ᠥᠪᠥᠷ ᠮᠣᠩᠭᠣᠯ᠂ ᠬᠠᠷᠠᠮᠦ᠋ᠷᠡᠨ᠎ᠤ ᠵᠠᠭ᠋ᠠᠭ᠎ᠤᠨ ᠲᠠᠪᠤᠳᠤᠭ᠋ᠠᠷ ᠡᠭᠡᠯᠵᠢ ᠵᠢᠨ ᠬᠠᠮᠳᠤᠷᠠᠬᠰᠠᠨ ᠪᠠᠢ᠌ᠴᠠᠭ᠋ᠠᠯᠳᠠ ᠵᠢᠨ ᠳ᠋ᠦᠩᠨᠡᠯᠲᠡ ᠵᠢᠨ ᠬᠤᠷᠠᠯ 12 ᠳ᠋ᠤᠭ᠋ᠠᠷ ᠰᠠᠷ᠎ᠠ ᠵᠢᠨ 12᠎ᠤᠨ ᠡᠳᠦᠷ ᠬᠢᠩᠭ᠋ᠠᠨ ᠠᠢ᠌ᠮᠠᠭ᠎ᠲᠤ ᠬᠤᠷᠠᠯᠳᠤᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠳᠡᠳ᠋ ᠳᠠᠷᠤᠭ᠎ᠠ ᠴᠣᠭ᠂ ᠬᠠᠷᠠᠮᠥ᠋ᠷᠡᠨ ᠮᠤᠵᠢ ᠵᠢᠨ ᠠᠷᠠᠳ᠎ᠤᠨ ᠶᠠᠪᠤᠳᠠᠯ᠎ᠤᠨ ᠲᠢᠩᠬᠢᠮ᠎ᠤᠨ ᠳᠡᠳ᠋ ᠳᠠᠷᠤᠭ᠎ᠠ ᠰᠦᠨ ᠳ᠋ᠢ ᠹᠧᠢ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃ ᠥᠪᠥᠷ ᠮᠣᠩᠭᠣᠯ᠂ ᠬᠠᠷᠠᠮᠦ᠋ᠷᠡᠨ᠎ᠤ ᠬᠢᠯᠢ ᠵᠢᠨ ᠵᠠᠭ᠋ᠠᠭ᠎ᠤᠨ ᠬᠥᠷᠰᠢ ᠬᠣᠲᠠ (ᠠᠢ᠌ᠮᠠᠭ᠂ ᠭᠠᠵᠠᠷ ᠣᠷᠣᠨ)᠂ ᠰᠢᠶᠠᠨ (ᠬᠣᠲᠠ᠂ ᠲᠣᠭᠣᠷᠢᠭ᠂ ᠬᠣᠰᠢᠭᠤ)᠎ᠤ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠣᠷᠣᠨ ᠬᠤᠪᠢᠶᠠᠷᠢᠯᠠᠯ ᠭᠠᠵᠠᠷ᠎ᠤᠨ ᠨᠡᠷᠡᠰ᠎ᠤᠨ ᠰᠠᠯᠠᠭ᠎ᠠ (ᠠᠯᠪᠠᠨ ᠭᠡᠷ) ᠵᠢᠨ ᠭᠣᠣᠯ ᠬᠠᠷᠢᠭᠤᠴᠠᠯᠭ᠋ᠠᠲᠠᠨ ᠪᠤᠯᠤᠨ ᠲᠤᠬᠠᠢ᠌ᠯᠠᠭᠰᠠᠨ ᠠᠵᠢᠯ᠎ᠤᠨ ᠬᠠᠷᠢᠭᠤᠴᠠᠯᠭ᠋ᠠᠳᠠᠳ ᠬᠤᠷᠠᠯ᠎ᠳᠤ ᠣᠷᠣᠯᠴᠠᠪᠠ᠃
ᠬᠤᠷᠠᠯ ᠳᠡᠭᠡᠷ᠎ᠡ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ ᠪᠠ ᠬᠠᠷᠠᠮᠦ᠋ᠷᠡᠨ ᠮᠤᠵᠢ ᠵᠢᠨ ᠬᠥᠷᠰᠢ ᠬᠣᠲᠠ (ᠠᠢ᠌ᠮᠠᠭ᠂ ᠭᠠᠵᠠᠷ ᠣᠷᠣᠨ) ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠵᠢᠨ ᠦᠪᠤᠷ ᠮᠤᠡᠭᠭᠤᠯ᠂ ᠬᠠᠷᠠᠮᠦ᠋ᠷᠡᠨ᠎ᠤ ᠵᠠᠭ᠋ᠠᠭ᠎ᠤᠨ ᠲᠠᠪᠤᠳᠤᠭ᠋ᠠᠷ ᠡᠭᠡᠯᠵᠢ ᠵᠢᠨ ᠬᠠᠮᠲᠤᠷᠠᠨ ᠪᠠᠢ᠌ᠴᠠᠭ᠋ᠠᠭᠰᠠᠨ ᠪᠠᠢ᠌ᠳᠠᠯ᠎ᠤᠨ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠴᠤ᠂ 《ᠬᠠᠷᠠᠮᠥ᠋ᠷᠡᠨ ᠮᠤᠵᠢ ᠵᠢᠨ ᠠᠷᠠᠳ᠎ᠤᠨ ᠵᠠᠰᠠᠭ᠎ᠤᠨ ᠣᠷᠳᠣᠨ ᠪᠤᠯᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠷᠠᠮᠥ᠋ᠷᠡᠨ ᠮᠤᠵᠢ ᠪᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠵᠠᠭ᠋ᠠᠭ᠎ᠤᠨ ᠲᠠᠪᠤᠳᠤᠭ᠋ᠠᠷ ᠡᠭᠡᠯᠵᠢ ᠵᠢᠨ ᠬᠠᠮᠲᠤᠷᠠᠨ ᠪᠠᠢ᠌ᠴᠠᠭ᠋ᠠᠭᠰᠠᠨ ᠪᠠᠢ᠌ᠳᠠᠯ᠎ᠤᠨ ᠲᠤᠬᠠᠢ ᠮᠡᠳᠡᠭᠦᠯᠦᠯᠲᠡ (ᠣᠷᠣᠯᠠᠨ ᠲᠤᠭᠤᠷᠪᠢᠭᠰᠠᠨ ᠨᠣᠣᠷᠠᠭ)》 ᠵᠢ ᠬᠢᠨᠠᠨ ᠵᠥᠪᠯᠡᠵᠦ ᠪᠠᠲᠤᠯᠠᠪᠠ᠃
ᠬᠤᠷᠠᠯ ᠲᠡᠬᠡᠷ᠎ᠡ᠄ 《ᠥᠪᠥᠷ ᠮᠣᠩᠭᠣᠯ᠂ ᠬᠠᠷᠠᠮᠦ᠋ᠷᠡᠨ᠎ᠤ ᠬᠢᠯᠢ ᠵᠢᠨ ᠵᠠᠭ᠋ᠠᠭ᠎ᠤᠨ ᠲᠠᠪᠤᠳᠤᠭ᠋ᠠᠷ ᠡᠭᠡᠯᠵᠢ ᠵᠢᠨ ᠬᠠᠮᠲᠤᠷᠠᠭᠰᠠᠨ ᠪᠠᠢ᠌ᠴᠠᠭ᠋ᠠᠯᠲᠠ ᠵᠢᠨ ᠠᠵᠢᠯ ᠢ ᠥᠷᠨᠢᠭᠦᠯᠦᠭᠰᠡᠨ᠎ᠠᠴᠠ ᠨᠠᠭ᠋ᠠᠰᠢ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ᠎ᠤᠨ᠎ᠬᠢᠨ ᠨᠠᠷᠢᠨ ᠵᠣᠬᠢᠶᠠᠨ ᠪᠠᠢ᠌ᠭᠤᠯᠵᠤ᠂ ᠪᠠᠲᠤᠲᠠᠢ ᠠᠬᠢᠭᠤᠯᠬᠤ᠎ᠳᠤ᠎ᠪᠠᠨ᠂ ᠬᠠᠮᠲᠤᠷᠠᠭᠰᠠᠨ ᠪᠠᠢ᠌ᠴᠠᠭ᠋ᠠᠯᠲᠠ ᠵᠢᠨ ᠠᠵᠢᠯ ᠤᠨ ᠵᠢᠷᠤᠮᠵᠢᠯ ᠤᠨ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠡᠯ᠎ᠡ ᠵᠦᠢ᠍ᠯ ᠤᠨ ᠡᠭᠦᠷᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠪᠡ᠃ ᠲᠣᠰ ᠬᠠᠮᠲᠤᠷᠠᠨ ᠪᠠᠢ᠌ᠴᠠᠭ᠋ᠠᠯᠳᠠ᠎ᠪᠠᠷ ᠲᠠᠮᠵᠢᠭ᠋ᠠᠳ ᠬᠣᠶᠠᠷ ᠮᠤᠵᠢ (ᠣᠷᠣᠨ) ᠵᠢᠨ ᠬᠢᠯᠢ ᠵᠢᠨ ᠵᠠᠭ᠋ᠠᠭ᠎ᠢ ᠬᠠᠢ᠌ᠨ ᠲᠣᠭᠲᠠᠭ᠋ᠠᠭᠰᠠᠨ ᠦᠷ᠎ᠡ ᠪᠦᠲᠦᠭᠡᠯ᠎ᠢ ᠤᠯᠠᠮ ᠪᠡᠬᠢᠵᠢᠭᠦᠯᠵᠦ᠂ ᠠᠮᠤᠷ ᠲᠠᠢ᠌ᠪᠤᠩ ᠵᠠᠭ᠋ᠠᠭ᠎ᠤᠨ ᠪᠠᠢ᠌ᠭᠤᠯᠤᠯᠲᠠ ᠤᠯᠠᠮ ᠭᠦᠨᠵᠡᠭᠡᠢ᠌ᠷᠡᠭᠦᠯᠦᠨ᠂ ᠣᠷᠳᠣ ᠬᠤᠭᠤᠴᠠᠭ᠋ᠠᠨ᠎ᠤ ᠪᠦᠲᠦᠮᠵᠢᠲᠡᠶ ᠬᠠᠮᠢᠶᠠᠷᠤᠯᠲᠠ ᠵᠢᠨ ᠲᠣᠭᠲᠠᠴᠠ ᠵᠢ ᠲᠡᠬᠦᠯᠳᠡᠷᠵᠢᠬᠦᠯᠤᠬᠡᠳ ᠬᠣᠶᠠᠷ ᠮᠤᠵᠢ (ᠣᠷᠣᠨ) ᠵᠢᠨ ᠬᠢᠯᠢ ᠬᠢᠵᠠᠭ᠋ᠠᠷ ᠣᠷᠣᠨ᠎ᠤ ᠺᠠᠳ᠋ᠷ ᠣᠯᠠᠨ ᠲᠦᠮᠡᠨ᠎ᠤ ᠬᠠᠤᠯᠢ ᠵᠢ ᠰᠠᠬᠢᠵᠤ ᠬᠢᠯᠢ ᠵᠢ ᠬᠠᠮᠠᠭ᠋ᠠᠯᠠᠬᠤ ᠤᠬᠠᠮᠰᠠᠷ᠎ᠢ ᠴᠢᠩᠭ᠋ᠠᠳᠬᠠᠵᠤ᠂ ᠬᠢᠯᠢ ᠬᠢᠵᠠᠭ᠋ᠠᠷ ᠣᠷᠣᠨ᠎ᠤ ᠡᠶ᠎ᠡ ᠵᠣᠬᠢᠴᠠᠯ᠎ᠲᠠᠢ ᠲᠣᠭᠲᠠᠭᠤᠨ ᠪᠠᠢ᠌ᠳᠠᠯ᠎ᠢ ᠬᠠᠮᠠᠭ᠋ᠠᠯᠠᠪᠠ》 ᠬᠡᠵᠡᠢ᠃
ᠬᠤᠷᠠᠯ ᠲᠡᠬᠡᠷ᠎ᠡ᠄ 《ᠵᠠᠰᠠᠭ ᠵᠠᠬᠢᠷᠭ᠋ᠠᠨ᠎ᠤ ᠣᠷᠣᠨ᠎ᠤ ᠵᠠᠭ᠋ᠠᠭ᠎ᠤᠨ ᠬᠠᠮᠢᠶᠠᠷᠤᠯᠲᠠ ᠵᠢᠨ ᠠᠵᠢᠯ ᠪᠣᠯ ᠤᠷᠳᠤ ᠬᠤᠭᠤᠴᠠᠭ᠋ᠠᠨ᠎ᠤ ᠠᠵᠢᠯ ᠶᠤᠮ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠤᠯᠤᠰ ᠲᠦᠷᠦ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠬᠢᠯᠢ ᠵᠢᠨ ᠵᠠᠭ᠋ᠠᠭ᠎ᠤᠨ ᠬᠠᠮᠢᠶᠠᠷᠤᠯᠲᠠ ᠵᠢᠨ ᠲᠤᠬᠠᠢ ᠬᠠᠷᠢᠭᠤᠴᠠᠯᠭ᠎ᠠ᠎ᠪᠠᠨ ᠴᠢᠩᠭ᠋ᠠᠳᠬᠠᠵᠤ᠂ ᠵᠠᠭ᠋ᠠᠭ ᠤᠨ ᠬᠠᠮᠢᠶᠠᠷᠤᠯᠲᠠ ᠵᠢᠨ ᠠᠵᠢᠯ᠎ᠤᠨ ᠰᠢᠨᠵᠢᠯᠡᠬᠦ ᠤᠬᠠᠭ᠋ᠠᠨᠵᠢᠭᠤᠯᠤᠯᠳᠠ᠂ ᠵᠢᠷᠤᠮᠵᠢᠭᠤᠯᠤᠯᠳᠠ᠂ ᠮᠡᠳᠡᠭᠡ ᠵᠠᠩᠭᠢᠵᠢᠯᠲᠠ ᠵᠢᠨ ᠲᠦᠪᠰᠢᠨ᠎ᠢ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ᠃ ᠡᠳᠦᠷ ᠲᠤᠲᠤᠮ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠵᠠᠭ᠋ᠠᠭ᠎ᠢ ᠵᠠᠰᠠᠵᠤ ᠬᠠᠮᠠᠭ᠋ᠠᠯᠠᠬᠤ ᠠᠵᠢᠯ᠎ᠢ ᠪᠠᠢ᠌ᠡᠭᠭᠤᠵᠢᠭᠤᠯᠤᠨ᠂ ᠲᠤᠰᠬᠠᠢ ᠮᠡᠷᠭᠡᠵᠢᠯ᠎ᠤᠨ ᠪᠣᠯᠪᠠᠰᠤᠷᠠᠯ᠎ᠢ ᠨᠠᠷᠢᠯᠢᠬ᠍ᠵᠢᠭᠤᠯᠤᠨ᠂ ᠵᠠᠭ᠋ᠠᠭ᠎ᠤᠨ ᠬᠠᠮᠢᠶᠠᠷᠤᠯᠲᠠ ᠵᠢᠨ ᠠᠵᠢᠯᠲᠠᠨ᠎ᠤ ᠲᠥᠷᠥ ᠵᠢᠨ ᠪᠣᠳᠣᠯᠭ᠎ᠠ ᠵᠢᠨ ᠣᠨᠣᠯ ᠪᠠ ᠲᠤᠰᠬᠠᠢ ᠮᠡᠷᠭᠡᠵᠢᠯ᠎ᠤᠨ ᠮᠡᠳᠡᠯᠭᠡ ᠵᠢᠨ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠵᠢᠯ᠎ᠤᠨ ᠲᠣᠭᠲᠠᠴᠠ ᠵᠢᠨ ᠰᠢᠨ᠎ᠡ ᠵᠢ ᠡᠭᠦᠳᠴᠦ᠂ 《ᠠᠮᠤᠷ ᠠᠮᠤᠭᠤᠯᠠᠩ ᠵᠠᠭ᠋ᠠᠭ᠎ᠤᠨ ᠪᠠᠢ᠌ᠭᠤᠯᠤᠯᠲᠠ》 ᠵᠢᠨ ᠠᠵᠢᠯ᠎ᠤᠨ ᠲᠠᠪᠴᠠᠩ᠎ᠢ ᠭᠦᠢ᠍ᠴᠡᠳ ᠠᠰᠢᠭᠯᠠᠨ᠂ ᠠᠮᠤᠷ ᠠᠮᠤᠭᠤᠯᠠᠩ ᠬᠢᠯᠢ ᠵᠢᠨ ᠵᠠᠭ᠋ᠠᠭ᠎ᠢ ᠡᠭᠦᠳᠦᠨ ᠪᠠᠶ᠋ᠢᠭᠤᠯᠬᠤ ᠡᠯ᠎ᠡ ᠵᠦᠢ᠍ᠯ᠎ᠤᠨ ᠠᠵᠢᠯ᠎ᠢ ᠦᠷᠭᠦᠯᠵᠢᠯᠡᠨ ᠭᠦᠨᠵᠡᠭᠡᠢ᠌ᠷᠡᠭᠦᠯᠬᠦ ᠬᠡᠷᠡᠭᠲᠡᠢ᠃ ᠬᠠᠮᠢᠶᠠᠷᠤᠯᠲᠠ ᠵᠢᠨ ᠴᠢᠳᠠᠪᠤᠷᠢ᠎ᠪᠠᠨ ᠳᠡᠭᠡᠭᠰᠢᠯᠡᠭᠦᠯᠵᠦ᠂ ᠵᠠᠭ᠋ᠠᠭ᠎ᠤᠨ ᠬᠠᠮᠢᠶᠠᠷᠤᠯᠲᠠ ᠵᠢᠨ ᠳᠦᠷᠢᠮ᠎ᠤᠨ ᠰᠢᠨ᠎ᠡ ᠵᠢ ᠡᠭᠦᠳᠬᠦ ᠪᠠ ᠴᠢᠳᠠᠪᠤᠷᠢ ᠵᠢᠨ ᠪᠠᠢ᠌ᠭᠤᠯᠤᠯᠲᠠ᠎ᠪᠠᠷ ᠭᠣᠣᠯᠳᠠᠯᠭ᠎ᠠ ᠪᠤᠯᠭ᠋ᠠᠨ᠂ ᠬᠠᠮᠲᠤ᠎ᠪᠠᠷ ᠪᠠᠢ᠌ᠭᠤᠯᠵᠤ ᠬᠠᠮᠲᠤ᠎ᠪᠠᠷ ᠵᠠᠰᠠᠵᠤ ᠬᠠᠮᠲᠤ᠎ᠪᠠᠷ ᠡᠳ᠋ᠯᠡᠬᠦ ᠵᠠᠭ᠋ᠠᠭ᠎ᠤᠨ ᠬᠠᠮᠢᠶᠠᠷᠤᠯᠲᠠ ᠵᠢᠨ ᠰᠢᠨ᠎ᠡ ᠪᠠᠢ᠌ᠷᠢᠰᠢᠯ᠎ᠢ ᠪᠣᠶ ᠪᠣᠯᠭ᠋ᠠᠵᠤ᠂ ᠥᠪᠥᠷ ᠮᠣᠩᠭᠣᠯ ᠂ ᠬᠠᠷᠠᠮᠦ᠋ᠷᠡᠨ᠎ᠤ ᠬᠢᠯᠢ ᠲᠠᠭ᠋ᠠᠤ᠎ᠳᠤ᠎ᠬᠢ ᠠᠷᠠᠳ ᠲᠦᠮᠡᠨ᠎ᠤ ᠪᠦᠯᠬᠦᠮᠳᠡᠨ ᠬᠠᠪᠰᠤᠷᠤᠯᠴᠠᠬᠤ᠂ ᠠᠮᠤᠷ ᠠᠮᠤᠭᠤᠯᠠᠩ ᠡᠶ᠎ᠡ ᠵᠣᠬᠢᠴᠠᠯ᠎ᠲᠠᠢ᠂ ᠲᠣᠭᠲᠠᠭᠤᠨ ᠵᠶ᠋ᠠᠷ ᠬᠥᠭᠵᠢᠬᠦ ᠵᠢᠨ ᠬᠥᠭᠥᠷᠭᠡ ᠪᠠ ᠬᠣᠯᠪᠣᠭ᠋ᠠᠰᠤ ᠵᠢ ᠪᠤᠢ ᠪᠣᠯᠭ᠋ᠠᠵᠤ᠂ ᠬᠣᠶᠠᠷ ᠮᠤᠵᠢ (ᠣᠷᠣᠨ) ᠵᠢᠨ ᠬᠥᠷᠰᠢ ᠨᠤᠳᠤᠭ᠎ᠤᠨ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ᠎ᠳᠤ ᠠᠮᠤᠷ ᠲᠦᠪᠰᠢᠨ ᠲᠣᠭᠲᠠᠭᠤᠨ᠎ᠤ ᠭᠠᠳᠠᠭ᠋ᠠᠳᠤ ᠣᠷᠴᠢᠨ ᠲᠣᠭᠣᠷᠢᠨ᠎ᠢ ᠬᠠᠡᠭᠭ᠋ᠠᠬᠤ ᠬᠡᠷᠡᠭᠳᠡᠢ》 ᠬᠡᠵᠡᠢ᠃
ᠦᠪᠤᠷ ᠮᠤᠡᠭᠭᠤᠯ᠎ᠤᠨ 《ᠨᠡᠢ᠌ᠬᠡᠮ》 ᠰᠡᠳᠬᠦᠯ᠎ᠤᠨ ᠬᠤᠷᠢᠶ᠎ᠠ