡᠵᠢᠭᠦᠯᠵᠦ ᠯᠧᠢ ᠹᠧᠩ ᠮᠠᠶᠢᠭ᠎ᠤᠨ ᠰᠠᠢ᠌ᠨ ᠪᠠᠭ᠋ᠠᠴᠤᠳ ᠪᠣᠯᠬᠤ》᠎ᠪᠠᠷ ᠭᠣᠣᠯ ᠰᠡᠳᠦᠪ ᠪᠣᠯᠭ᠋ᠠᠭᠰᠠᠨ ᠣᠷᠴᠢᠨ ᠠᠬᠤᠢ ᠵᠢᠨ ᠬᠠᠮᠠᠭ᠋ᠠᠯᠠᠯᠲᠠ ᠵᠢᠨ ᠰᠠᠢ᠌ᠨ ᠳᠤᠷ᠎ᠠ ᠵᠢᠨ ᠦᠢ᠍ᠯᠡᠴᠢᠯᠡᠬᠡ ᠥᠷᠨᠢᠭᠦᠯᠪᠡ᠃ ᠬᠡᠤᠬᠡᠳ ᠰᠠᠢ᠌ᠨ ᠲᠤᠷᠠᠴᠤᠤᠯ᠎ᠤᠳ ᠬᠠᠬᠢᠷ ᠬᠦᠢ᠍ᠲᠡᠨ᠎ᠠᠴᠠ ᠰᠦᠷᠳᠡᠯ ᠦᠬᠡᠢ ᠴᠡᠪᠡᠷᠯᠡᠬᠦ ᠪᠠᠭ᠋ᠠᠵᠢ ᠪᠠᠷ᠊ᠷ ᠵᠡᠭᠡᠯᠢ ᠭᠤᠳᠤᠮᠵᠢ ᠵᠢᠨ ᠬᠠᠵᠠᠭᠤ᠎ᠳᠤ᠎ᠬᠢ ᠴᠡᠴᠡᠭ᠎ᠤᠨ ᠲᠠᠪᠴᠠᠩ᠂ ᠵᠠᠰᠠᠮᠠᠯ ᠵᠠᠮ ᠲᠡᠬᠡᠷᠡᠬᠢ ᠬᠤᠭ ᠨᠤᠪᠰᠢ ᠵᠢ ᠲᠡᠭᠦᠵᠦ ᠪᠠᠢ᠌ᠭ᠎ᠠ᠎ᠨᠢ
ᠡᠷᠢᠶᠡᠨ ᠬᠣᠲᠠ ᠵᠢᠨ ᠤᠯᠠᠭ᠋ᠠᠨ ᠨᠡᠢ᠌ᠬᠡᠮ ᠲᠣᠭᠣᠷᠢᠭ᠎ᠤᠨ ᠦᠢ᠍ᠯᠡᠴᠢᠯᠡᠭᠡᠨ᠎ᠤ ᠲᠥᠪ᠎ᠤᠨ᠎ᠬᠢᠨ ᠬᠣᠲᠠ ᠵᠢᠨ ᠡᠮᠡᠭᠲᠡᠢ᠌ᠴᠦᠳ᠎ᠤᠨ ᠬᠤᠯᠪᠤᠭ᠎ᠠ᠂ ᠬᠣᠲᠠ ᠵᠢᠨ ᠠᠷᠠᠳ᠎ᠤᠨ ᠡᠮᠨᠡᠯᠭᠡ ᠵᠢᠨ ᠬᠣᠷᠢᠶ᠎ᠠ ᠵᠢᠨ᠎ᠬᠢᠨ᠎ᠲᠠᠢ ᠬᠠᠮᠲᠤᠷᠠᠨ 《ᠯᠧᠢ ᠹᠧᠩ᠎ᠤᠨ ᠵᠣᠷᠢᠭ ᠰᠠᠨᠠᠭ᠎ᠠ ᠵᠢ ᠪᠠᠳᠠᠷᠠᠭᠤᠯᠵᠤ · ᠰᠠᠢ᠌ᠨ ᠰᠠᠢ᠌ᠬᠠᠨ ᠭᠡᠷ ᠣᠷᠣᠨ ᠵᠶ᠋ᠠᠨ ᠬᠠᠮᠲᠤ᠎ᠪᠠᠷ ᠪᠦᠲᠦᠭᠡᠨ ᠪᠠᠶ᠋ᠢᠭᠤᠯᠬᠤ》 ᠦᠢ᠍ᠯᠡᠴᠢᠯᠡᠭᠡᠨ ᠥᠷᠨᠢᠭᠦᠯᠪᠡ᠃ ᠰᠠᠢ᠌ᠨ ᠲᠤᠷᠠᠴᠤᠤᠯ ᠠᠳᠠᠯᠢ ᠪᠤᠰᠤ ᠬᠡᠷᠡᠭᠴᠡᠭᠡ ᠪᠦᠬᠦᠢ ᠣᠯᠠᠨ ᠲᠦᠮᠡᠨ᠎ᠳᠤ ᠬᠠᠨᠳᠤᠭᠤᠯᠤᠨ ᠵᠤᠬᠢᠴᠠᠬᠰᠠᠨ ᠡᠷᠡᠬᠦᠯ ᠮᠡᠨᠳᠤ ᠵᠢᠨ ᠮᠡᠳᠡᠯᠬᠡ ᠵᠢ ᠲᠠᠢ᠌ᠯᠪᠤᠷᠢᠯᠠᠬᠤ ᠵᠢᠨ ᠬᠠᠮᠲᠤ ᠤᠯᠠᠨ ᠡᠬᠦᠰᠳᠡᠭ ᠡᠪᠡᠳᠴᠢᠨ᠎ᠤ ᠲᠤᠬᠠᠢ ᠠᠯᠪᠠᠨ ᠵᠢᠷᠤᠮ᠎ᠤᠨ ᠡᠮᠴᠢᠯᠡᠭᠡ ᠪᠠ ᠯᠠᠪᠯᠠᠯᠭ᠎ᠠ ᠬᠠᠡᠭᠭ᠋ᠠᠵᠤ ᠪᠠᠢ᠌ᠭ᠎ᠠ᠎ᠨᠢ