ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠡᠶ᠋ᠢᠭᠡᠮ ᠰᠡᠳᠬᠦᠯ   -   ᠳᠤᠮᠳᠠᠲᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤᠳᠬᠠᠶ᠎ᠠ
ᠦᠨᠳᠦᠰᠦᠳᠡᠨ᠎ᠤ ᠪᠦᠯᠬᠦᠮᠳᠡᠯ᠎ᠠᠴᠠ ᠦᠢ᠍ᠯᠡᠰ᠎ᠤᠨ ᠮᠦᠷ ᠲᠤᠷᠠᠢ᠌ᠨ᠎ᠠ
ᠨᠡᠶᠢᠲᠡᠯᠡᠭᠰᠡᠨ ᠴᠠᠭ᠄ 2023-09-27

           —  ᠬᠠᠭᠤᠴᠢᠨ ᠪᠠᠷᠭᠤ ᠬᠤᠰᠢᠭᠤ ᠵᠢᠨ ᠪᠠᠶᠠᠨᠬᠠᠳᠠ ᠰᠤᠮᠤ ᠵᠢᠨ  ᠬᠦᠬᠡᠡᠦ᠋ᠨᠳᠦᠷ ᠭᠠᠴᠠᠭ᠋ᠠᠨ᠎ᠤ ᠨᠠᠮ᠎ᠤᠨ ᠡᠬᠦᠷ᠎ᠤᠨ ᠱᠦᠵᠢ ᠯᠢ ᠰᠦᠩ ᠪᠢᠨ᠎ᠤ ᠦᠢ᠍ᠯᠡ ᠠᠵᠢᠯᠯᠠᠭ᠎ᠠ ᠵᠢ ᠲᠡᠮᠳᠡᠭᠯᠡᠪᠡ
                                                   ᠰᠠᠢ᠌ᠡᠠᠦ᠋ᠯᠵᠡᠢ ᠵᠤᠬᠢᠶᠠᠪᠠ
       ᠰᠢ ᠵᠢᠨ ᠫᠢᠩ ᠶᠡᠷᠦᠩᠬᠡᠢ ᠱᠦᠵᠢ᠎ᠠᠴᠠ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭ᠋ᠠᠷ ᠤᠳᠠᠭ᠎ᠠ ᠵᠢᠨ ᠪᠦᠭᠦ ᠤᠯᠤᠰ᠎ᠤᠨ ᠲᠥᠯᠥᠭᠡᠯᠡᠭᠴᠢᠳ᠎ᠤᠨ ᠶᠡᠬᠡ ᠬᠤᠷᠠᠯ ᠳᠡᠭᠡᠷ᠎ᠡ ᠬᠢᠭᠰᠡᠨ ᠢᠯᠡᠳᠬᠡᠯ ᠎ᠳᠤ᠎ᠪᠠᠨ᠄ 〈〈ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠤᠢ ᠪᠤᠯᠭ᠋ᠠᠬᠤ᠎ᠪᠠᠷ ᠭᠣᠣᠯ ᠰᠢᠵᠢᠮ ᠪᠣᠯᠭ᠋ᠠᠨ᠂ ᠳᠤᠮᠳᠠᠳᠤ ᠤᠯᠤᠰ᠎ᠤᠨ ᠣᠨᠴᠠᠯᠢᠭ᠎ᠲᠠᠢ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠵᠥᠪ ᠵᠠᠮ ᠵᠢᠡᠷ ᠡᠷᠡᠰ ᠭᠤᠢ᠌ᠪᠢᠰᠢ ᠦᠭᠡᠢ ᠵᠠᠮᠨᠠᠵᠤ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢ᠌ᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠂ ᠨᠠᠮ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠵᠤ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠢ᠍ᠯᠡᠰ᠎ᠢ ᠪᠦᠭᠦ ᠲᠠᠯ᠎ᠠ᠎ᠪᠠᠷ ᠠᠬᠢᠭᠤᠯᠤᠨ᠎ᠠ 〉〉 ᠭᠡᠵᠦ ᠵᠢᠭ᠋ᠠᠪᠤᠷᠢᠯᠠᠵᠠᠢ᠃
     ᠬᠠᠭᠤᠴᠢᠨ ᠪᠠᠷᠭᠤ ᠬᠤᠰᠢᠭᠤᠨ᠎ᠤ ᠪᠠᠶᠠᠨᠬᠠᠳᠠ ᠰᠣᠮᠣᠨ᠎ᠤ ᠬᠦᠬᠡᠡᠦ᠋ᠨᠳᠦᠷ ᠭᠠᠴᠠᠭ᠋ᠠᠨ᠎ᠤ ᠨᠠᠮ᠎ᠤᠨ ᠡᠬᠦᠷ᠎ᠤᠨ ᠱᠦᠵᠢ᠂ ᠭᠠᠴᠠᠭ᠋ᠠᠨ ᠲᠠᠷᠣᠭ᠎ᠠ ᠯᠢ ᠰᠦᠩ ᠪᠢᠨ ᠨᠦᠬᠦᠷ ᠪᠤᠯ ᠶᠠᠭ ᠰᠠᠢ᠌ᠬᠠᠨ ᠨᠠᠮ᠎ᠤᠨ ᠦᠨᠳᠦᠰᠦᠳᠡᠨ᠎ᠤ ᠪᠦᠯᠬᠦᠮᠳᠡᠯ ᠲᠠᠪᠰᠢᠯᠳᠠ ᠵᠢᠨ ᠲᠦᠷᠦ ᠵᠢᠨ ᠪᠤᠳᠣᠯᠭ᠎ᠠ ᠵᠢ ᠪᠤᠳᠠᠳᠣ ᠦᠢ᠍ᠯᠡ ᠠᠵᠢᠯᠯᠠᠭ᠎ᠠ᠎ᠪᠠᠷ ᠵᠶ᠋ᠠᠨ ᠦᠢ᠍ᠯᠡᠳᠦᠯᠭᠡᠵᠢᠬᠦᠯᠵᠦ᠂ ᠮᠠᠯᠴᠢᠳ ᠵᠶ᠋ᠠᠨ ᠲᠠᠭ᠋ᠠᠭᠤᠯᠤᠨ ᠪᠠᠶᠠᠵᠢᠯ᠎ᠤᠨ ᠵᠠᠮ ᠵᠶ᠋ᠠᠷ ᠵᠠᠮᠨᠠᠵᠤ ᠶᠠᠪᠤᠭ᠎ᠠ ᠬᠢᠳᠡᠳ ᠦᠨᠳᠦᠰᠦᠳᠡᠨ᠎ᠤ ᠺᠠᠳ᠋ᠷ ᠪᠤᠯᠤᠨ᠎ᠠ᠃ ᠲᠡᠬᠦᠨ᠎ᠤ ᠪᠡᠶ᠎ᠡ᠎ᠳᠤ ᠣᠯᠠᠨ᠎ᠢ  ᠱᠠᠭᠰᠢᠭᠤᠯᠤᠮᠠᠷ ᠣᠨᠴᠠᠭ᠋ᠠᠢ ᠦᠢ᠍ᠯᠡ ᠠᠵᠢᠯᠯᠠᠭ᠎ᠠ ᠭᠡᠵᠦ ᠴᠦᠬᠡᠨ᠂ ᠲᠦᠮᠡᠨ᠎ᠢ ᠭᠠᠢ᠌ᠬᠠᠭᠤᠯᠤᠮᠠᠷ ᠲᠡᠷᠢᠬᠦᠨ᠎ᠤ ᠦᠯᠢᠭᠡᠷ ᠵᠢᠱ᠌ᠢᠶ᠎ᠡ ᠭᠡᠵᠦ ᠬᠤᠪᠤᠷ ᠪᠤᠯᠪᠠᠴᠤ ᠲᠤᠰ ᠭᠠᠴᠠᠭ᠋ᠠᠨ᠎ᠤ᠎ᠪᠠᠨ ᠮᠠᠯᠴᠢᠨ ᠲᠦᠮᠡᠨ᠎ᠤ ᠨᠢᠳᠦᠨ᠎ᠳᠤ᠎ᠬᠢ 〈〈ᠰᠠᠢ᠌ᠨ ᠱᠦᠵᠢ〉〉 〈〈ᠪᠠᠶᠠᠵᠢᠯ᠎ᠤᠨ ᠲᠠᠭ᠋ᠠᠭᠤᠯᠤᠭᠴᠢ〉〉 ᠪᠦᠭᠡᠳ ᠲᠡᠬᠦᠨ᠎ᠤ ᠦᠨᠳᠦᠰᠦᠳᠡᠨ᠎ᠤ ᠪᠦᠯᠬᠦᠮᠳᠡᠯ ᠲᠠᠪᠰᠢᠯᠳᠠ ᠵᠢᠨ ᠠᠵᠢᠯ᠎ᠳᠤ ᠦᠨᠡᠨᠴᠢ᠎ᠪᠠᠷ ᠵᠢᠳᠬᠦᠭᠰᠡᠨ ᠦᠢ᠍ᠯᠡᠰ᠎ᠤᠨ ᠮᠦᠷ᠎ᠨᠢ ᠪᠠᠷᠭᠤ ᠵᠢᠨ ᠲᠠᠯ᠎ᠠ᠎ᠳᠤ ᠲᠤᠷᠠᠢ᠌ᠵᠦ᠂ ᠮᠠᠯᠴᠢᠳ᠎ᠤᠨ ᠰᠡᠳᠬᠢᠯ᠎ᠳᠤ ᠭᠡᠷᠡᠯᠳᠦᠨ᠎ᠡ᠃
       ᠯᠢ ᠰᠦᠩ ᠪᠢᠨ ᠪᠣᠯ ᠡᠪ ᠬᠠᠮᠳᠣ ᠨᠠᠮ᠎ᠤᠨ ᠭᠡᠰᠢᠬᠦᠨ᠂ ᠬᠢᠳᠡᠳ ᠦᠨᠳᠦᠰᠦᠳᠡᠨ᠂ 50 ᠨᠠᠰᠣᠳᠠᠢ ᠂ ᠲᠡᠭᠡᠳᠦ ᠰᠣᠷᠭ᠋ᠠᠭᠤᠯᠢ ᠵᠢᠨ ᠲᠤᠰᠬᠠᠢ ᠮᠡᠷᠭᠡᠵᠢᠯ᠎ᠤᠨ ᠰᠣᠶᠣᠯ᠎ᠤᠨ ᠨᠠᠮᠳᠠᠷ᠎ᠲᠠᠢ᠃ ᠭᠤᠷᠪᠠᠨ ᠠᠮᠠ ᠪᠦᠯᠢ᠎ᠪᠠᠷ ᠪᠦᠷᠢᠯᠳᠦᠭᠰᠡᠨ ᠵᠤᠯ ᠵᠢᠷᠭ᠋ᠠᠯᠳᠣ ᠭᠡᠷ ᠪᠦᠯᠢ᠎ᠲᠠᠢ᠃ ᠲᠡᠬᠦᠨ᠎ᠤ ᠬᠠᠨᠢ ᠨᠦᠬᠦᠷ᠎ᠨᠢ ᠠᠵᠢᠯ ᠠᠮᠢᠳᠣᠷᠠᠯ᠎ᠳᠤ᠎ᠪᠠᠨ ᠰᠢᠭᠤᠷᠬᠠᠢ ᠪᠦᠭᠡᠳ ᠣᠬᠠᠭ᠋ᠠᠯᠢᠭ ᠪᠠᠷᠭᠤ ᠪᠦᠰᠡᠬᠦᠢ᠃ ᠲᠡᠳᠡ ᠬᠤᠶᠠᠷ᠎ᠤᠨ ᠬᠠᠢ᠌ᠷ᠎ᠠ ᠵᠢᠨ ᠬᠡᠯᠬᠢᠶ᠎ᠡ ᠪᠤᠯᠤᠭᠰᠠᠨ ᠬᠡᠣᠬᠡᠨ᠎ᠨᠢ ᠬᠠᠷᠠᠬᠠᠨ ᠪᠠᠭ᠎ᠠ᠎ᠠᠴᠠ᠎ᠪᠠᠨ  ᠮᠣᠷᠠᠯ᠂ ᠰᠣᠷᠣᠯᠭ᠎ᠠ ᠰᠢᠯᠢᠳᠡᠭ᠂  ᠪᠦᠬᠦ ᠲᠠᠯ᠎ᠠ᠎ᠪᠠᠷ ᠲᠠᠪᠰᠢᠭᠰᠠᠨ ᠣᠨᠴᠠ ᠰᠣᠷᠣᠯᠭ᠋ᠠᠳᠠᠨ᠂ ᠣᠳᠣ ᠰᠣᠶᠣᠯ ᠰᠣᠷᠣᠯᠭ᠎ᠠ ᠵᠢᠨ ᠮᠦᠷ᠎ᠢ ᠬᠦᠭᠡᠭᠡᠵᠦ ᠶᠠᠪᠤᠭ᠎ᠠ ᠣᠶᠣᠳᠠᠨ᠃ᠯᠢ ᠰᠦᠩ ᠪᠢᠨ 2006 ᠣᠨ 8  ᠳ᠋ᠤᠭ᠋ᠠᠷ ᠰᠠᠷ᠎ᠠ᠎ᠳᠤ ᠲᠤᠮᠳᠠᠳᠣ ᠣᠯᠣᠰ᠎ᠤᠨ ᠡᠪ ᠬᠠᠮᠳᠣ ᠨᠠᠮ᠎ᠳᠤ ᠡᠯᠰᠡᠭᠳᠡᠵᠦ᠂ ᠲᠤᠰ ᠵᠢᠯ᠎ᠤᠨ9 ᠰᠠᠷ᠎ᠠ᠎ᠳᠤ ᠭᠠᠴᠠᠭ᠋ᠠᠨ ᠲᠠᠷᠤᠭ᠎ᠠ ᠵᠢᠨ ᠠᠵᠢᠯ᠎ᠢ ᠬᠠᠷᠢᠭᠤᠴᠠᠪᠠ᠃ 2018 ᠣᠨ᠎ᠳᠤ ᠭᠠᠴᠠᠭ᠋ᠠᠨ᠎ᠤ 〈〈ᠬᠤᠶᠠᠷ ᠵᠦᠪᠯᠡᠯ〉〉᠎ᠤᠨ ᠰᠣᠩᠭᠤᠭᠤᠯᠢ ᠎ᠪᠠᠷ ᠲᠠᠮᠵᠢᠨ ᠭᠠᠴᠠᠭ᠋ᠠᠨ᠎ᠤ ᠱᠦᠵᠢ ᠪᠤᠯᠤᠨ ᠭᠠᠴᠠᠭ᠋ᠠᠨ ᠲᠠᠷᠣᠭ᠎ᠠ ᠵᠢᠨ ᠲᠤᠰᠢᠶᠠᠯ᠎ᠢ  ᠬᠠᠪᠰᠣᠷᠭ᠋ᠠᠨ ᠡᠬᠦᠷᠭᠡᠯᠡᠵᠦ ᠢᠷᠡᠭᠰᠡᠨ ᠵᠢᠷ᠎ᠤᠨ ᠮᠦᠷᠳᠡᠭᠡᠨ ᠵᠢᠷ᠎ᠤᠨ ᠪᠤᠰᠤ ᠮᠠᠯᠴᠢᠳ᠎ᠤᠨ 〈〈  ᠪᠠᠶᠠᠵᠢᠯ᠎ᠤᠨ ᠲᠠᠭ᠋ᠠᠭᠤᠯᠤᠭᠴᠢ ᠣᠳᠣᠨ〉〉 ᠮᠦᠨ᠃

      ᠨᠢᠭᠡ᠂  ᠦᠨᠳᠦᠰᠦᠳᠡᠨ᠎ᠤ ᠪᠦᠯᠬᠦᠮᠳᠡᠯ᠎ᠢ ᠠᠬᠢᠭᠤᠯᠵᠤ᠂ ᠨᠠᠮ᠎ᠤᠨ ᠡᠬᠦᠷ᠎ᠤᠨ ᠠᠵᠢᠯ ᠵᠶ᠋ᠠᠨ ᠴᠢᠩᠭ᠋ᠠᠳᠬᠠᠭᠰᠠᠨ ᠎ᠨᠢ
      ᠬᠠᠭᠤᠴᠢᠨ ᠪᠠᠷᠭᠤ ᠬᠤᠰᠢᠭᠤᠨ᠎ᠤ ᠪᠠᠶᠠᠨᠬᠠᠳᠠ ᠰᠣᠮᠣᠨ᠎ᠤ ᠬᠦᠬᠡᠡᠦ᠋ᠨᠳᠦᠷ ᠭᠠᠴᠠᠭ᠎ᠠ᠎ᠨᠢ1958 ᠣᠨ᠎ᠳᠤ ᠪᠠᠢ᠌ᠭᠤᠯᠤᠭᠳᠠᠵᠤ᠂ ᠪᠠᠶᠠᠨᠬᠠᠳᠠ ᠰᠣᠮᠣᠨ᠎ᠤ ᠵᠡᠬᠦᠨ ᠪᠡᠶ᠎ᠡ᠎ᠪᠠᠷ ᠪᠠᠢ᠌ᠷᠢᠰᠢᠵᠦ᠂ ᠡᠸᠡᠩᠬᠢ ᠦᠨᠳᠦᠰᠦᠳᠡᠨ᠎ᠤ ᠰᠣᠮᠣ ᠪᠤᠯᠤᠨ ᠪᠠᠶᠡᠨᠬᠦᠷᠢᠶ᠎ᠡ ᠪᠠᠯᠭ᠋ᠠᠰᠣ᠎ᠲᠠᠢ ᠬᠦᠷᠰᠢᠯᠡᠵᠦ᠂ 〈〈ᠤᠭ᠋ᠠᠯᠵᠠᠨ ᠮᠡᠷᠭᠡᠯ〉〉᠎ᠨᠢ ᠲᠤᠰ ᠭᠠᠴᠠᠭ᠎ᠠ ᠵᠢ ᠰᠣᠨᠳᠠᠯᠠᠨ ᠣᠷᠣᠰᠴᠣ᠂ G332 ᠵᠠᠰᠠᠮᠠᠯ ᠵᠠᠮ᠎ᠨᠢ ᠲᠤᠰ  ᠭᠠᠴᠠᠭ᠎ᠠ ᠎ᠪᠠᠷ ᠦᠩᠭᠡᠷᠡᠳᠡᠭ᠃ ᠭᠠᠴᠠᠭ᠋ᠠᠨ᠎ᠤ ᠬᠠᠷᠢᠶᠠᠨ᠎ᠳᠤ ᠬᠦᠬᠡᠡᠦ᠋ᠨᠳᠦᠷ ᠭᠡᠬᠦ ᠦᠨᠳᠦᠷ ᠲᠤᠪᠤᠴᠠᠭ ᠭᠠᠵᠠᠷ ᠪᠠᠢ᠌ᠳᠠᠭ ᠵᠶ᠋ᠠᠷ ᠵᠶ᠋ᠠᠨ ᠲᠤᠰ ᠭᠠᠴᠠᠭ᠎ᠠ ᠵᠢ  〈〈ᠬᠦᠬᠡᠡᠦ᠋ᠨᠳᠦᠷ〉〉 ᠭᠡᠵᠦ ᠨᠡᠷᠡᠯᠡᠭᠰᠡᠨ ᠶᠤᠮ᠃  ᠪᠦᠬᠦ ᠭᠠᠴᠠᠭ᠋ᠠᠨ᠎ᠳᠤ᠎ᠪᠠᠨ 55 ᠡᠷᠦᠬᠡ140 ᠬᠦᠮᠦᠨ ᠠᠮᠠ᠎ᠲᠠᠢ ᠪᠠᠢ᠌ᠵᠦ ᠶᠡᠷᠦᠩᠬᠡᠢ ᠲᠠᠯᠠᠪᠠᠢ᠎ᠨᠢ 582.106  ᠺᠦᠸᠠᠳ᠋ ᠺᠢᠯᠤᠮᠸᠲᠷ ᠪᠠᠢ᠌ᠳᠠᠭ ᠃ ᠪᠦᠬᠦ ᠭᠠᠴᠠᠭ᠋ᠠᠨ᠎ᠤ ᠨᠠᠮ᠎ᠤᠨ ᠭᠡᠰᠢᠬᠦᠨ15 ᠨᠡᠷᠡᠰ᠂ ᠡᠬᠦᠨ᠎ᠠᠴᠠ ᠭᠠᠳᠠᠨ᠎ᠠ ᠢᠳᠡᠪᠬᠢᠳᠡᠨ1 ᠨᠡᠷᠡᠰ᠂ ᠪᠡᠯᠡᠳᠭᠡᠯ ᠨᠠᠮ᠎ᠤᠨ ᠭᠡᠰᠢᠬᠦᠨ1 ᠨᠡᠷᠡᠰ᠎ᠲᠠᠢ᠂ ᠨᠠᠮ᠎ᠤᠨ ᠭᠡᠰᠢᠬᠦᠨ᠎ᠤ ᠭᠤᠤᠯᠯᠠᠬᠤ ᠡᠷᠦᠬᠡ 5 ᠪᠤᠢ᠃ 
     ᠮᠣᠩᠭᠤᠯ᠂ ᠬᠢᠳᠡᠳ᠂ ᠡᠸᠡᠩᠭᠢ᠂ ᠬᠢᠷᠬᠢᠰ ᠵᠡᠷᠭᠡ ᠲᠦᠷᠪᠡᠨ ᠦᠨᠳᠦᠰᠦᠳᠡᠨ ᠵᠶ᠋ᠠᠷ ᠪᠦᠷᠢᠯᠳᠦᠭᠰᠡᠨ ᠴᠤᠯ ᠮᠠᠯᠵᠢᠬᠤ ᠭᠠᠴᠠᠭ᠎ᠠ ᠪᠤᠯᠤᠨ᠎ᠠ᠃ ᠦᠨᠳᠦᠰᠦᠳᠡᠨ᠎ᠤ ᠪᠦᠯᠬᠦᠮᠳᠡᠯ ᠲᠠᠪᠰᠢᠯᠳᠠ ᠵᠢᠨ ᠠᠵᠢᠯ᠎ᠤᠨ ᠴᠢᠬᠤᠯᠠ ᠴᠢᠨᠠᠷ᠎ᠢ ᠬᠦᠨᠵᠡᠭᠡᠢ ᠲᠠᠨᠢᠭᠰᠠᠨ ᠯᠢ ᠰᠦᠩ ᠪᠢᠨ ᠨᠦᠬᠦᠷ ᠨᠠᠮ᠎ᠤᠨ ᠦᠨᠳᠦᠰᠦᠳᠡᠨ᠎ᠤ ᠲᠦᠷᠦ ᠵᠢᠨ ᠪᠤᠳᠣᠯᠭ᠎ᠠ ᠵᠢ ᠲᠦᠪ ᠭᠤᠤᠯᠴᠢ᠎ᠪᠠᠷ ᠲᠤᠭᠤᠰᠢᠯᠠᠭᠤᠯᠵᠤ᠂ ᠪᠦᠬᠦ ᠭᠠᠴᠠᠭ᠋ᠠᠨ᠎ᠤ ᠭᠡᠰᠢᠭᠦᠳ᠎ᠤᠨ ᠬᠤᠭᠤᠷᠤᠨᠳᠣᠬᠢ ᠪᠦᠯᠬᠦᠮᠳᠡᠯ᠎ᠢ ᠲᠡᠷᠢᠬᠦᠨ ᠴᠢᠬᠤᠯᠠ ᠠᠵᠢᠯ ᠡᠬᠦᠷᠭᠡ ᠪᠤᠯᠭ᠋ᠠᠨ ᠠᠳᠬᠣᠵᠣ ᠢᠷᠡᠵᠡᠢ᠃ ᠲᠡᠷᠡ ᠭᠠᠴᠠᠭ᠋ᠠᠨ᠎ᠤ ᠨᠠᠮ᠎ᠤᠨ ᠡᠬᠦᠷ᠎ᠤᠨ ᠰᠣᠷᠣᠯᠴᠠᠯᠭ᠎ᠠ᠂ ᠮᠠᠯᠴᠢᠳ᠎ᠤᠨ ᠲᠦᠯᠦᠭᠡᠯᠡᠭᠴᠢᠳ᠎ᠤᠨ ᠬᠤᠷᠠᠯ ᠵᠡᠷᠭᠡ ᠬᠤᠷᠠᠯ ᠴᠣᠭᠯᠠᠭ᠋ᠠᠨ ᠪᠦᠷᠢ᠎ᠳᠤ ᠡᠯ᠎ᠡ ᠦᠨᠳᠦᠰᠦᠳᠡᠨ᠎ᠤ ᠬᠤᠭᠤᠷᠤᠨᠳᠣᠬᠢ ᠪᠦᠯᠬᠦᠮᠳᠡᠯ ᠲᠠᠪᠰᠢᠯᠳᠠ ᠵᠢᠨ ᠠᠵᠢᠯ᠎ᠢ ᠴᠢᠬᠤᠯᠠᠴᠢᠯᠠᠨ ᠴᠢᠩᠭ᠋ᠠᠳᠬᠠᠵᠤ᠂ ᠨᠠᠮ᠎ᠤᠨ ᠲᠦᠷᠦ ᠵᠢᠨ ᠪᠤᠳᠣᠯᠭ᠎ᠠ ᠪᠠ ᠴᠠᠭ ᠲᠦᠷᠦ ᠵᠢᠨ ᠪᠠᠢ᠌ᠳᠠᠯ᠎ᠢ ᠮᠠᠯᠴᠢᠳ᠎ᠲᠤ᠎ᠪᠠᠨ ᠴᠠᠭ ᠲᠤᠬᠠᠢ᠎ᠳᠤ᠎ᠨᠢ ᠣᠬᠠᠭᠤᠯᠤᠨ ᠰᠣᠷᠳᠠᠯᠴᠢᠯᠠᠵᠤ ᠪᠠᠢ᠌ᠳᠠᠭ᠃
       ᠨᠠᠮ᠎ᠤᠨ ᠡᠬᠦᠷ᠎ᠤᠨ ᠠᠵᠢᠯ᠎ᠢ ᠰᠠᠢ᠌ᠳᠣᠷ ᠬᠢᠬᠦ᠎ᠳᠤ ᠨᠠᠮ᠎ᠤᠨ ᠭᠡᠰᠢᠬᠦᠨ ᠨᠢᠭᠡᠪᠦᠷᠢ ᠵᠢᠨ ᠦᠵᠡᠯ ᠤᠬᠠᠮᠰᠠᠷ ᠪᠤᠯᠤᠨ ᠲᠡᠭᠡᠳᠦ ᠬᠡᠮᠵᠢᠶᠠᠨ᠎ᠤ ᠬᠠᠷᠢᠭᠤᠴᠠᠯᠭ᠋ᠠᠳᠣ ᠰᠡᠳᠬᠢᠯᠭᠡ᠎ᠳᠤ ᠲᠦᠰᠢᠭᠯᠡᠳᠡᠭ᠃ ᠲᠡᠷᠡ ᠲᠤᠭᠳᠠᠭᠰᠠᠨ ᠬᠤᠭᠤᠴᠠᠭ᠎ᠠ ᠪᠦᠷᠢ᠎ᠳᠤ ᠨᠠᠮ᠎ᠤᠨ ᠡᠬᠦᠷ᠎ᠤᠨ ᠰᠣᠷᠣᠯᠴᠠᠯᠭ᠎ᠠ ᠦᠷᠨᠢᠬᠦᠯᠵᠦ ᠮᠠᠯᠴᠢᠨ ᠨᠠᠮ᠎ᠤᠨ ᠭᠡᠰᠢᠬᠦᠳ᠎ᠤᠨ ᠦᠵᠡᠯ ᠤᠬᠠᠮᠰᠠᠷ ᠲᠠᠨᠢᠯᠳᠠ ᠵᠢᠨ ᠬᠢᠷᠢ ᠲᠦᠪᠰᠢᠨ᠎ᠢ ᠲᠠᠰᠣᠷᠠᠯᠳᠠ ᠦᠭᠡᠢ ᠲᠠᠭᠡᠭᠰᠢᠯᠡᠬᠦᠯᠬᠦ ᠵᠢ ᠤᠨᠴᠠ ᠠᠩᠬᠠᠷᠳᠠᠭ᠃ ᠵᠦᠪᠬᠡᠨ ᠦᠵᠡᠯ ᠣᠬᠠᠮᠰᠠᠷ ᠪᠠ ᠲᠠᠨᠢᠯᠳᠠ ᠵᠢᠨ ᠬᠢᠷᠢ ᠲᠦᠪᠰᠢᠨ ᠦᠨᠳᠦᠷ ᠪᠠᠢ᠌ᠮᠠᠨᠵᠢᠨ ᠰᠠᠶᠢ ᠮᠠᠯᠴᠢᠳ᠎ᠤᠨ ᠬᠦᠷᠢᠶᠡᠯᠡᠯ᠎ᠢ ᠣᠯᠵᠣ ᠨᠠᠮ᠎ᠤᠨ ᠭᠡᠰᠢᠬᠦᠨ᠎ᠤ ᠬᠤᠰᠢᠭᠤᠴᠢ ᠵᠢᠱ᠌ᠢᠶᠡᠴᠢ ᠦᠢ᠍ᠯᠡᠳᠦᠯ ᠵᠶ᠋ᠠᠨ ᠬᠦᠢ᠍ᠴᠡᠳ ᠪᠠᠳᠠᠷᠠᠭᠤᠯᠵᠤ ᠴᠢᠳᠠᠳᠠᠭ᠃ ᠡᠰᠡ ᠲᠡᠢ᠌ᠮᠦ ᠪᠤᠯ ᠮᠠᠯᠴᠢᠳ᠎ᠤᠨ ᠲᠤᠮᠳᠠᠬᠢ ᠢᠳᠡᠭᠡᠯ ᠬᠦᠨᠳᠦ᠎ᠪᠠᠨ ᠠᠯᠳᠠᠬᠣ ᠪᠦᠭᠡᠳ ᠪᠦᠬᠦ ᠨᠠᠮ᠎ᠤᠨ ᠠᠷᠢᠭᠤᠨ ᠴᠢᠭᠴᠢ ᠴᠢᠨᠠᠷ᠎ᠢ ᠪᠠᠭᠤᠷᠠᠭᠤᠯᠳᠠᠭ᠃
     ᠮᠠᠯᠴᠢᠨ ᠨᠠᠮ᠎ᠤᠨ ᠭᠡᠰᠢᠬᠦᠨ ᠪᠤᠯᠤᠭᠰᠠᠳ ᠵᠠᠪᠠᠯ ᠦᠷᠦᠭᠡᠯ ᠪᠤᠰᠣᠳ᠎ᠤᠨ ᠠᠰᠢᠭ ᠲᠤᠰᠠ ᠵᠢ ᠲᠡᠷᠢᠬᠦᠨ ᠪᠠᠢ᠌ᠷᠢᠨ᠎ᠳᠤ ᠲᠠᠯᠪᠢᠵᠦ ᠦᠪᠡᠷ᠎ᠤᠨ ᠠᠰᠢᠭ ᠲᠤᠰᠠ᠎ᠪᠠᠨ ᠣᠮᠠᠷᠳᠠᠬᠤ ᠬᠡᠷᠡᠭᠳᠡᠢ᠃ ᠣᠯᠠᠨ ᠨᠡᠢ᠌ᠳᠡ ᠵᠢᠨ ᠠᠰᠢᠭ ᠲᠤᠰᠠ ᠵᠢ  ᠤᠷᠢᠳ ᠵᠶ᠋ᠠᠷ ᠪᠤᠳᠣᠯᠬᠢᠯᠠᠵᠤ ᠪᠦᠬᠦ ᠰᠡᠳᠬᠢᠯ ᠪᠦᠬᠦ ᠵᠤᠷᠢᠭ ᠵᠶ᠋ᠠᠷ ᠠᠷᠠᠳ ᠲᠦᠮᠡᠨ᠎ᠳᠤ ᠦᠢ᠍ᠯᠡᠴᠢᠯᠡᠬᠦ ᠦᠨᠳᠦᠰᠦᠨ ᠵᠤᠷᠢᠯᠳᠠ ᠵᠢ ᠪᠠᠷᠢᠮᠳᠠᠯᠠᠬᠤ ᠬᠡᠷᠡᠭᠳᠡᠢ᠃ ᠪᠤᠰᠣᠳ᠎ᠢ ᠱᠠᠭ᠋ᠠᠷᠳᠠᠬᠤ᠎ᠳᠤ᠎ᠪᠠᠨ ᠵᠠᠪᠠᠯ ᠦᠪᠡᠷ᠎ᠤᠨ ᠪᠡᠶ᠎ᠡ᠎ᠪᠠᠷ ᠵᠶ᠋ᠠᠨ ᠬᠡᠪ ᠲᠦᠷᠢᠮ ᠪᠤᠯᠬᠤ᠎ᠪᠠᠷ ᠴᠢᠷᠮᠡᠢ᠌ᠵᠦ ᠦᠷᠭᠡᠨ ᠣᠯᠠᠨ ᠮᠠᠯᠴᠢᠨ ᠲᠦᠮᠡᠨ᠎ᠤ ᠲᠦᠯᠦᠭᠡ ᠪᠦᠬᠦ  ᠬᠦᠴᠦᠨ ᠵᠢᠳᠬᠦᠯ ᠵᠶ᠋ᠠᠨ ᠵᠤᠷᠢᠭᠤᠯᠬᠤ ᠬᠡᠷᠡᠭᠳᠡᠢ᠂ ᠲᠡᠳᠡᠨ᠎ᠳᠤ ᠪᠠᠶᠠᠵᠢᠯ᠎ᠤᠨ ᠵᠠᠮᠴᠢ᠂ ᠪᠠᠶᠠᠵᠢᠯ᠎ᠤᠨ ᠲᠠᠭ᠋ᠠᠭᠤᠯᠤᠭᠴᠢ ᠪᠠ ᠰᠢᠨ᠎ᠡ ᠴᠠᠭ ᠦᠶ᠎ᠡ ᠵᠢᠨ ᠴᠢᠨᠠᠭᠡᠯᠢᠭ ᠠᠮᠢᠳᠣᠷᠠᠯ᠎ᠤᠨ ᠬᠤᠰᠢᠭᠤᠴᠢ ᠵᠢᠱ᠌ᠢᠶᠡᠴᠢ ᠪᠤᠯᠬᠤ ᠬᠡᠷᠡᠭᠳᠡᠢ᠃
       ᠲᠡᠷᠡ ᠭᠠᠴᠠᠭ᠋ᠠᠨ᠎ᠤ ᠡᠯ᠎ᠡ ᠦᠨᠳᠦᠰᠦᠳᠡᠨ᠎ᠤ ᠮᠠᠯᠴᠢᠨ ᠲᠦᠮᠡᠨ᠎ᠳᠤ ᠡᠷᠬᠡ ᠲᠡᠭᠰᠢ ᠲᠤᠪ ᠭᠤᠤᠯᠴᠢ᠎ᠪᠠᠷ ᠬᠠᠨᠳᠣᠵᠣ᠂  ᠲᠤᠯᠭ᠋ᠠᠷᠠᠵᠤ ᠪᠠᠢ᠌ᠭ᠎ᠠ ᠬᠦᠴᠢᠷᠳᠡᠯ᠎ᠢ᠎ᠨᠢ ᠦᠨᠡᠨ ᠰᠡᠳᠬᠢᠯ᠎ᠠᠴᠠ᠎ᠪᠠᠨ ᠰᠢᠢ᠍ᠳᠪᠦᠷᠢᠯᠡᠵᠦ ᠦᠭᠳᠡᠭ ᠪᠤᠯᠬᠤᠷ ᠮᠠᠯᠴᠢᠳ᠎ᠤᠨ ᠰᠡᠳᠬᠢᠯ᠎ᠤᠨ ᠬᠠᠨᠢ᠂ ᠰᠢᠳᠤᠷᠭᠤ ᠵᠠᠷᠤᠴᠠ᠂ ᠢᠳᠡᠭᠡᠮᠵᠢᠳᠦ ᠲᠠᠭ᠋ᠠᠭᠤᠯᠤᠭᠴᠢ ᠪᠤᠯᠵᠤ ᠴᠢᠳᠠᠭᠰᠠᠨ ᠶᠤᠮ᠃ ᠪᠦᠬᠦ ᠭᠠᠴᠠᠭ᠋ᠠᠨ᠎ᠤ ᠨᠠᠮ᠎ᠤᠨ ᠭᠡᠰᠢᠬᠦᠳ ᠪᠠ ᠨᠠᠮ᠎ᠤᠨ ᠡᠬᠦᠷ᠎ᠤᠨ ᠬᠠᠮᠳᠣ ᠵᠢᠨ ᠴᠢᠷᠮᠠᠢ᠌ᠯᠭ᠎ᠠ᠎ᠪᠠᠷ ᠲᠤᠰ ᠭᠠᠴᠠᠭ᠋ᠠᠨ᠎ᠤ ᠨᠠᠮ᠎ᠤᠨ ᠡᠬᠦᠷ᠎ᠨᠢ ᠬᠤᠳᠠ ᠬᠤᠰᠢᠭᠤ ᠪᠤᠶᠤ ᠰᠣᠮᠣ ᠵᠢᠨ ᠵᠶ᠋ᠠᠨ ᠲᠡᠷᠢᠬᠦᠨ᠎ᠤ ᠨᠠᠮ᠎ᠤᠨ ᠡᠬᠦᠷ᠂ ᠰᠢᠯᠢᠳᠡᠭ ᠨᠠᠮ᠎ᠤᠨ ᠡᠬᠦᠷ ᠵᠡᠷᠭᠡ ᠢᠷᠠᠭᠤ ᠠᠯᠳᠠᠷ᠎ᠢ ᠣᠯᠠᠨᠳᠠ ᠬᠦᠷᠳᠡᠭᠡᠵᠦ ᠦᠩᠭᠡᠷᠡᠭᠰᠡᠨ ᠪᠦᠭᠡᠳ ᠯᠢ ᠰᠦᠩ ᠪᠢᠨ ᠨᠦᠬᠦᠷ ᠴᠦ᠍ ᠰᠢᠯᠢᠳᠡᠭ ᠮᠠᠯᠴᠢᠨ᠂ ᠲᠡᠷᠢᠬᠦᠨ᠎ᠤ ᠬᠤᠪᠢ ᠬᠦᠮᠦᠨ᠂ ᠰᠢᠯᠢᠳᠡᠭ ᠨᠠᠮ᠎ᠤᠨ ᠭᠡᠰᠢᠬᠦᠨ ᠵᠡᠷᠭᠡ ᠢᠷᠠᠭᠤ ᠠᠯᠳᠠᠷ᠎ᠢ ᠣᠯᠠᠨᠳᠠ ᠬᠦᠷᠳᠡᠭᠡᠵᠦ ᠦᠩᠭᠡᠷᠡᠵᠡᠢ᠃

      ᠬᠤᠶᠠᠷ᠂  ᠭᠠᠴᠠᠭ᠋ᠠᠨ᠎ᠤ ᠬᠠᠮᠳᠣ ᠵᠢᠨ ᠠᠵᠤ ᠠᠬᠤᠢ ᠵᠢ ᠪᠤᠵᠠᠭ᠋ᠠᠢ᠌ᠷᠠᠭᠤᠯᠵᠤ᠂ ᠬᠠᠮᠳᠣ᠎ᠪᠠᠷ ᠪᠠᠶᠠᠵᠢᠬᠤ ᠵᠢ ᠲᠠᠢ᠌ᠴᠢᠯᠠᠭᠰᠠᠨ᠎ᠨᠢ
     ᠭᠠᠴᠠᠭ᠋ᠠᠨ᠎ᠤ ᠬᠠᠮᠳᠣ ᠵᠢᠨ ᠠᠵᠤ ᠠᠬᠤᠢ ᠵᠢ ᠬᠦᠭᠵᠢᠬᠦᠯᠦᠨ ᠪᠤᠵᠠᠭ᠋ᠠᠢ᠌ᠷᠠᠭᠤᠯᠬᠤ ᠶᠠᠪᠤᠳᠠᠯ ᠪᠤᠯ ᠭᠠᠴᠠᠭ᠋ᠠᠨ᠎ᠤ ᠢᠷᠡᠭᠡᠳᠦᠢ ᠵᠢᠨ ᠬᠦᠭᠵᠢᠯᠳᠡ ᠪᠠ ᠪᠦᠬᠦ ᠭᠠᠴᠠᠭ᠋ᠠᠨ᠎ᠤ ᠮᠠᠯᠴᠢᠨ ᠲᠠᠷᠢᠶᠠᠴᠢᠨ ᠲᠦᠮᠡᠨ᠎ᠤ ᠠᠰᠢᠭ ᠲᠤᠰᠠ᠎ᠲᠠᠢ ᠬᠤᠯᠪᠤᠭᠳᠠᠬᠤ ᠠᠯᠤᠰ ᠬᠡᠳᠦ ᠵᠢᠨ ᠠᠴᠢ ᠬᠤᠯᠪᠤᠭᠳᠠᠯ᠎ᠲᠠᠢ ᠲᠤᠮᠤ ᠶᠠᠪᠤᠳᠠᠯ ᠪᠤᠯᠬᠤ ᠶᠤᠮ᠃ ᠭᠠᠴᠠᠭ᠋ᠠᠨ᠎ᠤ ᠬᠠᠮᠳᠣ ᠵᠢᠨ ᠠᠵᠤ ᠠᠬᠤᠢ ᠵᠢ ᠬᠦᠭᠵᠢᠬᠦᠯᠦᠨ ᠪᠤᠵᠠᠭ᠋ᠠᠢ᠌ᠷᠠᠭᠤᠯᠬᠤ ᠶᠠᠪᠤᠳᠠᠯ᠎ᠨᠢ ᠲᠤᠮᠳᠠᠳᠣ ᠣᠯᠣᠰ᠎ᠤᠨ ᠮᠠᠶᠢᠭ᠎ᠤᠨ ᠣᠳᠣᠬᠢᠴᠢᠯᠠᠯᠳᠠ ᠵᠢᠨ ᠬᠠᠮᠳᠣ᠎ᠪᠠᠷ ᠪᠠᠶᠠᠵᠢᠬᠤ ᠵᠢ ᠠᠬᠢᠭᠤᠯᠬᠤ ᠴᠢᠬᠤᠯᠠ ᠠᠷᠭ᠎ᠠ ᠠᠪᠴᠠᠯ ᠪᠤᠯᠬᠤ ᠶᠤᠮ᠃ ᠲᠡᠷᠡ᠎ᠨᠢ ᠲᠤᠰ ᠭᠠᠴᠠᠭ᠋ᠠᠨ᠎ᠤ ᠠᠵᠤ ᠠᠬᠤᠢ ᠵᠢᠨ ᠬᠦᠭᠵᠢᠯᠳᠡ ᠵᠢ ᠠᠬᠢᠭᠤᠯᠬᠤ ᠪᠤᠳᠠᠰ᠎ᠤᠨ ᠰᠠᠭᠤᠷᠢ ᠪᠦᠭᠡᠳ ᠮᠠᠯᠵᠢᠬᠤ ᠲᠠᠷᠢᠶᠠᠯᠠᠬᠤ ᠣᠷᠣᠨ᠎ᠤ ᠦᠨᠳᠦᠰᠦᠨ ᠱᠠᠳᠣᠨ᠎ᠤ ᠵᠤᠬᠢᠶᠠᠨ ᠪᠠᠢ᠌ᠭᠤᠯᠤᠯᠳᠠ ᠵᠢ ᠴᠢᠩᠭ᠋ᠠᠳᠬᠠᠬᠤ ᠵᠢᠨ  ᠲᠤᠯᠭ᠋ᠠᠮ ᠱᠠᠭ᠋ᠠᠷᠳᠠᠯᠭ᠎ᠠ ᠮᠦᠨ᠃
     ᠣᠳᠣᠬᠠᠨ᠎ᠳᠤ ᠭᠠᠴᠠᠭ᠋ᠠᠨ᠎ᠤ ᠬᠠᠮᠳᠣ ᠵᠢᠨ ᠠᠬᠤ ᠠᠬᠤᠢ ᠵᠢ ᠬᠦᠭᠵᠢᠬᠦᠯᠬᠦ ᠲᠠᠯ᠎ᠠ᠎ᠪᠠᠷ ᠮᠠᠨ᠎ᠤ ᠦᠪᠦᠷ ᠮᠤᠩᠭᠤᠯ ᠣᠷᠣᠨ᠎ᠤ ᠣᠯᠠᠩᠬᠢ ᠮᠠᠯᠵᠢᠬᠤ ᠲᠠᠷᠢᠶᠠᠯᠠᠬᠤ ᠭᠠᠴᠠᠭ᠋ᠠᠨ᠎ᠳᠤ ᠣᠯᠠᠨ ᠲᠠᠯ᠎ᠠ ᠵᠢᠨ ᠠᠰᠠᠭᠤᠳᠠᠯ ᠣᠷᠣᠰᠢᠵᠤ ᠪᠠᠢ᠌ᠭ᠎ᠠ ᠪᠦᠭᠡᠳ ᠣᠯᠠᠩᠬᠢ ᠭᠠᠴᠠᠭ᠋ᠠᠨ᠎ᠤ ᠬᠠᠮᠳᠣ ᠵᠢᠨ ᠠᠵᠤ ᠠᠬᠤᠢ ᠵᠢᠨ ᠬᠡᠪᠴᠢᠶ᠎ᠡ ᠬᠠᠷᠠᠬᠠᠨ ᠲᠡᠭᠦᠯᠳᠡᠷᠵᠢᠭᠡᠳᠦᠢ ᠪᠦᠭᠡᠳ ᠭᠠᠴᠠᠭ᠋ᠠᠨ᠎ᠤ ᠣᠳᠣᠷᠢᠳᠣᠯᠭ᠎ᠠ ᠵᠢᠨ ᠦᠵᠡᠯᠳᠡ ᠲᠠᠨᠢᠯᠳᠠ ᠲᠤᠳᠠᠮᠠᠭ᠂ ᠢᠳᠡᠪᠬᠢᠵᠢᠯ ᠲᠤᠤᠷ᠎ᠠ᠂ ᠨᠦᠬᠦᠴᠡᠯ ᠬᠦᠷᠦᠯᠴᠡᠬᠦ ᠦᠭᠡᠢ᠂ ᠠᠯᠣᠰ᠎ᠤᠨ ᠬᠠᠷᠠᠯᠳᠠ᠎ᠲᠠᠢ ᠪᠤᠯᠵᠤ ᠴᠢᠳᠠᠭ᠎ᠠ ᠦᠭᠡᠢ ᠪᠠ ᠬᠡᠷᠬᠢᠨ ᠬᠦᠭᠵᠢᠬᠦᠯᠬᠦ ᠰᠡᠳᠬᠢᠴᠡ᠂ ᠲᠦᠰᠦᠪ ᠲᠦᠯᠦᠪᠵᠢᠬᠦᠯᠭᠡ ᠲᠤᠳᠠᠮᠠᠭ ᠵᠡᠷᠭᠡ ᠣᠯᠠᠨ ᠲᠠᠯ᠎ᠠ ᠵᠢᠨ ᠠᠰᠠᠭᠤᠳᠠᠯ ᠣᠷᠣᠰᠢᠵᠤ ᠪᠤᠢ᠃
     ᠯᠢ ᠰᠦᠩ ᠪᠢᠨ ᠨᠦᠬᠦᠷ ᠭᠠᠴᠠᠭ᠋ᠠᠨ᠎ᠤ ᠣᠳᠣᠷᠢᠳᠣᠯᠭ᠎ᠠ ᠵᠢᠨ ᠲᠤᠰᠢᠶᠠᠯ᠎ᠢ ᠬᠠᠷᠢᠭᠤᠴᠠᠭᠰᠠᠨ᠎ᠠᠴᠠ  ᠨᠠᠭ᠋ᠠᠰᠢ ᠮᠠᠯᠴᠢᠳ᠎ᠤᠨ ᠣᠷᠣᠯᠭ᠎ᠠ ᠵᠢ ᠨᠡᠮᠡᠭᠳᠡᠬᠦᠯᠬᠦ ᠪᠠ ᠬᠠᠮᠳᠣ ᠵᠢᠨ ᠠᠵᠤ ᠠᠬᠤᠢ ᠵᠢ ᠬᠦᠭᠵᠢᠬᠦᠯᠦᠨ ᠪᠤᠵᠠᠭ᠋ᠠᠢ᠌ᠷᠠᠭᠤᠯᠬᠤ ᠶᠠᠪᠤᠳᠠᠯ᠎ᠤᠨ ᠴᠢᠬᠤᠯᠠ ᠠᠴᠢ ᠬᠤᠯᠪᠤᠭᠳᠠᠯ᠎ᠢ ᠬᠦᠢ᠍ᠴᠡᠳ ᠲᠠᠨᠢᠵᠦ ᠡᠳᠦᠷ ᠲᠤᠳᠣᠮ᠎ᠤᠨ ᠠᠵᠢᠯ᠎ᠤᠨ ᠵᠶ᠋ᠠᠨ ᠭᠤᠤᠯ ᠡᠬᠦᠷᠭᠡ  ᠪᠤᠯᠭ᠋ᠠᠨ ᠠᠳᠬᠣᠵᠣ ᠢᠷᠡᠵᠡᠢ᠃
      〈〈ᠴᠢᠷᠮᠠᠢ᠌ᠯᠭ᠎ᠠ ᠬᠦᠮᠦᠨ᠎ᠢ ᠬᠦᠰᠡᠷᠳᠡᠬᠦᠯᠬᠦ ᠦᠭᠡᠢ〉〉 ᠭᠡᠭᠴᠢ᠎ᠪᠠᠷ ᠣᠷᠴᠢᠮ᠎ᠤᠨ ᠵᠢᠯ᠎ᠤᠳ᠎ᠲᠤ᠂  ᠯᠢ ᠰᠦᠩ ᠪᠢᠨ ᠨᠦᠬᠦᠷ ᠪᠦᠬᠦ ᠰᠡᠳᠬᠢᠯ ᠪᠦᠬᠦ ᠵᠤᠷᠢᠭ ᠵᠶ᠋ᠠᠷ ᠠᠷᠠᠳ ᠲᠦᠮᠡᠨ᠎ᠳᠤ ᠦᠢ᠍ᠯᠡᠴᠢᠯᠡᠬᠦ ᠦᠨᠳᠦᠰᠦᠨ ᠵᠤᠷᠢᠯᠳᠠ ᠵᠢ ᠡᠪᠦᠷᠯᠡᠵᠦ᠂ ᠭᠠᠴᠠᠭ᠋ᠠᠨ᠎ᠤ  ᠪᠦᠬᠦ ᠨᠠᠮ᠎ᠤᠨ ᠭᠡᠰᠢᠬᠦᠳ ᠵᠶ᠋ᠠᠨ ᠲᠠᠢ᠌ᠴᠢᠯᠠᠵᠦ ᠮᠠᠯᠴᠢᠳ ᠵᠶ᠋ᠠᠨ ᠲᠠᠭ᠋ᠠᠭᠤᠯᠤᠨ ᠪᠠᠶᠠᠵᠢᠬᠤ ᠣᠭ ᠰᠠᠨᠠᠭ᠎ᠠ᠎ᠪᠠᠨ ᠪᠠᠷᠢᠮᠳᠠᠯᠠᠨ᠂ ᠣᠳᠣᠷᠢᠳᠣᠯᠭ᠎ᠠ ᠵᠢᠨ ᠡᠬᠦᠷᠭᠡ ᠬᠠᠷᠢᠭᠤᠴᠠᠯᠭ᠎ᠠ᠎ᠪᠠᠨ ᠬᠦᠢ᠍ᠴᠡᠳ ᠪᠠᠳᠠᠷᠠᠭᠤᠯᠬᠤ᠎ᠪᠠᠷ ᠡᠷᠡᠰ ᠰᠢᠭᠤᠷᠬᠠᠢ ᠲᠡᠮᠡᠴᠡᠵᠦ ᠢᠷᠡᠭᠰᠡᠨ ᠪᠠ ᠪᠦᠬᠦ ᠭᠠᠴᠠᠭ᠋ᠠᠨ᠎ᠤ ᠡᠯ᠎ᠡ ᠦᠨᠳᠦᠰᠦᠳᠡᠨ᠎ᠤ ᠮᠠᠯᠴᠢᠳ᠎ᠤᠨ ᠬᠠᠮᠳᠣ ᠵᠢᠨ ᠴᠢᠷᠮᠠᠢ᠌ᠯᠭ᠎ᠠ᠎ᠪᠠᠷ ᠭᠠᠴᠠᠭ᠋ᠠᠨ᠎ᠤ ᠬᠠᠮᠳᠣ ᠵᠢᠨ ᠠᠵᠤ ᠠᠬᠤᠢ᠎ᠨᠢ ᠦᠩᠭᠡᠷᠡᠭᠰᠡᠨ ᠵᠢᠯ᠎ᠤᠳ᠎ᠠᠴᠠ ᠮᠠᠳᠡᠭᠳᠡᠮ᠎ᠡ ᠰᠠᠢ᠌ᠵᠢᠷᠠᠪᠠ᠃  ᠭᠠᠴᠠᠭ᠋ᠠᠨ᠎ᠤ ᠨᠡᠢ᠌ᠳᠡ ᠵᠢᠨ ᠠᠵᠤ ᠠᠬᠤᠢ ᠵᠢᠨ ᠣᠷᠣᠯᠭ᠎ᠠ᠎ᠨᠢ ᠭᠤᠤᠯᠳᠠᠭᠤ ᠭᠠᠴᠠᠭ᠋ᠠᠨ᠎ᠤ ᠨᠡᠢ᠌ᠳᠡ ᠵᠢᠨ ᠡᠪᠡᠰᠦᠨ ᠲᠠᠯᠠᠪᠠᠢ᠎ᠪᠠᠨ ᠭᠠᠳᠠᠭᠰᠢ ᠲᠦᠷᠢᠶᠡᠰᠦᠯᠡᠬᠦ ᠪᠤᠶᠤ ᠭᠠᠴᠠᠭ᠋ᠠᠨ᠎ᠤ ᠨᠡᠢ᠌ᠳᠡ ᠵᠢᠨ ᠪᠤᠳᠠ ᠪᠤᠭ ᠮᠠᠯ᠎ᠤᠨ ᠣᠷᠣᠯᠭ᠎ᠠ᠎ᠳᠤ ᠲᠦᠰᠢᠭᠯᠡᠳᠡᠭ᠃ ᠣᠳᠣᠬᠠᠨ᠎ᠳᠤ ᠲᠡᠳᠡᠨ᠎ᠤ ᠭᠠᠴᠠᠭ᠋ᠠᠨ᠎ᠤ ᠨᠡᠢ᠌ᠳᠡ ᠵᠢᠨ ᠠᠵᠤ ᠠᠬᠤᠢ᠎ᠳᠤ᠂1220 ᠰᠠᠭᠤᠷᠢ ᠡᠬᠡ ᠬᠤᠨᠢ᠎ᠲᠠᠢ᠂ 75 ᠲᠤᠯᠤᠭ᠋ᠠᠢ ᠰᠢᠮᠸᠨ᠋ᠲ᠋ᠡᠷ ᠦᠬᠡᠷ᠎ᠲᠠᠢ᠂ ᠨᠡᠢ᠌ᠳᠡ ᠵᠢᠨ ᠡᠪᠡᠰᠦᠨ ᠲᠠᠯᠠᠪᠠᠢ 29 ᠲᠦᠮᠡᠨ ᠮᠦ᠍᠂ ᠬᠤᠶᠠᠷ ᠰᠠᠭᠤᠷᠢ1000 ᠲᠡᠭᠰᠢ ᠲᠦᠷᠪᠡᠯᠵᠢᠨ ᠮᠸᠲᠷ᠎ᠤᠨ ᠡᠪᠡᠰᠦ ᠪᠤᠷᠳᠣᠭ᠎ᠠ ᠬᠠᠳᠠᠭ᠋ᠠᠯᠠᠬᠤ ᠬᠦᠮᠦᠷᠭᠡ᠎ᠲᠠᠢ ᠪᠤᠯᠵᠤ ᠬᠦᠭᠵᠢᠭᠰᠡᠨ ᠶᠤᠮ᠃

       ᠭᠤᠷᠪᠠ᠂  ᠮᠠᠯᠴᠢᠳ᠎ᠤᠨ ᠣᠷᠣᠯᠭ᠎ᠠ ᠵᠢ ᠨᠡᠮᠡᠭᠳᠡᠬᠦᠯᠵᠦ᠂ ᠬᠦᠳᠡᠭᠡ ᠲᠤᠰᠬᠤᠨ᠎ᠤ ᠬᠦᠭᠵᠢᠯᠳᠡ ᠵᠢ  ᠲᠦᠷᠭᠡᠳᠭᠡᠭᠰᠡᠨ᠎ᠨᠢ
     ᠨᠠᠮ᠎ᠤᠨ ᠬᠤᠷᠢᠳᠣᠭ᠋ᠠᠷ ᠶᠡᠬᠡ ᠬᠤᠷᠠᠯ᠎ᠳᠤ᠄ 〈〈ᠬᠦᠳᠡᠭᠡ ᠲᠤᠰᠬᠤᠨ᠎ᠢ ᠬᠦᠭᠵᠢᠬᠦᠯᠦᠨ ᠮᠠᠨᠳᠣᠭᠣᠯᠬᠣ ᠵᠢ ᠪᠦᠬᠦ ᠲᠠᠯ᠎ᠠ᠎ᠪᠠᠷ ᠠᠬᠢᠭᠤᠯᠬᠤ ᠬᠡᠷᠡᠭᠳᠡᠢ᠃ ᠲᠠᠷᠢᠶᠠᠯᠠᠩ ᠬᠦᠳᠡᠭᠡ ᠲᠤᠰᠬᠣᠨ᠎ᠢ  ᠤᠷᠢᠳ ᠵᠶ᠋ᠠᠷ ᠬᠦᠭᠵᠢᠬᠦᠯᠬᠦ  ᠪᠠ ᠬᠤᠳᠠ ᠬᠦᠳᠡᠭᠡ ᠵᠢ ᠠᠭᠤᠰᠣᠯᠴᠠᠭᠤᠯᠤᠨ ᠬᠦᠭᠵᠢᠬᠦᠯᠬᠦ ᠵᠢ ᠪᠠᠷᠢᠮᠳᠠᠯᠠᠵᠤ᠂ ᠬᠤᠳᠠ ᠬᠦᠳᠡᠭᠡ ᠵᠢᠨ ᠬᠤᠭᠤᠷᠤᠨᠳᠣᠬᠢ ᠬᠠᠷᠢᠯᠴᠠᠭ᠎ᠠ ᠶᠠᠪᠤᠯᠴᠠᠭ᠎ᠠ ᠵᠢ ᠠᠬᠢᠭᠤᠯᠤᠨ᠂ ᠲᠠᠷᠢᠶᠠᠯᠠᠩ᠎ᠤᠨ ᠬᠦᠴᠦᠷᠬᠡᠭ ᠣᠯᠣᠰ᠎ᠢ ᠲᠦᠷᠭᠡᠳᠭᠡᠨ ᠪᠠᠢ᠌ᠭᠤᠯᠵᠤ᠂ ᠬᠦᠳᠡᠭᠡ ᠲᠤᠰᠬᠣᠨ᠎ᠤ ᠠᠵᠤ ᠦᠢ᠍ᠯᠡᠰ᠂ ᠴᠢᠳᠠᠪᠦᠷᠢᠳᠡᠨ᠂ ᠰᠣᠶᠣᠯ ᠪᠠ ᠠᠮᠢ ᠠᠬᠤᠢ᠂ ᠵᠤᠬᠢᠶᠠᠨ ᠪᠠᠢ᠌ᠭᠤᠯᠤᠯᠳᠠ ᠵᠢᠨ ᠴᠡᠴᠡᠭᠯᠡᠨ ᠬᠦᠭᠵᠢᠬᠦ ᠵᠢ ᠯᠠᠪᠳᠠᠭᠤᠨ ᠪᠠᠳᠣᠳᠠᠢ ᠲᠦᠯᠬᠢᠨ ᠠᠬᠢᠭᠤᠯᠬᠤ ᠬᠡᠷᠡᠭᠳᠡᠢ〉〉 ᠭᠡᠵᠡᠢ᠃
      ᠬᠦᠳᠡᠭᠡ ᠲᠤᠰᠬᠣᠨ᠎ᠤ ᠬᠦᠭᠵᠢᠯᠳᠡ ᠵᠢ ᠲᠦᠷᠭᠡᠳᠬᠡᠬᠦ ᠶᠠᠪᠤᠳᠠᠯ ᠪᠤᠯ ᠣᠳᠣᠬᠠᠨ᠎ᠤ ᠲᠠᠷᠢᠶᠠᠯᠠᠩ ᠬᠦᠳᠡᠭᠡ ᠲᠤᠰᠬᠣᠨ᠎ᠤ ᠠᠵᠢᠯ᠎ᠤᠨ ᠭᠤᠤᠯᠳᠠᠯᠭ᠎ᠠ ᠪᠤᠯᠤᠨ᠎ᠠ᠃ ᠬᠦᠳᠡᠭᠡ ᠲᠤᠰᠬᠣᠨ᠎ᠤ ᠬᠦᠭᠵᠢᠯᠳᠡ ᠵᠢ ᠲᠦᠷᠭᠡᠳᠭᠡᠬᠦ ᠵᠢᠨ ᠭᠤᠤᠯ ᠠᠰᠠᠭᠤᠳᠠᠯ ᠪᠤᠯ ᠮᠠᠯᠴᠢᠨ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠬᠦᠯᠵᠦ᠂ ᠠᠵᠤ ᠠᠬᠤᠢ ᠵᠢ  ᠲᠠᠰᠣᠷᠠᠯᠳᠠ ᠦᠭᠡᠢ ᠲᠦᠷᠭᠡᠳᠬᠡᠬᠦ  ᠶᠠᠪᠤᠳᠠᠯ ᠮᠦᠨ᠃
       ᠯᠢ ᠰᠦᠩ ᠪᠢᠨ ᠨᠦᠬᠦᠷ ᠭᠠᠴᠠᠭ᠋ᠠᠨ᠎ᠤ ᠮᠠᠯᠴᠢᠳ᠎ᠤᠨ ᠣᠷᠣᠯᠭ᠎ᠠ ᠵᠢ ᠨᠡᠮᠡᠭᠳᠡᠬᠦᠯᠬᠦ ᠵᠢᠨ ᠲᠦᠯᠦᠭᠡ ᠣᠷᠣᠨ ᠨᠣᠳᠣᠭ᠎ᠤᠨ ᠣᠨᠴᠠᠯᠢᠭ᠎ᠠᠴᠠ ᠡᠬᠦᠰᠴᠦ᠂ 〈〈ᠬᠠᠭᠤᠴᠢᠨ ᠪᠠᠷᠭᠤ ᠬᠤᠰᠢᠭᠤᠨ᠎ᠤ ᠤᠯᠠᠭ᠋ᠠᠨ ᠲᠤᠯᠤᠭ᠋ᠠᠢ᠌ᠳᠣ ᠬᠤᠨᠢ〉〉 ᠵᠢᠨ ᠨᠡᠷ᠎ᠡ ᠲᠡᠮᠳᠡᠭ᠎ᠢ ᠡᠬᠦᠳᠴᠦ᠂ ᠣᠷᠣᠨ ᠨᠣᠳᠣᠭ᠎ᠤᠨ ᠬᠦᠭᠵᠢᠯᠳᠡ᠎ᠳᠤ ᠬᠤᠪᠢ ᠨᠡᠮᠡᠷᠢ ᠡᠷᠬᠦᠬᠦ᠎ᠪᠠᠷ ᠵᠤᠷᠢᠭ ᠰᠢᠭᠤᠳᠣᠯ᠎ᠠ᠃ ᠲᠡᠷᠡ2014 ᠣᠨ᠎ᠠᠴᠠ ᠡᠬᠢᠯᠡᠨ ᠲᠤᠰ ᠠᠵᠢᠯ᠎ᠢ ᠰᠦᠪᠡᠭᠴᠢᠯᠡᠨ ᠰᠡᠳᠦᠵᠦ ᠮᠠᠯᠴᠢᠳ ᠵᠶ᠋ᠠᠨ ᠣᠬᠠᠭᠤᠯᠤᠨ ᠭᠠᠴᠠᠭ᠋ᠠᠨ᠎ᠤ ᠠᠵᠤ ᠦᠢ᠍ᠯᠡᠰ ᠵᠶ᠋ᠠᠨ ᠨᠡᠮᠡᠭᠳᠡᠬᠦᠯᠬᠦ ᠵᠢ ᠵᠤᠷᠢᠭᠵᠢᠭᠤᠯᠵᠤ ᠡᠬᠢᠯᠡᠭᠰᠡᠨ ᠪᠦᠭᠡᠳ 2022 ᠣᠨ᠎ᠤ 6 ᠳ᠋ᠤᠭ᠋ᠠᠷ ᠰᠠᠷ᠎ᠠ ᠎ᠳᠤ ᠲᠤᠮᠳᠠᠳᠣ ᠣᠯᠣᠰ᠎ᠤᠨ ᠲᠠᠷᠢᠶᠠᠯᠠᠩ᠎ᠤᠨ ᠰᠢᠨᠵᠢᠯᠡᠬᠦ ᠣᠬᠠᠭ᠋ᠠᠨ᠎ᠤ ᠬᠦᠷᠢᠶᠡᠯᠡᠩ᠎ᠤᠨ ᠲᠠᠯ᠎ᠠ ᠨᠤᠳᠣᠭ᠎ᠤᠨ ᠰᠣᠳᠣᠯᠬᠣ ᠲᠠᠰᠣᠭ᠎ᠠᠴᠠ 〈〈ᠬᠠᠭᠤᠴᠢᠨ ᠪᠠᠷᠭᠤ ᠬᠤᠰᠢᠭᠤᠨ᠎ᠤ ᠤᠯᠠᠭ᠋ᠠᠨ ᠲᠤᠯᠤᠭ᠋ᠠᠢ᠌ᠳᠣ ᠬᠤᠨᠢ〉〉 ᠵᠢᠨ ᠠᠰᠢᠭ ᠰᠢᠮ᠎ᠡ ᠬᠤᠪᠢ᠎ᠳᠤ ᠦᠨᠡᠯᠡᠯᠳᠡ ᠬᠢᠭᠰᠡᠨ ᠪᠠ ᠲᠤᠰ ᠵᠢᠯ᠎ᠳᠤ᠎ᠪᠠᠨ 〈〈ᠬᠠᠭᠤᠴᠢᠨ ᠪᠠᠷᠭᠤ ᠬᠤᠰᠢᠭᠤᠨ᠎ᠤ ᠤᠯᠠᠭ᠋ᠠᠨ ᠲᠤᠯᠤᠭ᠋ᠠᠢ᠌ᠳᠣ ᠬᠤᠨᠢ〉〉᠎ᠨᠢ ᠪᠦᠬᠦ ᠣᠯᠣᠰ᠎ᠤᠨ ᠨᠡᠷᠡᠳᠦ ᠣᠨᠴᠠ ᠰᠢᠯᠢᠳᠡᠭ ᠲᠠᠷᠢᠶᠠᠯᠠᠩ᠎ᠤᠨ ᠪᠦᠳᠦᠭᠡᠭᠳᠡᠬᠦᠨ᠎ᠤ ᠴᠣᠯᠠ ᠵᠢ ᠬᠦᠷᠳᠡᠭᠰᠡᠨ ᠶᠤᠮ᠃ ᠬᠠᠭᠤᠴᠢᠨ ᠪᠠᠷᠭᠤ ᠬᠤᠰᠢᠭᠤᠨ᠎ᠤ ᠲᠠᠷᠢᠶᠠᠯᠠᠩ ᠮᠠᠯᠵᠢᠯ᠎ᠤᠨ ᠲᠤᠪᠴᠢᠶ᠎ᠠ᠎ᠠᠴᠠ ᠪᠠᠶᠠᠨᠬᠠᠳᠠ ᠰᠣᠮᠣ᠎ᠪᠠᠷ ᠭᠤᠤᠯ ᠲᠤᠷᠰᠢᠯᠳᠠ ᠵᠢᠨ ᠴᠡᠭ ᠪᠤᠯᠭ᠋ᠠᠨ ᠠᠳᠬᠤᠵᠤ ᠮᠠᠯ᠎ᠤᠨ ᠠᠰᠢᠭ ᠰᠢᠮ᠎ᠡ ᠵᠢᠨ ᠨᠡᠷᠡᠳᠦ ᠲᠡᠮᠳᠡᠭ᠎ᠢ ᠡᠬᠦᠳᠬᠦ᠎ᠪᠠᠷ ᠴᠢᠷᠮᠠᠢ᠌ᠨ ᠲᠡᠮᠡᠴᠡᠵᠦ ᠢᠷᠡᠭᠰᠡᠨ ᠶᠤᠮ᠃
     ᠪᠤᠰᠣᠳ᠎ᠢ ᠱᠠᠭ᠋ᠠᠷᠳᠠᠬᠤ᠎ᠳᠤ ᠵᠠᠪᠠᠯ ᠪᠡᠶ᠎ᠡ᠎ᠪᠠᠷ ᠵᠶ᠋ᠠᠨ ᠬᠡᠪ ᠲᠦᠷᠢᠮ ᠪᠠ ᠦᠯᠢᠭᠡᠷ ᠵᠢᠱ᠌ᠢᠶᠡᠴᠢ ᠵᠢᠨ ᠦᠢ᠍ᠯᠡᠳᠦᠯ ᠵᠶ᠋ᠠᠨ ᠭᠦᠢ᠍ᠴᠡᠳ ᠪᠠᠳᠠᠷᠠᠭᠤᠯᠬᠤ ᠬᠡᠷᠡᠭᠳᠡᠢ᠃ ᠢᠩᠭᠢᠮᠡᠨᠵᠢᠨ ᠰᠠᠶᠢ ᠦᠷᠭᠡᠨ ᠣᠯᠠᠨ ᠮᠠᠯᠴᠢᠳ ᠲᠤᠳᠣᠭ᠋ᠠᠳᠣ ᠰᠡᠳᠬᠢᠯ᠎ᠠᠴᠠ᠎ᠪᠠᠨ ᠪᠢᠰᠢᠷᠡᠨ ᠬᠦᠨᠳᠦᠳᠭᠡᠵᠦ ᠴᠣᠣᠷᠢᠶᠠᠳᠣᠨ ᠲᠠᠭ᠋ᠠᠳᠠᠭ ᠶᠤᠮ᠃ ᠶᠠᠭ ᠡᠢ᠌ᠮᠦ᠎ᠠᠴᠠ ᠯᠢ ᠰᠦᠩ ᠪᠢᠨ ᠨᠦᠬᠦᠷ ᠦᠪᠡᠷ ᠵᠶ᠋ᠠᠨ ᠲᠦᠷᠢᠮ ᠦᠵᠡᠬᠦᠯᠵᠦ ᠣᠯᠠᠭ᠋ᠠᠨ ᠲᠤᠯᠤᠭ᠋ᠠᠢ᠌ᠳᠦ ᠬᠤᠨᠢ ᠵᠢ ᠲᠡᠵᠢᠭᠡᠵᠦ ᠦᠷᠡᠵᠢᠬᠦᠯᠵᠦ ᠡᠬᠢᠯᠡᠭᠰᠡᠨ ᠶᠤᠮ᠃ ᠦᠨᠦ ᠵᠢᠯ ᠲᠡᠬᠦᠨ᠎ᠤ 3000 ᠭᠠᠷᠦᠢ  ᠣᠯᠠᠭ᠋ᠠᠨ ᠲᠤᠯᠤᠭ᠋ᠠᠢ᠌ᠳᠣ ᠲᠤᠯᠤᠭ᠋ᠠᠢ ᠬᠤᠨᠢ᠎ᠠᠴᠠ2000 ᠭᠠᠷᠦᠢ ᠲᠦᠯ ᠲᠤᠰᠣᠭᠰᠠᠨ ᠪᠦᠭᠡᠳ ᠭᠠᠴᠠᠭ᠋ᠠᠨ᠎ᠤ ᠮᠠᠯᠴᠢᠳ᠎ᠤᠨ ᠣᠯᠠᠭ᠋ᠠᠨ ᠲᠤᠯᠤᠭ᠋ᠠᠢ᠌ᠳᠣ ᠬᠤᠨᠢ ᠵᠢᠨ ᠦᠷᠡᠵᠢᠯᠳᠡ᠎ᠨᠢ ᠲᠡᠭᠡᠷ᠎ᠡ ᠵᠢᠯ᠎ᠠᠴᠠ᠎ᠪᠠᠨ ᠮᠡᠳᠡᠭᠳᠡᠮ᠎ᠡ ᠦᠨᠳᠦᠷ ᠪᠠᠢ᠌ᠨ᠎ᠠ ᠭᠡᠵᠦ ᠲᠡᠷᠡ ᠤᠮᠤᠭ ᠲᠡᠬᠦᠯᠳᠡᠷ ᠶᠠᠷᠢᠵᠦ ᠪᠠᠢ᠌ᠯ᠎ᠠ᠃
     ᠣᠳᠣ ᠲᠡᠳᠡᠨ᠎ᠤ ᠭᠠᠴᠠᠭ᠎ᠠ᠎ᠨᠢ ᠬᠤᠰᠢᠭᠤᠨ᠎ᠳᠤ᠎ᠪᠠᠨ ᠭᠠᠴᠠᠭ᠋ᠠᠨ᠎ᠤ ᠬᠠᠮᠳᠣ ᠵᠢᠨ ᠠᠵᠤ ᠠᠬᠤᠢ ᠵᠢᠨ ᠲᠠᠯ᠎ᠠ᠎ᠪᠠᠷ ᠲᠡᠷᠢᠬᠦᠨ᠎ᠤ ᠡᠩᠨᠡᠭᠡᠨ᠎ᠳᠤ  ᠬᠤᠰᠢᠭᠤᠷᠠᠵᠤ ᠶᠠᠪᠤᠭ᠎ᠠ ᠪᠠᠶᠠᠯᠢᠭ ᠭᠠᠴᠠᠭ᠎ᠠ ᠪᠤᠯᠬᠤ ᠪᠦᠭᠡᠳ ᠮᠠᠯᠴᠢᠳ᠎ᠤᠨ ᠬᠦᠮᠦᠨ ᠲᠣᠮᠳᠠᠴᠢ ᠵᠢᠨ ᠣᠷᠣᠯᠭ᠎ᠠ 2800 ᠲᠦᠭᠦᠷᠢᠭ᠎ᠲᠤ ᠬᠦᠷᠴᠦ ᠠᠵᠤ ᠠᠬᠤᠢ ᠵᠢᠨ ᠣᠷᠣᠯᠭ᠎ᠠ ᠪᠠ ᠠᠮᠢᠳᠣᠷᠠᠯ᠎ᠤᠨ ᠬᠢᠷᠢ ᠲᠦᠪᠰᠢᠨ᠎ᠤ ᠲᠠᠯ᠎ᠠ᠎ᠪᠠᠷ ᠪᠦᠬᠦ ᠬᠤᠰᠢᠭᠤᠨ᠎ᠳᠤ᠎ᠪᠠᠨ ᠣᠷᠣᠢ᠌ᠯᠠᠵᠤ ᠶᠠᠪᠤᠭ᠎ᠠ ᠴᠢᠨᠡᠭᠡᠯᠢᠭ ᠭᠠᠴᠠᠭ᠎ᠠ ᠪᠤᠯᠬᠤ ᠶᠤᠮ᠃

    ᠲᠦᠷᠪᠡ᠂ ᠮᠠᠯᠴᠢᠳ᠎ᠤᠨ ᠪᠤᠳᠠᠳᠣ ᠠᠰᠠᠭᠤᠳᠠᠯ᠎ᠢ ᠰᠢᠢ᠍ᠳᠪᠦᠷᠢᠯᠡᠵᠦ᠂ ᠣᠭ ᠰᠠᠨᠠᠭ᠎ᠠ ᠪᠠ ᠡᠬᠦᠷᠭᠡ ᠬᠠᠷᠢᠭᠤᠴᠠᠯᠭ᠎ᠠ᠎ᠪᠠᠨ ᠬᠦᠢ᠍ᠴᠡᠳᠭᠡᠭᠰᠡᠨ᠎ᠨᠢ
      ᠲᠤᠮᠳᠠᠳᠣ ᠣᠯᠣᠰ᠎ᠤᠨ ᠡᠪ ᠬᠠᠮᠳᠣ ᠨᠠᠮ᠎ᠤᠨ ᠭᠡᠰᠢᠬᠦᠨ᠎ᠤ ᠣᠭ ᠰᠠᠨᠠᠭ᠎ᠠ ᠪᠠ ᠡᠬᠦᠷᠭᠡ ᠬᠠᠷᠢᠭᠤᠴᠠᠯᠭ᠎ᠠ ᠪᠤᠯ ᠲᠤᠮᠳᠠᠳᠣ ᠣᠯᠣᠰ᠎ᠤᠨ ᠠᠷᠠᠳ ᠲᠦᠮᠡᠨ᠎ᠳᠤ ᠵᠤᠯ ᠵᠢᠷᠭ᠋ᠠᠯ ᠣᠯᠭᠣᠵᠣ᠂ ᠲᠤᠮᠳᠠᠳᠣ ᠵᠢᠨ ᠦᠨᠳᠦᠰᠦᠳᠡᠨ᠎ᠤ ᠰᠡᠷᠬᠦᠨ ᠮᠠᠨᠳᠣᠯᠳᠠ ᠵᠢ ᠪᠡᠶᠡᠯᠡᠬᠦᠯᠬᠦ ᠶᠠᠪᠤᠳᠠᠯ ᠪᠤᠯᠤᠨ᠎ᠠ᠃
       ᠡᠪ ᠬᠠᠮᠳᠣ ᠨᠠᠮ᠎ᠤᠨ ᠭᠡᠰᠢᠬᠦᠨ᠎ᠤ ᠣᠭ ᠰᠠᠨᠠᠭ᠎ᠠ ᠪᠠ ᠡᠬᠦᠷᠭᠡ ᠬᠠᠷᠢᠭᠤᠴᠠᠯᠭ᠎ᠠ᠎ᠨᠢ ᠡᠩ᠎ᠤᠨ ᠡᠳᠦᠷ ᠲᠤᠳᠣᠮ᠎ᠤᠨ ᠠᠷᠰᠠᠷ ᠠᠵᠢᠯ ᠶᠠᠪᠤᠳᠠᠯ᠎ᠤᠨ ᠲᠤᠮᠳᠠ ᠦᠷᠬᠦᠯᠵᠢ ᠵᠢᠨ ᠴᠢᠨᠠᠷᠳᠠᠢ᠂ ᠪᠠᠢ᠌ᠩᠭᠤ ᠵᠢᠨ ᠴᠢᠨᠠᠷᠳᠠᠢ ᠦᠷᠨᠢᠬᠦᠯᠬᠦ᠎ᠪᠠᠷ ᠲᠡᠮᠵᠢᠨ ᠰᠠᠶᠢ ᠪᠡᠶᠡᠯᠡᠭᠳᠡᠳᠡᠭ᠃ ᠬᠠᠷᠢᠨ ᠪᠤᠰᠣᠳ᠎ᠲᠤ ᠬᠠᠷᠠᠭᠤᠯᠬᠤ ᠪᠤᠶᠤ ᠨᠢᠭᠣᠷ ᠲᠦᠷᠰᠦ ᠵᠢᠨ ᠢᠨᠵᠸᠨ᠋ᠸᠷᠢᠩ ᠪᠤᠯᠬᠤ᠎ᠠᠴᠠ ᠲᠡᠪᠴᠢᠬᠦ ᠬᠡᠷᠡᠭᠳᠡᠢ᠃
      ᠲᠡᠷᠡ ᠮᠠᠯᠴᠢᠨ ᠡᠷᠦᠬᠡ᠎ᠪᠠᠷ ᠪᠠᠭᠤᠵᠤ ᠰᠠᠭᠤᠵᠤ ᠶᠠᠪᠤᠬᠤ ᠪᠤᠯᠭ᠋ᠠᠨ ᠎ᠳᠤ ᠲᠡᠳᠡᠨ᠎ᠤ ᠡᠳᠦᠷ ᠲᠤᠳᠣᠮ᠎ᠤᠨ ᠠᠮᠢᠳᠣᠷᠠᠯ ᠪᠤᠯᠤᠨ ᠠᠵᠢᠯ ᠶᠠᠪᠤᠳᠠᠯ᠎ᠤᠨ ᠬᠦᠴᠢᠷᠳᠡᠯ᠎ᠢ᠎ᠨᠢ ᠰᠢᠢ᠍ᠳᠪᠦᠷᠢᠯᠡᠨ ᠦᠭᠴᠦ ᠮᠠᠯᠴᠢᠳ᠎ᠢ ᠬᠠᠯᠠᠭᠤᠨ ᠲᠤᠳᠣᠨᠣ᠎ᠪᠠᠷ ᠠᠰᠠᠭᠤᠨ ᠪᠤᠯᠭᠤᠭ᠋ᠠᠵᠤ ᠪᠠᠢ᠌ᠳᠠᠭ᠃
     ᠲᠡᠷᠡ ᠣᠷᠳᠣ ᠣᠳᠠᠭ᠋ᠠᠨ ᠵᠢᠯ᠎ᠤᠨ ᠶᠠᠪᠤᠴᠠ᠎ᠳᠤ ᠮᠠᠯᠴᠢᠨ ᠡᠷᠦᠬᠡ᠎ᠪᠠᠷ ᠬᠦᠨᠵᠡᠭᠡᠢ᠌ᠷᠡᠬᠦ ᠶᠠᠪᠤᠴᠠ᠎ᠳᠤ ᠬᠦᠭᠰᠢᠨ ᠨᠠᠰᠣᠳᠠᠳ᠎ᠠᠴᠠ ᠠᠪᠤᠭ᠋ᠠᠳ ᠠᠢ᠌ᠯ᠎ᠤᠨ ᠬᠡᠣᠬᠡᠳ ᠨᠢᠯᠬ᠎ᠠ ᠬᠦᠷᠳᠡᠯ᠎ᠡ ᠲᠡᠬᠦᠨ᠎ᠢ ᠬᠠᠷᠠᠩᠭᠤᠳᠠ 〈〈ᠮᠠᠨ᠎ᠤ ᠱᠦᠵᠢ  ᠢᠷᠡᠯ᠎ᠡ〉〉 ᠭᠡᠵᠦ ᠲᠤᠳᠣᠨᠣᠴᠢᠯᠠᠨ ᠲᠠᠭᠤᠳᠠᠳᠠᠭ᠃ ᠠᠮᠢᠳᠣᠷᠠᠯ ᠬᠦᠴᠢᠷᠳᠡᠢ ᠠᠢ᠌ᠯ᠎ᠠᠴᠠ ᠠᠪᠤᠭ᠋ᠠᠳ ᠰᠠᠶᠢ ᠠᠳᠠᠯ ᠠᠮᠢᠳᠣᠷᠠᠯ ᠪᠤᠰᠬᠠᠵᠤ ᠪᠠᠢ᠌ᠭ᠎ᠠ ᠵᠠᠯᠠᠭᠤᠴᠣᠳ᠎ᠲᠤ ᠬᠦᠷᠳᠡᠯ᠎ᠡ ᠲᠡᠬᠦᠨ᠎ᠢ ᠦᠪᠡᠷ᠎ᠤᠨ ᠲᠦᠷᠦᠭᠰᠡᠨ ᠠᠬ᠎ᠠ ᠲᠡᠬᠦᠦ᠎ᠪᠠᠨ ᠰᠢᠭ ᠦᠵᠡᠵᠦ ᠶᠠᠭᠤ ᠪᠤᠯᠭ᠋ᠠᠨ ᠵᠶ᠋ᠠᠨ ᠲᠡᠬᠦᠨ᠎ᠢ ᠡᠷᠢᠵᠦ ᠵᠦᠪᠳᠡᠯᠴᠡᠨ ᠶᠠᠷᠢᠯᠴᠠᠳᠠᠭ ᠶᠤᠮ᠃
      ᠲᠡᠷᠡ ᠪᠤᠯᠤᠯᠴᠠᠭ᠎ᠠ ᠪᠦᠬᠦᠢ ᠠᠷᠭ᠎ᠠ ᠬᠡᠮᠵᠢᠶ᠎ᠡ ᠵᠢ  ᠰᠦᠪᠡᠭᠴᠢᠯᠡᠵᠦ ᠮᠠᠯᠴᠢᠳ ᠵᠶ᠋ᠠᠨ ᠪᠠᠶᠠᠵᠢᠭᠤᠯᠵᠤ ᠦᠭᠡᠳᠡ ᠲᠠᠳᠠᠬᠤ ᠎ᠪᠠᠷ ᠴᠢᠷᠮᠠᠢ᠌ᠳᠠᠭ᠃ ᠲᠡᠬᠦᠨ᠎ᠤ ᠬᠠᠪᠰᠣᠷᠣᠯᠭ᠎ᠠ ᠲᠡᠮᠵᠢᠯᠭᠡ᠎ᠪᠠᠷ ᠣᠯᠠᠩᠬᠢ ᠶᠠᠳᠠᠭᠤ ᠡᠷᠦᠬᠡ ᠣᠳᠣ ᠨᠢᠭᠡᠨᠳᠡ ᠴᠢᠨᠡᠭᠡᠯᠢᠭ᠎ᠤᠨ ᠬᠡᠮᠵᠢᠶᠡᠨ᠎ᠳᠤ ᠬᠦᠷᠴᠦ  ᠬᠦᠳᠡᠭᠡ ᠲᠤᠰᠬᠣᠨ᠎ᠤ ᠬᠦᠭᠵᠢᠯᠳᠡ᠎ᠳᠤ ᠬᠦᠴᠦᠨ ᠵᠢᠳᠬᠦᠯ ᠵᠶ᠋ᠠᠨ ᠨᠡᠮᠡᠷᠢᠯᠡᠵᠦ ᠶᠠᠪᠤᠨ᠎ᠠ᠃  ᠪᠤᠳᠠᠳᠠᠢ ᠎ᠪᠠᠷ ᠲᠤᠷᠠᠳᠪᠠᠯ᠄
     ᠭᠠᠴᠠᠭ᠋ᠠᠨ᠎ᠤ᠎ᠪᠠᠨ ᠬᠠᠮᠳᠣ ᠵᠢᠨ ᠰᠦᠷᠦᠭ᠎ᠤᠨ1200 ᠲᠤᠯᠤᠭ᠋ᠠᠢ ᠡᠬᠡ ᠬᠤᠨᠢ᠎ᠪᠠᠨ ᠰᠢᠨ᠎ᠡ᠎ᠪᠠᠷ ᠠᠢ᠌ᠯ ᠡᠷᠦᠬᠡ ᠪᠤᠰᠬᠠᠵᠤ ᠪᠠᠢ᠌ᠭ᠎ᠠ ᠵᠠᠯᠠᠭᠤᠴᠣᠳ ᠪᠤᠯᠤᠨ ᠨᠤᠳᠣᠭ᠎ᠲᠤ᠎ᠪᠠᠨ ᠪᠤᠴᠠᠭᠰᠠᠨ ᠣᠶᠣᠳᠠᠳ᠎ᠲᠤ 3᠄7 ᠵᠢᠨ ᠬᠠᠷᠢᠴᠠᠯ ᠵᠶ᠋ᠠᠷ ᠲᠠᠭ᠋ᠠᠭ᠋ᠠᠴᠢᠯᠠᠭᠤᠯᠤᠨ ᠦᠭᠴᠦ ᠠᠮᠢᠳᠣᠷᠠᠯ ᠪᠤᠰᠬᠠᠬᠤ ᠪᠡᠯᠡ ᠮᠦᠩᠭᠦ ᠪᠤᠯᠭ᠋ᠠᠵᠤ ᠲᠤᠰᠠᠯᠠᠮᠵᠢ ᠦᠵᠡᠬᠦᠯᠦᠭᠰᠡᠨ ᠶᠤᠮ᠃ ᠡᠬᠦᠨ᠎ᠳᠤ ᠨᠤᠳᠣᠭ᠎ᠲᠤ᠎ᠪᠠᠨ ᠪᠤᠴᠠᠭᠰᠠᠨ ᠨᠢᠭᠡᠨ ᠵᠠᠯᠠᠭᠤ ᠤᠶᠤᠳᠠᠨ150 ᠲᠤᠯᠤᠭ᠋ᠠᠢ ᠡᠬᠡ ᠬᠤᠨᠢ ᠲᠠᠭ᠋ᠠᠭ᠋ᠠᠴᠢᠯᠠᠵᠤ ᠬᠤᠶᠠᠷ ᠵᠢᠯ᠎ᠤᠨ ᠴᠢᠷᠮᠠᠢ᠌ᠯᠭ᠎ᠠ᠎ᠪᠠᠷ ᠲᠠᠮᠵᠢᠨ ᠣᠳᠣᠬᠠᠨ ᠲᠡᠬᠦᠨ᠎ᠤ ᠬᠤᠪᠢ ᠵᠢᠨ ᠬᠤᠨᠢ᠎ᠨᠢ ᠨᠢᠭᠡᠨᠳᠡ300 ᠭᠠᠷᠦᠢ ᠲᠤᠯᠤᠭ᠋ᠠᠢ ᠪᠤᠯᠵᠤ ᠦᠷᠡᠵᠢᠭᠰᠡᠨ ᠶᠤᠮ᠃ ᠡᠬᠦᠨ᠎ᠲᠠᠢ ᠠᠳᠠᠯᠢ᠎ᠪᠠᠷ ᠲᠤᠰ ᠭᠠᠴᠠᠭ᠋ᠠᠨ᠎ᠤ ᠲᠢᠶᠠᠨᠵᠢᠨ ᠰᠡᠭᠡᠭᠡᠳᠡᠨ᠎ᠤ ᠬᠡᠣᠬᠡᠳ᠂ ᠠᠪᠤ ᠡᠵᠢ ᠵᠢᠨ ᠵᠶ᠋ᠠᠨ ᠬᠤᠢ᠌ᠨ᠎ᠠ᠎ᠠᠴᠠ ᠬᠤᠳᠠ ᠣᠷᠣᠵᠣ ᠠᠮᠢᠳᠣᠷᠠᠯ ᠪᠤᠰᠬᠠᠬᠤ᠎ᠪᠠᠷ ᠶᠠᠪᠤᠭ᠋ᠠᠳ ᠬᠤᠳᠠ ᠵᠢᠨ ᠠᠮᠢᠳᠣᠷᠠᠯ ᠲᠦᠷᠭᠡᠨ ᠠᠢ᠌ᠵᠢᠮ᠎ᠢ ᠲᠠᠭ᠋ᠠᠵᠤ ᠲᠠᠳᠬᠤ ᠦᠭᠡᠢ ᠨᠤᠳᠣᠭ᠎ᠲᠤ᠎ᠪᠠᠨ ᠪᠤᠴᠠᠵᠤ ᠢᠷᠡᠬᠦ᠎ᠳᠤ ᠭᠠᠴᠠᠭ᠋ᠠᠨ᠎ᠤ ᠬᠠᠮᠳᠣ ᠵᠢᠨ ᠰᠦᠷᠦᠭ᠎ᠠᠴᠠ ᠨᠢᠭᠡᠨ ᠬᠤᠪᠢ ᠲᠠᠭ᠋ᠠᠭ᠋ᠠᠴᠢᠯᠠᠭᠤᠯᠤᠨ ᠦᠭᠴᠦ ᠬᠡᠳᠦᠭᠡᠨ ᠵᠢᠯ᠎ᠤᠨ ᠲᠤᠳᠣᠷ᠎ᠠ ᠲᠡᠳᠡᠨ᠎ᠤ ᠠᠮᠢᠳᠣᠷᠠᠯ᠎ᠨᠢ ᠴᠢᠨᠡᠭᠡᠯᠢᠭ᠎ᠤᠨ ᠬᠡᠮᠵᠢᠶᠡᠨ᠎ᠳᠤ ᠬᠦᠷᠦᠭᠰᠡᠨ ᠶᠤᠮ᠃
     ᠪᠠᠰᠠ ᠭᠠᠴᠠᠭ᠋ᠠᠨ᠎ᠤ 20 ᠭᠠᠷᠦᠢ ᠡᠷᠦᠬᠡ ᠵᠢᠨ ᠪᠠᠢ᠌ᠩᠭᠤ ᠵᠢᠨ ᠴᠠᠬᠢᠯᠭ᠋ᠠᠨ ᠣᠭᠰᠠᠷᠠᠵᠤ ᠴᠢᠳᠠᠭ᠋ᠠᠳᠦᠢ ᠬᠦᠴᠢᠷᠳᠡᠯ᠎ᠢ ᠰᠢᠢ᠍ᠳᠪᠦᠷᠢᠯᠡᠬᠦ ᠵᠢᠨ ᠲᠦᠯᠦᠭᠡ ᠲᠡᠷᠡ ᠲᠡᠭᠡᠷ᠎ᠡ ᠱᠠᠳᠣᠨ᠎ᠤ ᠬᠠᠮᠢᠶ᠎ᠠ ᠪᠦᠬᠦᠢ ᠰᠠᠯᠠᠭ᠎ᠠ ᠮᠦᠴᠢᠷ᠎ᠢ ᠲᠠᠮᠵᠢᠨ᠂ ᠮᠠᠯᠴᠢᠳ᠎ᠤᠨ ᠪᠠᠢ᠌ᠩᠭᠤ ᠵᠢᠨ ᠴᠠᠬᠢᠯᠭ᠋ᠠᠨ᠎ᠤ ᠠᠰᠠᠭᠤᠳᠠᠯ᠎ᠢ ᠰᠢᠢ᠍ᠳᠪᠦᠷᠢᠯᠡᠵᠦ ᠦᠭᠭᠦᠯ᠎ᠡ᠃ ᠡᠬᠦᠨ᠎ᠠᠴᠠ ᠭᠠᠳᠠᠨ᠎ᠠ ᠭᠠᠴᠠᠭ᠋ᠠᠨ᠎ᠤ ᠮᠠᠯᠴᠢᠨ ᠪᠠᠶᠠᠨᠪᠠᠶᠠᠷ ᠲᠡᠬᠦᠨ᠎ᠲᠠᠢ ᠵᠦᠪᠳᠡᠯᠴᠡᠵᠦ 〈〈ᠡᠪᠡᠰᠦ ᠪᠤᠷᠳᠣᠭ᠎ᠠ ᠪᠤᠯᠪᠠᠰᠣᠷᠠᠭᠤᠯᠬᠤ ᠦᠢ᠍ᠯᠡᠳᠪᠦᠷᠢ〉〉 ᠪᠠᠢ᠌ᠭᠤᠯᠬᠤ ᠰᠠᠨᠠᠭ᠎ᠠ᠎ᠪᠠᠨ ᠢᠯᠡᠳᠭᠡᠭᠰᠡᠨ᠎ᠳᠤ ᠲᠡᠷᠡ ᠲᠡᠭᠡᠷ᠎ᠡ ᠱᠠᠳᠣᠨ᠎ᠤ ᠬᠠᠮᠢᠶ᠎ᠠ ᠪᠦᠬᠦᠢ ᠰᠠᠯᠠᠭ᠎ᠠ ᠮᠦᠴᠢᠷ᠎ᠲᠠᠢ ᠬᠠᠷᠢᠴᠠᠵᠤ ᠡᠯ᠎ᠡ ᠲᠠᠯ᠎ᠠ ᠵᠢᠨ ᠨᠦᠬᠦᠴᠡᠯ ᠪᠤᠯᠤᠮᠵᠢ ᠵᠢ᠎ᠨᠢ  ᠪᠦᠷᠢᠳᠦᠬᠦᠯᠦᠨ ᠦᠭᠴᠦ 2021 ᠣᠨ᠎ᠳᠤ 230 ᠲᠦᠮᠡᠨ ᠲᠦᠭᠦᠷᠢᠭ᠎ᠤᠨ ᠪᠡᠯᠡ ᠤᠷᠤᠭᠤᠯᠵᠤ᠂ ᠬᠦᠬᠡᠡᠦ᠋ᠨᠳᠦᠷ ᠭᠠᠴᠠᠭ᠋ᠠᠨ ᠎ᠳᠤ᠎ᠬᠢ ᠬᠦᠯᠦᠨ ᠪᠤᠢ᠌ᠷ ᠬᠤᠳᠠ ᠵᠢᠨ ᠬᠤᠩ ᠶᠤᠸᠠᠨ ᠮᠠᠯᠵᠢᠯ᠎ᠤᠨ ᠬᠦᠭᠵᠢᠯᠳᠡ ᠵᠢᠨ ᠬᠢᠵᠠᠭ᠋ᠠᠷᠳᠣ ᠺᠤᠮᠹᠠᠨᠢ ᠵᠢ ᠪᠠᠢ᠌ᠭᠤᠯᠤᠭᠰᠠᠨ ᠶᠤᠮ᠃ ᠲᠡᠳᠡᠨ᠎ᠤ ᠵᠢᠯ᠎ᠤᠨ ᠴᠡᠪᠡᠷ ᠣᠷᠣᠯᠭ᠎ᠠ᠎ᠨᠢ 97.5 ᠲᠦᠮᠡᠨ ᠲᠦᠭᠦᠷᠢᠭ᠎ᠲᠤ ᠬᠦᠷᠦᠭᠰᠡᠨ ᠶᠤᠮ᠃ ᠡᠨᠡ ᠮᠡᠳᠦ᠎ᠪᠠᠷ ᠯᠢ ᠰᠦᠩ ᠪᠢᠨ ᠨᠦᠬᠦᠷ᠎ᠤᠨ ᠬᠠᠪᠰᠣᠷᠣᠯᠭ᠎ᠠ ᠲᠡᠮᠵᠢᠯᠭᠡ᠎ᠪᠠᠷ ᠠᠵᠤ ᠠᠮᠢᠳᠣᠷᠠᠯ᠎ᠨᠢ ᠴᠢᠨᠡᠯᠢᠭᠵᠢᠭᠰᠡᠨ ᠦᠯᠢᠭᠡᠷ ᠵᠢᠱ᠌ᠢᠶ᠎ᠡ ᠲᠤᠩ ᠣᠯᠠᠨ ᠪᠠᠢ᠌ᠳᠠᠭ᠃ ᠲᠡᠬᠦᠨ᠎ᠤ ᠡᠳᠡᠭᠡᠷ ᠶᠠᠯᠢᠮ ᠦᠭᠡᠢ᠌ᠬᠡᠨ ᠦᠢ᠍ᠯᠡ ᠠᠵᠢᠯᠯᠠᠭ᠎ᠠ᠎ᠨᠢ ᠮᠠᠯᠴᠢᠳ᠎ᠤᠨ ᠠᠰᠢᠭ ᠣᠷᠣᠯᠭ᠎ᠠ ᠵᠢ ᠨᠡᠮᠡᠭᠳᠡᠬᠦᠯᠵᠦ ᠴᠢᠳᠠᠭᠰᠠᠨ᠎ᠪᠠᠷ ᠪᠠᠷᠠᠬᠤ ᠦᠭᠡᠢ ᠲᠤᠰ ᠭᠠᠴᠠᠭ᠋ᠠᠨ᠎ᠤ ᠬᠠᠮᠳᠣ ᠵᠢᠨ ᠠᠵᠤ ᠠᠬᠤᠢ ᠵᠢᠨ ᠣᠷᠣᠯᠭ᠎ᠠ ᠵᠢ ᠨᠡᠮᠡᠭᠳᠡᠬᠦᠯᠬᠦ᠎ᠳᠤ ᠶᠡᠬᠡᠬᠡᠨ ᠬᠡᠮᠵᠢᠶᠡᠨ᠎ᠤ ᠲᠦᠯᠬᠢᠴᠡ ᠬᠦᠴᠦᠨ᠎ᠤ ᠦᠢ᠍ᠯᠡᠳᠦᠯ ᠦᠵᠡᠬᠦᠯᠵᠦ ᠢᠷᠡᠭᠰᠡᠨ ᠶᠤᠮ᠃
      ᠬᠦᠬᠡᠡᠦ᠋ᠨᠳᠦᠷ ᠭᠠᠴᠠᠭ᠎ᠠ ᠪᠤᠯ ᠮᠠᠨ᠎ᠤ ᠣᠷᠣᠨ᠎ᠤ ᠲᠦᠭ ᠲᠦᠮᠡᠨ ᠭᠠᠴᠠᠭ᠎ᠠ ᠲᠤᠰᠬᠤᠨ᠎ᠤ ᠲᠤᠮᠳᠠᠬᠢ ᠡᠩ᠎ᠤᠨ ᠵᠢᠷ᠎ᠤᠨ ᠨᠢᠭᠡᠨ ᠭᠠᠴᠠᠭ᠎ᠠ ᠪᠤᠯᠤᠨ᠎ᠠ᠃ ᠡᠨᠳᠡ᠎ᠠᠴᠠ ᠬᠠᠭᠤᠴᠢᠨ ᠪᠠᠷᠭᠤ ᠵᠢᠨ ᠲᠠᠯ᠎ᠠ ᠨᠣᠳᠣᠭ ᠎ᠲᠤ᠎ᠬᠢ ᠵᠤᠯ ᠵᠢᠷᠭ᠋ᠠᠯᠳᠣ ᠠᠮᠢᠳᠣᠷᠠᠯ ᠵᠶ᠋ᠠᠨ ᠴᠣᠭᠴᠠᠯᠠᠵᠤ ᠪᠠᠢ᠌ᠭ᠎ᠠ ᠬᠦᠳᠡᠭᠡ ᠲᠤᠰᠬᠣᠨ᠎ᠤ ᠮᠠᠯᠴᠢᠳ᠎ᠤᠨ ᠪᠠᠶᠡᠷ ᠪᠠᠬᠠᠳᠣᠯᠳᠣ ᠠᠮᠢᠳᠣᠷᠠᠯ᠎ᠢ ᠣᠢ᠌ᠯᠠᠭ᠋ᠠᠵᠤ ᠪᠤᠯᠳᠠᠭ᠃ ᠬᠢᠯᠢ ᠬᠢᠵᠠᠭ᠋ᠠᠷ ᠣᠷᠣᠨ᠎ᠳᠤ ᠠᠨᠠᠷ᠎ᠤᠨ ᠦᠷ᠎ᠡ ᠰᠢᠭ ᠨᠢᠭᠳᠠᠷᠠᠨ ᠪᠦᠯᠬᠦᠮᠳᠡᠵᠦ ᠪᠠᠢ᠌ᠭ᠎ᠠ ᠡᠯ᠎ᠡ ᠦᠨᠳᠦᠰᠦᠳᠡᠨ᠎ᠤ ᠠᠷᠠᠳ ᠲᠦᠮᠡᠨ᠎ᠤ ᠵᠤᠪᠠᠯ ᠵᠢᠷᠭ᠋ᠠᠯ᠂ ᠠᠯᠳᠠᠷ ᠭᠤᠳᠣᠮᠰᠢᠭ᠂ ᠬᠤᠪᠢ ᠵᠠᠶᠠᠭ᠎ᠠ᠎ᠪᠠᠨ ᠬᠠᠮᠳᠣᠳᠬᠠᠵᠤ ᠪᠠᠢ᠌ᠭ᠎ᠠ ᠦᠨᠡᠨ ᠪᠤᠳᠠᠳᠣ ᠠᠮᠢᠳᠣᠷᠠᠯ᠎ᠤᠨ ᠬᠡᠪ ᠲᠦᠷᠰᠦ ᠵᠢ ᠰᠢᠨᠵᠢᠵᠦ ᠪᠤᠯᠳᠠᠭ᠃ ᠨᠡᠩ ᠴᠦ᠍ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠲᠤᠮᠳᠠᠳᠣ ᠣᠯᠣᠰ᠎ᠤᠨ ᠣᠨᠴᠠᠯᠢᠭ ᠎ᠲᠠᠢ ᠨᠡᠢ᠌ᠭᠡᠮ ᠵᠢᠷᠦᠮ᠎ᠤᠨ ᠦᠵᠡᠯ ᠰᠠᠨᠠᠭ᠋ᠠᠨ᠎ᠤ ᠵᠢᠯᠤᠭᠤᠳᠣᠯᠭ᠎ᠠ ᠲᠤᠤᠷ᠎ᠠ᠂ 〈〈ᠵᠢᠱ᠌ᠢᠶᠡᠴᠢ ᠦᠪᠡᠷᠳᠡᠭᠡᠨ ᠵᠠᠰᠠᠬᠤ ᠣᠷᠣᠨ〉〉 ᠵᠶ᠋ᠠᠨ  ᠪᠦᠬᠦ ᠲᠠᠯ᠎ᠠ᠎ᠪᠠᠷ ᠪᠦᠳᠦᠭᠡᠨ ᠪᠠᠢ᠌ᠭᠤᠯᠵᠤ ᠪᠠᠢ᠌ᠭ᠎ᠠ ᠦᠪᠦᠷ ᠮᠤᠩᠭᠤᠯ᠎ᠤᠨ ᠠᠷᠠᠳ ᠲᠦᠮᠡᠨ᠎ᠤ  ᠴᠤᠮᠬᠠᠳᠬᠠᠯ ᠵᠢᠷᠣᠭ᠎ᠢ ᠬᠦᠨᠵᠡᠭᠡᠢ ᠬᠠᠷᠠᠭᠤᠯᠵᠤ    ᠪᠠᠢ᠌ᠭ᠎ᠠ ᠶᠤᠮ ᠃


  ᠵᠣᠬᠢᠶᠠᠭᠴᠢ ᠵᠢᠨ ᠬᠠᠶᠢᠭ᠄ ᠬᠦᠯᠦᠨ ᠪᠤᠢ᠌ᠷ ᠬᠤᠳᠠ ᠵᠢᠨ ᠬᠠᠭᠤᠴᠢᠨ ᠪᠠᠷᠭᠤ ᠬᠤᠰᠢᠭᠤᠨ᠎ᠤ ᠨᠠᠮ᠎ᠤᠨ ᠰᠣᠷᠭ᠋ᠠᠭᠤᠯᠢ

 

ᠢᠷᠡᠯᠲᠡ᠄ ᠦᠪᠤᠷ ᠮᠤᠡᠭᠭᠤᠯ᠎ᠤᠨ 《ᠨᠡᠢ᠌ᠬᠡᠮ 》 ᠰᠡᠳᠬᠦᠯ
          
ᠬᠠᠮᠢᠶ᠎ᠡ ᠪᠦᠬᠦᠢ ᠰᠣᠨᠢᠨ
ᠨᠤᠳᠤᠭᠴᠢ ᠰᠡᠳᠬᠢᠯ᠎ᠤᠨ ᠲᠡᠮᠡᠤᠯᠤᠯ
ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠠᠵᠢᠯ᠎ᠢ ᠴᠢᠩᠭ᠋ᠠᠳᠬᠠᠬᠤ ᠲᠤᠬᠠᠢ ᠰᠣᠨᠢᠨ ᠮᠡᠳᠡᠭᠡ ᠨᠡᠢ᠌ᠲᠡᠯᠡᠬᠦ ᠬᠤᠷᠠᠯ ᠲᠡᠬᠡᠷᠡᠬᠢ ᠤᠮᠠᠷᠠᠲᠤ ᠵᠢᠨ ᠰᠢᠨ᠎ᠡ ᠰᠣᠨᠢᠨ᠎ᠤ ᠰᠤᠷᠪᠤᠯᠵᠢᠯᠠᠭᠴᠢ ᠵᠢᠨ ᠠᠰᠠᠭᠤᠯᠳᠠ᠄
ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠠᠵᠢᠯ᠎ᠢ ᠴᠢᠩᠭ᠋ᠠᠳᠬᠠᠬᠤ ᠲᠤᠬᠠᠢ ᠰᠣᠨᠢᠨ ᠮᠡᠳᠡᠭᠡ ᠨᠡᠢ᠌ᠲᠡᠯᠡᠬᠦ ᠬᠤᠷᠠᠯ ᠲᠡᠬᠡᠷᠡᠬᠢ ᠬᠠᠤᠯᠢ ᠴᠠᠭ᠋ᠠᠵᠨ ᠵᠢᠨ ᠰᠣᠨᠢᠨ᠎ᠤ ᠰᠤᠷᠪᠤᠯᠵᠢᠯᠠᠭᠴᠢ ᠵᠢᠨ ᠠᠰᠠᠭᠤᠯᠳᠠ᠄
ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠠᠵᠢᠯ᠎ᠢ ᠴᠢᠩᠭ᠋ᠠᠳᠬᠠᠬᠤ ᠲᠤᠬᠠᠢ ᠰᠣᠨᠢᠨ ᠮᠡᠳᠡᠭᠡ ᠨᠡᠢ᠌ᠲᠡᠯᠡᠬᠦ ᠬᠤᠷᠠᠯ ᠲᠡᠬᠡᠷᠡᠬᠢ ᠥᠪᠥᠷ ᠮᠣᠩᠭᠣᠯ᠎ᠤᠨ ᠲᠧᠯᠸᠢᠰ ᠬᠣᠷᠢᠶᠠᠨ᠎ᠤ ᠰᠤᠷᠪᠤᠯᠵᠢᠯᠠᠭᠴᠢ ᠵᠢᠨ ᠠᠰᠠᠭᠤᠯᠳᠠ᠄
ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠠᠵᠢᠯ᠎ᠢ ᠴᠢᠩᠭ᠋ᠠᠳᠬᠠᠬᠤ ᠲᠤᠬᠠᠢ ᠰᠣᠨᠢᠨ ᠮᠡᠳᠡᠭᠡ ᠨᠡᠢ᠌ᠲᠡᠯᠡᠬᠦ ᠬᠤᠷᠠᠯ ᠲᠡᠬᠡᠷᠡᠬᠢ ᠰᠢᠨᠬᠤᠸᠠ ᠰᠦᠯᠵᠢᠶᠡᠨ᠎ᠤ ᠰᠤᠷᠪᠤᠯᠵᠢᠯᠠᠭᠴᠢ ᠵᠢᠨ ᠠᠰᠠᠭᠤᠯᠳᠠ᠄
 
            