ᠰᠢ ᠵᠢᠨ ᠫᠢᠩ ᠶᠡᠷᠦᠩᠬᠡᠢ ᠱᠦᠵᠢ ᠵᠢᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠵᠤ᠂ ᠪᠠᠢ᠌ᠭᠤᠯᠭ᠎ᠠ ᠵᠢᠨ ᠨᠠᠮ᠎ᠤᠨ ᠭᠡᠰᠢᠭᠦᠨ ᠺᠠᠳ᠋ᠷᠴᠤᠳ᠎ᠤᠨ ᠳᠤᠮᠳᠠᠳᠤ ᠵᠢᠨ ᠦᠨᠳᠦᠰᠦᠲᠡᠨ᠎ᠢ ᠮᠡᠳᠡᠷᠡᠬᠦ ᠰᠡᠳᠬᠢᠯᠭᠡ ᠪᠠ ᠣᠮᠣᠭᠰᠢᠯᠲᠤ ᠰᠡᠳᠬᠢᠯᠭᠡ ᠵᠢ ᠨᠡᠮᠡᠭᠳᠡᠭᠦᠯᠵᠦ᠂ 《ᠦᠨᠳᠦᠰᠦᠲᠡᠨ᠎ᠤ ᠲᠦᠷᠦ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》 ᠵᠢᠨ ᠠᠵᠢᠯᠯᠠᠭ᠎ᠠ ᠵᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠵᠢ ᠠᠬᠢᠭᠤᠯᠬᠤ ᠵᠢᠨ ᠲᠦᠯᠤᠬᠡ 5 ᠰᠠᠷ᠎ᠠ ᠵᠢᠨ 29 ᠤ ᠡᠳᠦᠷ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠨᠠᠮ᠎ᠤᠨ ᠭᠡᠰᠢᠭᠦᠨ ᠺᠠᠳ᠋ᠷᠴᠤᠳ᠎ᠢ ᠵᠣᠬᠢᠶᠠᠨ ᠪᠠᠢ᠌ᠭᠤᠯᠵᠤ ᠬᠥᠬᠡᠬᠣᠲᠠ ᠵᠢᠨ ᠦᠨᠳᠦᠰᠦᠲᠡᠨ᠎ᠤ ᠳᠡᠭᠡᠳᠦ ᠰᠤᠷᠭ᠋ᠠᠭᠤᠯᠢ᠎ᠳᠤ ᠬᠦᠷᠴᠦ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ᠎ᠤᠨ ᠣᠷᠳᠣᠨ᠎ᠳᠤ ᠲᠤᠭᠤᠷᠢᠨ ᠦᠵᠡᠬᠦᠯᠪᠡ᠃
ᠦᠵᠡᠭᠦᠯᠦᠯᠭᠡ᠎ᠨᠢ ᠦᠨᠳᠦᠰᠦᠲᠡᠨ᠎ᠨᠦᠭᠦᠳ᠎ᠤᠨ ᠠᠭᠤᠰᠤᠯᠴᠠᠨ ᠴᠤᠭᠯᠠᠷᠠᠭᠰᠠᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠡᠭᠦᠰᠦᠯ᠂ ᠪᠦᠷᠢᠯᠳᠦᠯ ᠪᠠ ᠬᠥᠭᠵᠢᠯᠲᠡ᠎ᠪᠠᠷ ᠦᠯᠢᠭᠡᠷ᠎ᠤᠨ ᠭᠣᠣᠯ ᠰᠢᠵᠢᠮ ᠪᠣᠯᠭ᠋ᠠᠵᠤ᠂ 《ᠪᠢᠳᠡ ᠬᠠᠮᠢᠭ᠎ᠠ᠎ᠠᠴᠠ ᠢᠷᠡᠭᠰᠡᠨ ᠪᠤᠶ》 《ᠪᠢᠳᠡ ᠬᠡᠨ ᠪᠤᠶ》 《ᠪᠢᠳᠡ ᠬᠠᠮᠢᠭ᠎ᠠ ᠣᠴᠢᠬᠤ ᠪᠤᠶ》 ᠭᠡᠬᠦ ᠭᠤᠷᠪᠠᠨ ᠬᠡᠰᠡᠭ᠎ᠠᠴᠠ ᠳᠤᠮᠳᠠᠳᠤ ᠵᠢᠨ ᠦᠨᠳᠦᠰᠦᠲᠡᠨ᠎ᠤ ᠪᠣᠶ᠋ᠢᠵᠢᠯᠲᠠ ᠪᠠ ᠡᠭᠦᠰᠦᠯ᠂ ᠳᠤᠮᠳᠠᠳᠤ ᠵᠢᠨ ᠦᠨᠳᠦᠰᠦᠲᠡᠨ ᠠᠶᠠᠨᠳᠠᠭ᠋ᠠᠨ ᠪᠠᠢ᠌ᠭᠰᠠᠨ᠎ᠠᠴᠠ᠎ᠪᠠᠨ ᠤᠬᠠᠮᠰᠠᠷ᠎ᠲᠠᠢ ᠲᠡᠢ᠌ᠰᠢ ᠠᠶᠠᠯᠠᠬᠰᠠᠨ᠂ ᠳᠤᠮᠳᠠᠳᠤ ᠵᠢᠨ ᠦᠨᠳᠦᠰᠦᠲᠡᠨ ᠠᠭᠤᠤ ᠶᠡᠬᠡ ᠰᠡᠷᠭᠦᠨ ᠮᠠᠨᠳᠤᠯᠲᠠ ᠵᠦᠭ ᠤᠷᠤᠭᠰᠢᠯᠠᠭᠰᠠᠨ ᠲᠡᠤᠬᠡ ᠵᠢ ᠲᠤᠭ᠋ᠠᠴᠢᠨ ᠦᠬᠦᠯᠡᠵᠡᠢ᠃ ᠲᠣᠭᠣᠷᠢᠨ ᠦᠵᠡᠬᠦ ᠶᠠᠪᠤᠴᠠ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ᠎ᠪᠠᠷ ᠳᠠᠮᠵᠢᠭᠤᠯᠤᠨ ᠬᠥᠭᠵᠢᠯᠲᠡ ᠵᠢᠨ ᠲᠡᠦᠬᠡ ᠪᠠ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠦᠯᠢᠭᠡᠷ᠂ ᠦᠨᠡᠨ ᠪᠣᠳᠠᠲᠠᠢ ᠰᠢᠨ᠎ᠡ ᠰᠣᠷᠭᠣᠭ ᠭᠡᠷᠡᠯ ᠵᠢᠷᠤᠭ᠎ᠢ ᠪᠦᠷᠢᠯᠳᠦᠭᠦᠯᠵᠦ᠂ ᠨᠠᠮ᠎ᠤᠨ ᠭᠡᠰᠢᠭᠦᠨ ᠺᠠᠳ᠋ᠷᠴᠤᠳ᠎ᠢ ᠰᠦᠷ ᠳᠠᠯᠠᠢ᠌ᠴᠠᠲᠠᠢ ᠲᠡᠦᠬᠡ ᠵᠢᠨ ᠤᠷᠳᠤ ᠠᠶᠠᠨ᠎ᠳᠤ ᠣᠷᠣᠭᠤᠯᠵᠤ᠂ ᠦᠨᠳᠦᠰᠦᠲᠡᠨ᠎ᠨᠦᠭᠦᠳ᠎ᠤᠨ ᠣᠯᠣᠭᠰᠠᠨ ᠭᠡᠷᠡᠯ ᠰᠠᠴᠤᠷᠠᠩᠭᠤᠢ ᠠᠮᠵᠢᠯᠲᠠ ᠵᠢ ᠭᠦᠨ ᠰᠠᠭᠤᠭᠳᠠᠯ᠎ᠲᠠᠢ᠎ᠪᠠᠷ ᠡᠷᠭᠢᠴᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢᠨ ᠠᠭᠤᠯᠤᠭᠳᠠᠬᠤᠨ ᠪᠠ ᠱᠠᠭ᠋ᠠᠷᠳᠠᠯᠭ᠎ᠠ ᠵᠢ ᠨᠡᠩ ᠰᠢᠭᠤᠳ ᠲᠣᠳᠣᠷᠬᠠᠢ ᠮᠡᠳᠡᠷᠡᠬᠦᠯᠵᠡᠢ᠃
ᠲᠣᠭᠣᠷᠢᠨ ᠦᠵᠡᠵᠦ ᠳᠠᠭᠤᠰᠤᠭᠰᠠᠨ᠎ᠤ ᠳᠠᠷᠠᠭ᠎ᠠ ᠨᠠᠮ᠎ᠤᠨ ᠭᠡᠰᠢᠭᠦᠨ ᠺᠠᠳ᠋ᠷᠴᠤᠳ᠄ 《ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠬᠦᠰᠡᠯᠡᠩ ᠢᠲᠡᠭᠡᠯ ᠪᠢᠰᠢᠷᠡᠯ ᠵᠶ᠋ᠡᠨ ᠪᠠᠲᠤᠳᠬᠠᠵᠤ᠂ ᠨᠠᠮ᠎ᠤᠨ ᠠᠴᠢ ᠵᠢ ᠮᠡᠳᠡᠷᠡᠨ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠲᠠᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ ᠪᠠ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠡᠬᠦᠷᠬᠡ ᠬᠠᠷᠢᠭᠤᠴᠠᠯᠭ᠋ᠠᠲᠤ ᠰᠡᠳᠬᠢᠯᠭᠡ᠎ᠪᠠᠨ ᠤᠯᠠᠮ ᠪᠠᠲᠤᠳᠬᠠᠵᠤ᠂ ᠬᠠᠷᠠᠯᠲᠠ᠎ᠪᠠᠨ ᠲᠤᠬᠳᠠᠭ᠋ᠠᠨ ᠡᠷᠡᠯᠬᠡᠭᠯᠡᠨ ᠤᠷᠤᠭᠰᠢᠯᠠᠵᠤ᠂ ᠰᠤᠷᠤᠯᠴᠠᠯᠭ᠎ᠠ ᠵᠢᠨ ᠦᠷ᠎ᠡ ᠪᠦᠲᠦᠮᠵᠢ᠎ᠪᠠᠨ ᠠᠷᠠᠳ᠎ᠤᠨ ᠶᠠᠪᠤᠳᠠᠯ᠎ᠤᠨ ᠠᠵᠢᠯ᠎ᠢ ᠠᠬᠢᠭᠤᠯᠬᠤ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠭ᠋ᠠᠨ ᠬᠤᠪᠢᠷᠠᠭᠤᠯᠤᠨ᠎ᠠ》 ᠭᠡᠵᠦ ᠢᠯᠡᠳᠬᠡᠵᠡᠭᠡᠪᠡ᠃
ᠲᠢᠩᠬᠢᠮ᠎ᠤᠨ ᠤᠳᠤᠷᠢᠳᠤᠯᠭ᠎ᠠ᠂ ᠡᠯ᠎ᠡ ᠭᠠᠵᠠᠷ ᠲᠠᠰᠤᠭ᠎ᠤᠨ ᠰᠢᠭᠤᠳ ᠬᠠᠷᠢᠶ᠎ᠠ ᠨᠢᠬᠡᠴᠢ ᠵᠢᠨ ᠳᠡᠳ᠋ ᠭᠠᠵᠠᠷ᠎ᠤᠨ ᠲᠡᠰ᠎ᠠᠴᠠ ᠳᠡᠭᠡᠭᠰᠢᠬᠢ ᠨᠠᠮ᠎ᠤᠨ ᠭᠡᠰᠢᠭᠦᠨ ᠺᠠᠳ᠋ᠷ 30 ᠭᠠᠷᠤᠢ ᠬᠥᠮᠥᠨ ᠠᠵᠢᠯᠯᠠᠭ᠎ᠠ᠎ᠳᠤ ᠣᠷᠣᠯᠴᠠᠪᠠ ᠃