ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠡᠶ᠋ᠢᠭᠡᠮ ᠰᠡᠳᠬᠦᠯ   -   ᠨᠡᠶ᠋ᠢᠭᠡᠮ ᠰᠡᠳᠬᠦᠯ
ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ ᠠᠵᠢᠯᠯᠠᠬᠤ ᠳᠤᠭᠤᠢ᠌ᠯᠠᠩ᠎ᠤᠨ᠎ᠬᠢᠨ 《ᠡᠷᠡᠭᠦᠯᠵᠢᠯ᠎ᠳᠤ ᠲᠤᠰᠠᠯᠠᠬᠤ ᠢᠨᠵᠸᠨ᠋ᠸᠷᠢᠩ》᠎ᠤᠨ ᠬᠢᠮᠡᠯ ᠮᠥᠴᠢ ᠵᠥᠭᠰᠢᠷᠡᠭᠦᠯᠬᠦ ᠪᠠᠭ᠋ᠠᠵᠢ ᠲᠠᠭ᠋ᠠᠷᠠᠭᠤᠯᠬᠤ ᠦᠢ᠍ᠯᠡᠴᠢᠯᠡᠭᠡ ᠵᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄ 2023-12-28

    11 ᠳ᠋ᠤᠭᠡᠷ ᠰᠠᠷ᠎ᠠ ᠵᠢᠨ 6᠎ᠤ ᠡᠳᠦᠷ᠂ ᠦᠪᠦᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠠᠴᠠ ᠵᠣᠬᠢᠶᠠᠨ ᠪᠠᠢ᠌ᠭᠤᠯᠵᠤ ᠥᠷᠨᠢᠭᠦᠯᠦᠭᠰᠡᠨ᠂ ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ᠎ᠬᠢᠨ ᠪᠣᠳᠠᠳᠠᠢ ᠠᠵᠢᠯ᠎ᠢ᠎ᠨᠢ ᠬᠠᠷᠢᠭᠤᠴᠠᠨ ᠭᠦᠢ᠍ᠴᠡᠳᠭᠡᠳᠡᠭ 《ᠡᠷᠡᠭᠦᠯᠵᠢᠯ᠎ᠳᠤ ᠲᠤᠰᠠᠯᠠᠬᠤ ᠢᠨᠵᠸᠨ᠋ᠸᠷᠢᠩ》᠎ᠤᠨ ᠬᠢᠮᠡᠯ ᠮᠥᠴᠢ ᠲᠠᠭ᠋ᠠᠷᠠᠭᠤᠯᠬᠤ ᠦᠢ᠍ᠯᠡᠴᠢᠡᠯᠡᠭᠡᠨ᠎ᠤ ᠠᠵᠢᠯᠯᠠᠬᠤ ᠳᠤᠭᠤᠢ᠌ᠯᠠᠩ᠎ᠤᠨ᠎ᠬᠢᠨ ᠬᠦᠯᠦᠨ ᠪᠣᠢ᠌ᠷ ᠬᠣᠲᠠ ᠵᠢᠨ ᠬᠠᠢ᠌ᠯᠠᠷ ᠲᠣᠭᠣᠷᠢᠭ᠎ᠲᠤ ᠬᠢᠮᠡᠯ ᠮᠥᠴᠢ ᠵᠥᠭᠰᠢᠷᠡᠭᠦᠯᠬᠦ ᠪᠠᠭ᠋ᠠᠵᠢ  ᠲᠠᠭ᠋ᠠᠷᠠᠭᠤᠯᠬᠤ ᠠᠵᠢᠯᠯᠠᠭ᠎ᠠ ᠥᠷᠨᠢᠭᠦᠯᠪᠡ᠃ ᠲᠣᠰ ᠦᠢ᠍ᠯᠡᠴᠢᠯᠡᠭᠡ ᠵᠢ ᠬᠦᠷᠲᠡᠭᠰᠡᠳ᠎ᠨᠢ ᠲᠥᠷᠥᠭᠦᠦ ᠬᠤᠭᠤᠴᠠᠭ᠎ᠠ ᠳᠡᠭᠡᠭᠰᠢ ᠮᠡᠳᠡᠭᠦᠯᠦᠭᠰᠡᠨ 《ᠡᠷᠡᠭᠦᠯᠵᠢᠯ᠎ᠳᠤ ᠲᠤᠰᠠᠯᠠᠬᠤ ᠢᠨᠵᠸᠨ᠋ᠸᠷᠢᠩ》 ᠎ᠤᠨ  ᠨᠦᠬᠦᠴᠡᠯ᠎ᠳᠤ ᠨᠡᠢ᠌ᠴᠡᠬᠦ  ᠵᠡᠮᠳᠡᠭᠴᠦᠳ ᠪᠣᠯᠣᠨ᠎ᠠ᠃  ᠡᠨᠡ ᠤᠳᠠᠭ᠎ᠠ ᠨᠡᠢ᠌ᠲᠡ 20 ᠭᠠᠷᠤᠢ ᠵᠡᠮᠳᠡᠭᠴᠦᠳ᠎ᠲᠤ 21 ᠬᠢᠮᠡᠯ ᠮᠥᠴᠢ ᠵᠥᠭᠰᠢᠷᠡᠭᠦᠯᠬᠦ ᠪᠠᠭ᠋ᠠᠵᠢ ᠵᠢ ᠦᠨ᠎ᠡ ᠲᠥᠯᠥᠪᠦᠷᠢ ᠦᠭᠡᠢ᠎ᠪᠠᠷ ᠲᠠᠭ᠋ᠠᠷᠠᠭᠤᠯᠵᠤ ᠥᠭᠪᠡ᠃
   《ᠡᠷᠡᠭᠦᠯᠵᠢᠯ᠎ᠳᠤ ᠲᠤᠰᠠᠯᠠᠬᠤ ᠢᠨᠵᠸᠨ᠋ᠸᠷᠢᠩ》᠎ᠢ ᠬᠡᠷᠡᠭᠵᠢᠭᠦᠯᠬᠦ᠎ᠪᠠᠷ ᠳᠠᠮᠵᠢᠨ᠂ ᠬᠦᠴᠢᠷᠳᠡᠯᠲᠠᠢ ᠵᠡᠮᠳᠡᠭᠴᠦᠳ᠎ᠤᠨ ᠡᠷᠡᠭᠦᠯᠵᠢᠯ᠎ᠤᠨ ᠦᠢ᠍ᠯᠡᠴᠢᠡᠯᠡᠭᠡ ᠲᠤᠳᠠᠭᠳᠠᠭᠰᠠᠨ᠂ ᠵᠠᠪᠠᠯ ᠬᠡᠷᠡᠭᠰᠡᠬᠦ ᠡᠷᠡᠭᠦᠯᠵᠢᠯ᠎ᠤᠨ ᠪᠠᠭ᠋ᠠᠵᠢ ᠲᠤᠳᠠᠭᠳᠠᠭᠰᠠᠨ᠎ᠠᠴᠠ ᠪᠣᠯᠵᠤ ᠦᠨᠳᠦᠰᠦᠨ ᠠᠮᠢᠳᠤᠷᠠᠯ᠎ᠨᠢ ᠬᠦᠴᠢᠷᠳᠡᠯ᠎ᠳᠤ ᠲᠤᠯᠭ᠋ᠠᠷᠠᠭᠰᠠᠨ  ᠵᠡᠷᠭᠡ ᠠᠰᠠᠭᠤᠳᠠᠯ᠎ᠢ ᠪᠦᠲᠦᠮᠵᠢᠲᠠᠢ ᠰᠠᠢ᠌ᠬᠠᠨ ᠰᠢᠢ᠍ᠳᠪᠦᠷᠢᠯᠡᠵᠦ᠂ ᠲᠡᠳᠡ ᠨᠠᠷ᠎ᠤᠨ ᠦᠨᠳᠦᠰᠦᠨ ᠠᠮᠢᠳᠤᠷᠠᠯ ᠵᠶ᠋ᠠᠨ ᠥᠪᠡᠷ ᠵᠶ᠋ᠡᠨ ᠠᠷᠭ᠋ᠠᠴᠠᠭ᠋ᠠᠨ ᠂ ᠨᠡᠢ᠌ᠭᠡᠮ ᠎ᠲᠠᠢ ᠨᠡᠩ  ᠰᠠᠢ᠌ᠲᠤᠷ ᠠᠭᠤᠰᠤᠯᠴᠠᠬᠤ ᠵᠢ  ᠪᠡᠶᠡᠯᠡᠭᠦᠯᠵᠦ ᠥᠭᠪᠡ᠃
  ᠦᠪᠤᠷ ᠮᠤᠡᠭᠭᠤᠯ᠎ᠤᠨ 《ᠨᠡᠢ᠌ᠬᠡᠮ》 ᠰᠡᠳᠬᠦᠯ᠎ᠤᠨ ᠬᠤᠷᠢᠶ᠎ᠠ

 

ᠢᠷᠡᠯᠲᠡ᠄ ᠦᠪᠤᠷ ᠮᠤᠡᠭᠭᠤᠯ᠎ᠤᠨ 《ᠨᠡᠢ᠌ᠬᠡᠮ》 ᠰᠡᠳᠬᠦᠯ᠎ᠤᠨ ᠬᠤᠷᠢᠶ᠎ᠠ
          
ᠬᠠᠮᠢᠶ᠎ᠡ ᠪᠦᠬᠦᠢ ᠰᠣᠨᠢᠨ
ᠰᠠᠯᠬᠢᠨ ᠰᠢᠭᠤᠷᠭ᠋ᠠᠨ᠎ᠢ ᠰᠥᠷᠦᠨ ᠮᠢᠩᠭ᠋ᠠᠨ ᠭᠠᠵᠠᠷ ᠠᠶᠠᠯᠠᠵᠤ ᠵᠡᠮᠳᠡᠭᠴᠦᠳ᠎ᠢ ᠲᠤᠰᠠᠯᠠᠨ ᠰᠡᠳᠭᠢᠯ᠎ᠢ᠎ᠨᠢ ᠳᠤᠯᠠᠭ᠋ᠠᠯᠠᠪᠠ
ᠤᠷᠠᠨ ᠪᠦᠲᠦᠭᠡᠯ᠎ᠤᠨ ᠮᠢᠨᠢ ᠤᠨᠠᠭ᠋ᠠᠨ ᠪᠠᠭᠤᠴᠠ
ᠬᠥᠬᠡᠬᠣᠲᠠ ᠵᠢᠨ ᠬᠣᠶᠠᠷ ᠪᠤᠶᠤ ᠭᠤᠷᠪᠠᠨ ᠬᠡᠦᠬᠡᠳ ᠠᠪᠤᠭᠰᠠᠨ ᠭᠡᠷ ᠪᠦᠯᠢ᠎ᠳᠤ ᠨᠢᠬᠡ ᠯᠨ ᠤᠳᠠᠭ᠎ᠠ ᠦᠭᠭᠦ ᠬᠡᠦᠬᠡᠳ ᠦᠰᠬᠡᠬᠦ ᠨᠦᠬᠦᠪᠤᠷᠢ ᠵᠢᠨ ᠲᠥᠷᠥ ᠵᠢᠨ ᠪᠣᠳᠣᠯᠭ᠎ᠠ ᠵᠢᠨ ᠲᠤᠬᠠᠢ ᠲᠠᠢ᠌ᠯᠤᠮᠵᠢ
ᠪᠠᠷᠭᠤ ᠨᠣᠳᠣᠭ ᠎ᠲᠤ ᠣᠯᠠᠮᠵᠢᠯᠠᠭᠳᠠᠨ ᠶᠠᠷᠢᠭᠳᠠᠵᠤ ᠪᠠᠢ᠌ᠭ᠎ᠠ ᠦᠨᠳᠦᠰᠦᠳᠡᠨ᠎ᠤ ᠪᠦᠯᠬᠦᠮᠳᠡᠯ᠎ᠤᠨ ᠰᠣᠩᠭᠤᠳᠠᠭ ᠦᠯᠢᠭᠡᠷ
ᠱᠠᠩᠬᠠᠢ ᠰᠦᠵᠸᠦ᠎ᠠᠴᠠ ᠡᠬᠢᠯᠡᠭᠦᠯᠦᠭᠰᠡᠨ 《ᠲᠤᠷᠭ᠋ᠠᠨ᠎ᠤ ᠵᠠᠮ》᠎ᠤᠨ ᠰᠤᠶᠤᠯ᠎ᠤᠨ ᠮᠦᠷᠳᠡᠯ
 
            