ᠠᠷᠠᠳ᠎ᠤᠨ ᠶᠠᠪᠤᠳᠠᠯ᠎ᠤᠨ ᠶᠠᠮᠤᠨ᠎ᠤ᠎ᠬᠢᠨ ᠤᠷᠴᠢᠮ᠎ᠳᠤ 《ᠥᠪᠥᠷ ᠮᠣᠩᠭᠣᠯ᠎ᠤᠨ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠳᠡᠮᠵᠢᠬᠦ ᠪᠣᠳᠠᠲᠠᠢ ᠠᠷᠭ᠎ᠠ 》 (《ᠠᠷᠭ᠎ᠠ》 ᠭᠡᠵᠦ ᠲᠦᠬᠦᠮᠴᠢᠯᠡᠶ᠎ᠡ) ᠵᠢ ᠳᠠᠷᠤᠮᠠᠯᠯᠠᠨ ᠲᠠᠷᠬᠠᠭ᠋ᠠᠪᠠ᠃ ᠡᠬᠦᠨ᠎ᠳᠤ 29 ᠠᠷᠭ᠎ᠠ ᠵᠢ ᠬᠡᠷᠡᠭᠵᠢᠬᠦᠯᠵᠤ ᠲᠥᠷᠥ ᠵᠢᠨ ᠪᠣᠳᠣᠯᠭ᠎ᠠ᠂ ᠪᠡᠯᠡ ᠮᠥᠩᠭᠥ᠂ ᠲᠥᠷᠥᠯ ᠵᠦᠢ᠍ᠯ᠎ᠤᠨ ᠲᠠᠯ᠎ᠠ ᠪᠠᠷ ᠥᠪᠥᠷ ᠮᠣᠩᠭᠣᠯ᠎ᠢ ᠳᠡᠮᠵᠢᠬᠦ ᠠᠷᠭ᠎ᠠ ᠵᠢ ᠨᠠᠷᠢᠯᠢᠭᠵᠢᠭᠤᠯᠤᠨ ᠪᠣᠳᠠᠲᠠᠢ᠌ᠵᠢᠭᠤᠯᠵᠤ᠂ ᠥᠪᠥᠷ ᠮᠣᠩᠭᠣᠯ᠎ᠳᠤ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠂ ᠰᠦᠪᠡᠭᠴᠢᠯᠡᠨ ᠦᠢ᠍ᠯᠡᠳᠦᠯᠭᠡᠵᠢᠭᠦᠯᠬᠦ ᠵᠡᠷᠭᠡ ᠡᠭᠦᠷᠭᠡ ᠵᠢ ᠤᠷᠢᠳ ᠵᠶ᠋ᠡᠷ ᠥᠷᠨᠢᠭᠦᠯᠬᠦ ᠵᠢ ᠲᠣᠳᠣᠷᠬᠠᠢ᠌ᠯᠠᠵᠤ᠂ ᠲᠥᠷᠥ ᠵᠢᠨ ᠪᠣᠳᠣᠯᠭ᠎ᠠ ᠵᠢᠨ ᠠᠷᠭ᠎ᠠ᠂ ᠪᠠᠢ᠌ᠭᠤᠯᠤᠯ ᠲᠣᠭᠲᠠᠴᠠ ᠵᠢᠨ ᠰᠢᠨ᠎ᠡ ᠵᠢ ᠡᠭᠦᠳᠬᠦ ᠵᠡᠷᠭᠡ ᠲᠠᠯ᠎ᠠ᠎ᠪᠠᠷ ᠵᠢᠯᠣᠭᠣᠳᠤᠯᠭ᠎ᠠ᠎ᠪᠠᠨ ᠴᠢᠩᠭ᠋ᠠᠳᠬᠠᠨ᠂ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠪᠠ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ ᠬᠣᠶᠠᠷ ᠶᠡᠬᠡ ᠶᠠᠪᠤᠳᠠᠯ᠎ᠢ ᠠᠷᠠᠳ᠎ᠤᠨ ᠶᠠᠪᠤᠳᠠᠯ᠎ᠤᠨ ᠰᠢᠰᠲ᠋ᠧᠮ᠎ᠳᠤ ᠨᠠᠢ᠌ᠳᠠᠪᠤᠷᠢᠵᠢᠭᠤᠯᠬᠤ ᠵᠢ ᠠᠬᠢᠭᠤᠯᠪᠠ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠢᠶᠠᠩ ᠬᠣᠩ ᠢᠯᠡᠷᠬᠡᠢ᠌ᠯᠡᠭᠰᠡᠨ᠎ᠨᠢ᠂ 《ᠠᠷᠭ᠎ᠠ》 ᠬᠠᠨᠳᠤᠯᠭ᠋ᠠᠲᠤ ᠴᠢᠨᠠᠷ ᠵᠶ᠋ᠠᠷ ᠴᠢᠩᠭ᠎ᠠ᠂ ᠦᠨ᠎ᠡ ᠴᠠᠨ᠎ᠠ ᠥᠨᠳᠥᠷ᠂ ᠰᠢ ᠵᠢᠨ ᠫᠢᠩ ᠶᠡᠷᠦᠩᠬᠡᠢ ᠱᠦᠵᠢ ᠵᠢᠨ ᠠᠷᠠᠳ᠎ᠤᠨ ᠶᠠᠪᠤᠳᠠᠯ᠎ᠤᠨ ᠠᠵᠢᠯ᠎ᠤᠨ ᠲᠤᠬᠠᠢ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠣᠯᠭᠣᠭᠰᠠᠨ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠲᠣᠭᠲᠠᠭ᠋ᠠᠯᠲᠠ ᠵᠢ ᠪᠠᠲᠤ ᠡᠵᠡᠮᠰᠢᠵᠦ᠂ ᠥᠪᠥᠷ ᠮᠣᠩᠭᠣᠯ᠎ᠤᠨ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠪᠠᠷ ᠭᠣᠣᠯᠳᠠᠭᠤᠯᠵᠤ ᠤᠨᠢᠨ ᠳᠡᠭᠡᠷ᠎ᠡ᠎ᠨᠢ ᠪᠠᠲᠤᠯᠠᠬᠤ ᠰᠢᠰᠲᠸᠮ᠎ᠤᠨ ᠪᠠᠢ᠌ᠭᠤᠯᠤᠯᠲᠠ ᠵᠢ ᠠᠬᠢᠭᠤᠯᠬᠤ᠂ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠢᠰᠲᠸᠮ᠎ᠤᠨ ᠪᠠᠢ᠌ᠭᠤᠯᠤᠯᠲᠠ ᠵᠢ ᠲᠦᠷᠭᠡᠳᠬᠡᠬᠦ᠂ ᠬᠡᠦᠬᠡᠳ᠎ᠤᠨ ᠠᠰᠠᠷᠠᠮᠵᠢ ᠵᠢᠨ ᠲᠦᠪᠰᠢᠨ᠎ᠢ ᠳᠡᠭᠡᠭᠰᠢᠯᠡᠭᠦᠯᠬᠦ᠂ ᠨᠡᠢ᠌ᠭᠡᠮ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠬᠦ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠪᠣᠯᠣᠨ ᠨᠢᠭᠦᠯᠡᠰᠦᠩᠭᠦᠢ ᠵᠢᠨ ᠦᠢ᠍ᠯᠡᠰ᠎ᠤᠨ ᠦᠢ᠍ᠯᠡᠳᠦᠯ᠎ᠢ ᠪᠠᠳᠠᠷᠠᠭᠤᠯᠬᠤ᠂ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠤᠨ ᠪᠠᠢ᠌ᠷᠢᠯᠠᠭᠤᠯᠤᠯᠲᠠ ᠵᠢ ᠦᠷᠭᠦᠯᠵᠢᠯᠡᠨ ᠰᠢᠯᠢᠳᠡᠭᠵᠢᠭᠦᠯᠬᠦ ᠵᠡᠷᠭᠡ 6 ᠲᠠᠯ᠎ᠠ᠎ᠠᠴᠠ 29 ᠪᠣᠳᠠᠲᠠᠢ ᠳᠡᠮᠵᠢᠬᠦ ᠠᠷᠭ᠎ᠠ ᠵᠢ ᠭᠠᠷᠭ᠋ᠠᠬᠰᠠᠨᠤ ᠬᠠᠮᠲᠤ ᠪᠣᠳᠠᠲᠠᠢ ᠡᠭᠦᠷᠭᠡ ᠬᠠᠷᠢᠭᠤᠴᠠᠯᠭ᠋ᠠᠲᠤ ᠵᠤᠷᠭ᠋ᠠᠨ ᠲᠣᠪᠴᠢᠶ᠎ᠠ ᠪᠠ ᠨᠢᠭᠡᠴᠢ ᠵᠢ ᠵᠦᠢ᠍ᠯ ᠳᠠᠷᠠᠭ᠋ᠠᠯᠠᠨ ᠲᠣᠳᠣᠷᠬᠠᠢ᠌ᠯᠠᠵᠤ᠂ ᠡᠯ᠎ᠡ ᠠᠷᠭ᠎ᠠ ᠵᠢ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠪᠠᠳᠤᠯᠠᠬᠤ ᠪᠤᠯᠤᠨ᠎ᠠ᠃
《ᠠᠷᠭ᠎ᠠ》᠎ᠳᠤ ᠠᠷᠠᠳ᠎ᠤᠨ ᠶᠠᠪᠤᠳᠠᠯ᠎ᠤᠨ ᠶᠠᠮᠤᠨ᠎ᠤ ᠬᠣᠯᠪᠣᠭᠳᠠᠯ ᠪᠦᠬᠦᠢ ᠵᠤᠷᠭ᠋ᠠᠨ ᠲᠣᠪᠴᠢᠶ᠎ᠠ᠂ ᠳᠤᠮᠳᠠᠳᠤ ᠤᠯᠤᠰ᠎ᠤᠨ ᠨᠠᠰᠤᠲᠠᠢ᠌ᠴᠤᠳ᠎ᠤᠨ ᠨᠡᠢ᠌ᠭᠡᠮᠯᠢᠭ ᠪᠠ ᠶᠠᠮᠤᠨ᠎ᠤ ᠰᠢᠭᠤᠳ ᠬᠠᠷᠢᠶ᠎ᠠ ᠨᠢᠬᠡᠴᠢ ᠵᠢᠨ᠎ᠬᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠎ᠳᠤ᠎ᠪᠠᠨ ᠰᠠᠭᠤᠷᠢᠯᠠᠨ᠂ ᠦᠪᠤᠷ ᠮᠤᠡᠭᠭᠤᠯ᠎ᠤᠨ ᠪᠡᠭᠡᠵᠢᠩ ᠲᠢᠶᠠᠨᠵᠢᠨ ᠾᠧᠪᠧᠢ ᠵᠢᠨ ᠬᠠᠮᠵᠢᠯᠴᠠᠨ ᠬᠦᠭᠵᠢᠬᠦᠯᠦᠭᠡ ᠠᠭᠤᠰᠤᠯᠴᠠᠬᠤ᠂ ᠵᠡᠭᠦᠨ ᠬᠣᠢ᠌ᠲᠤ ᠣᠷᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠢ ᠬᠥᠭᠵᠢᠯᠲᠡ ᠵᠡᠷᠭᠡ ᠤᠯᠤᠰ᠎ᠤᠨ ᠪᠠᠢ᠌ᠯᠳᠤᠬᠤ ᠪᠣᠳᠣᠯᠭ᠎ᠠ᠎ᠳᠤ ᠤᠯᠠᠮ ᠠᠭᠤᠰᠤᠯᠴᠠᠬᠤ ᠵᠢ ᠳᠡᠮᠵᠢᠵᠦ᠂ ᠦᠨᠳᠦᠰᠦᠨ ᠱᠠᠲᠤᠨ᠎ᠤ ᠡᠩᠨᠡᠭᠡ ᠵᠢᠨ ᠴᠢᠳᠠᠪᠤᠷᠢ ᠵᠢᠨ ᠲᠦᠪᠰᠢᠨ᠎ᠢ ᠳᠡᠭᠡᠭᠰᠢᠯᠡᠭᠦᠯᠦᠨ᠂ ᠲᠣᠭ᠋ᠠᠴᠢᠯᠠᠭᠰᠠᠨ ᠠᠷᠠᠳ᠎ᠤᠨ ᠶᠠᠪᠤᠳᠠᠯ᠎ᠤᠨ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠬᠤ ᠬᠡᠷᠡᠭᠲᠡᠢ ᠭᠡᠵᠦ ᠱᠠᠭ᠋ᠠᠷᠳᠠᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠠᠷᠠᠳ᠎ᠤᠨ ᠶᠠᠪᠤᠳᠠᠯ᠎ᠤᠨ ᠶᠠᠮᠤᠨ᠎ᠤ ᠬᠠᠮᠢᠶ᠎ᠠ ᠪᠦᠬᠦᠢ ᠲᠤᠬᠠᠢ᠌ᠯᠠᠭᠰᠠᠨ ᠠᠵᠢᠯ᠎ᠤᠨ ᠵᠤᠷᠭ᠋ᠠᠨ ᠲᠣᠪᠴᠢᠶ᠎ᠠ᠎ᠲᠠᠢ ᠰᠠᠨᠠᠭ᠋ᠠᠴᠢᠯᠠᠭ᠎ᠠ᠎ᠠᠴᠠ᠎ᠪᠠᠨ ᠵᠣᠯᠭ᠋ᠠᠭᠤᠯᠵᠤ᠂ ᠲᠤᠷᠰᠢᠯᠲᠠ ᠵᠢᠨ ᠴᠡᠭ᠎ᠤᠨ ᠵᠢᠱ᠌ᠢᠶ᠎ᠡ ᠦᠵᠡᠭᠦᠯᠬᠦ ᠵᠡᠷᠭᠡ ᠰᠠᠭᠤᠷᠢ ᠴᠢᠨᠠᠷᠲᠠᠢ ᠠᠵᠢᠯ᠎ᠢ ᠲᠦᠷᠦᠭᠦᠯᠡᠨ ᠰᠠᠢ᠌ᠲᠤᠷ ᠬᠢᠵᠦ᠂ ᠨᠠᠮ᠎ᠤᠨ ᠱᠤᠭᠤᠮ ᠴᠢᠭᠯᠡᠯᠲᠡ ᠲᠥᠷᠥ ᠵᠢᠨ ᠪᠣᠳᠣᠯᠭ᠎ᠠ ᠵᠢ ᠪᠥᠬᠥ ᠲᠠᠯ᠎ᠠ᠎ᠪᠠᠷ ᠪᠦᠲᠦᠮᠵᠢᠲᠡᠶ ᠲᠤᠭᠤᠰᠢᠯᠠᠭᠤᠯᠬᠤ ᠬᠡᠷᠡᠭᠲᠡᠢ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ᠂ ᠵᠣᠯᠭ᠋ᠠᠯᠴᠠᠭ᠎ᠠ ᠨᠡᠪᠲᠡᠷᠡᠯᠴᠡᠭᠡ᠎ᠪᠠᠨ ᠴᠢᠩᠭ᠋ᠠᠳᠬᠠᠵᠤ᠂ ᠨᠠᠢ᠌ᠳᠠᠪᠤᠷᠢᠵᠢᠭᠤᠯᠤᠯᠲᠠ ᠵᠢ ᠰᠠᠢ᠌ᠲᠤᠷ ᠠᠳᠬᠤᠨ᠂ ᠠᠷᠠᠳ᠎ᠤᠨ ᠶᠠᠪᠤᠳᠠᠯ᠎ᠤᠨ ᠶᠠᠮᠤᠨ᠎ᠤ ᠳᠡᠮᠵᠢᠬᠦ ᠲᠦᠷᠦ ᠵᠢᠨ ᠪᠣᠳᠣᠯᠭ᠎ᠠ ᠵᠢ ᠬᠥᠳᠡᠯᠭᠡᠬᠦ ᠬᠦᠴᠦᠨ ᠪᠠ ᠪᠣᠳᠠᠲᠤ ᠦᠷ᠎ᠡ ᠪᠦᠲᠦᠮᠵᠢ ᠪᠣᠯᠭ᠋ᠠᠨ ᠬᠤᠪᠢᠷᠠᠭᠤᠯᠵᠤ᠂ ᠥᠪᠥᠷ ᠮᠣᠩᠭᠣᠯ᠎ᠤᠨ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ ᠪᠠ ᠰᠢᠨ᠎ᠡ ᠵᠠᠮ᠎ᠢ ᠨᠡᠭᠡᠭᠡᠬᠦ᠂ ᠳᠤᠮᠳᠠ ᠲᠦᠪᠰᠢᠨ᠎ᠳᠤ ᠣᠷᠣᠬᠤ ᠬᠠᠷᠠᠯᠲᠠ ᠵᠢ ᠪᠡᠶᠡᠯᠡᠭᠦᠯᠬᠦ᠎ᠳᠤ ᠠᠷᠠᠳ᠎ᠤᠨ ᠶᠠᠪᠤᠳᠠᠯ᠎ᠤᠨ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠬᠡᠪᠡ᠃