10 ᠳ᠋ᠤᠭ᠋ᠠᠷ ᠰᠠᠷ᠎ᠠ ᠵᠢᠨ 8᠎ᠤ ᠡᠳᠦᠷ᠎ᠠᠴᠠ 10᠎ᠤ ᠡᠳᠦᠷ ᠪᠣᠯᠲᠠᠯ᠎ᠠ᠂ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ ᠭᠠᠵᠠᠷ᠎ᠤᠨ ᠨᠡᠷᠡᠰ᠎ᠤᠨ ᠬᠠᠮᠢᠶᠠᠷᠤᠯᠲᠠ ᠪᠠ 《ᠬᠥᠳᠡᠭᠡ ᠲᠣᠰᠬᠣᠨ᠎ᠢ ᠠᠯᠳᠠᠷᠰᠢᠭᠤᠯᠬᠤ ᠠᠵᠢᠯᠯᠠᠭ᠎ᠠ》 ᠵᠢ ᠲᠠᠢ᠌ᠯᠪᠤᠷᠢᠯᠠᠬᠤ ᠪᠣᠯᠪᠠᠰᠤᠷᠠᠯ᠎ᠤᠨ ᠠᠩᠭᠢ ᠵᠢ ᠬᠥᠬᠡᠬᠣᠲᠠ᠎ᠳᠤ ᠡᠷᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠴᠣᠭ ᠰᠤᠷᠤᠯᠭ᠎ᠠ ᠡᠬᠢᠯᠡᠬᠦ ᠶᠣᠰᠣᠯᠠᠯ᠎ᠳᠤ ᠣᠷᠣᠯᠴᠠᠵᠤ ᠶᠠᠷᠢᠶ᠎ᠠ ᠲᠠᠯᠪᠢᠪᠠ᠃ ᠡᠯ᠎ᠡ ᠠᠢ᠌ᠮᠠᠭ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠵᠠᠰᠠᠭ ᠵᠠᠬᠢᠷᠭ᠋ᠠᠨ᠎ᠤ ᠣᠷᠣᠨ᠎ᠤ ᠬᠤᠪᠢᠶᠠᠷᠢᠯᠠᠯ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠬᠠᠷᠢᠭᠤᠴᠠᠯᠭ᠋ᠠᠲᠠᠨ ᠪᠠ 2024 ᠣᠨ᠎ᠤ 《ᠬᠥᠳᠡᠭᠡ ᠲᠣᠰᠬᠣᠨ᠎ᠢ ᠠᠯᠳᠠᠷᠰᠢᠭᠤᠯᠬᠤ ᠠᠵᠢᠯᠯᠠᠭ᠎ᠠ》 ᠵᠢᠨ ᠲᠤᠷᠰᠢᠯᠲᠠ ᠵᠢᠨ ᠨᠢᠭᠡᠴᠢ ᠵᠢᠨ ᠲᠤᠬᠠᠢ᠌ᠯᠠᠭᠰᠠᠨ ᠠᠵᠢᠯ᠎ᠤᠨ ᠠᠵᠢᠯᠲᠠᠨ ᠨᠡᠶ᠋ᠢᠲᠡ 50 ᠭᠠᠷᠤᠢ ᠬᠥᠮᠥᠨ ᠪᠣᠯᠪᠠᠰᠤᠷᠠᠯ᠎ᠳᠤ ᠤᠷᠤᠯᠴᠠᠪᠠ᠃
ᠲᠤᠰ ᠤᠳᠠᠭ᠋ᠠᠨ᠎ᠤ ᠪᠣᠯᠪᠠᠰᠤᠷᠠᠯ᠎ᠳᠤ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠳᠡᠳ᠋ ᠰᠤᠳᠤᠯᠤᠭᠴᠢ ᠯᠢᠦ ᠴᠦᠨ ᠽᠢ᠂ ᠠᠷᠠᠳ᠎ᠤᠨ ᠶᠠᠪᠤᠳᠠᠯ᠎ᠤᠨ ᠶᠠᠮᠤᠨ᠎ᠤ ᠭᠠᠵᠠᠷ᠎ᠤᠨ ᠨᠡᠷᠡᠰ ᠰᠤᠳᠤᠯᠬᠤ ᠭᠠᠵᠠᠷ᠎ᠤᠨ ᠬᠡᠷᠡᠭᠯᠡᠭᠡᠨ᠎ᠤ ᠣᠨᠣᠯ ᠰᠤᠳᠤᠯᠬᠤ ᠲᠠᠰᠤᠭ᠎ᠤᠨ ᠳᠡᠳ᠋ ᠰᠤᠳᠤᠯᠤᠭᠴᠢ ᠶᠠᠨ ᠰᠢᠤᠸᠠᠢ ᠢ᠂ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠭᠠᠵᠠᠷ᠎ᠤᠨ ᠬᠠᠮᠢᠶ᠎ᠠ ᠪᠦᠬᠦᠢ ᠬᠥᠮᠥᠰ ᠲᠣᠰ ᠲᠣᠰ ᠵᠠᠰᠠᠭ ᠵᠠᠬᠢᠷᠭ᠋ᠠᠨ᠎ᠤ ᠬᠤᠪᠢᠶᠠᠷᠢᠯᠠᠯ᠎ᠤᠨ ᠲᠡᠦᠬᠡ ᠰᠣᠶᠣᠯ᠂ ᠬᠥᠳᠡᠭᠡ ᠲᠣᠰᠬᠣᠨ᠎ᠢ ᠠᠯᠳᠠᠷᠰᠢᠭᠤᠯᠬᠤ ᠠᠵᠢᠯᠯᠠᠭ᠎ᠠ᠂ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠤᠨ ᠵᠠᠭ᠋ᠠᠭ ᠱᠤᠭᠤᠮ᠎ᠤᠨ ᠬᠠᠮᠢᠶᠠᠷᠤᠯᠲᠠ᠂ ᠵᠠᠰᠠᠭ ᠵᠠᠬᠢᠷᠭ᠋ᠠᠨ᠎ᠤ ᠣᠷᠤᠨ ᠬᠤᠪᠢᠶᠠᠷᠢᠯᠠᠯ᠎ᠤᠨ ᠠᠵᠢᠯ᠂ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠠᠵᠢᠯ ᠪᠠ 2023 ᠣᠨ᠎ᠤ ᠭᠣᠣᠯᠳᠠᠯᠭ᠎ᠠ᠎ᠲᠠᠢ ᠠᠵᠢᠯ᠎ᠤᠨ ᠬᠢᠨᠠᠨ ᠰᠢᠯᠭ᠋ᠠᠵᠤ ᠦᠨᠡᠯᠡᠬᠦ ᠬᠠᠮᠢᠶ᠎ᠠ ᠪᠦᠬᠦᠢ ᠠᠭᠤᠯᠭ᠎ᠠ ᠵᠢᠨ ᠲᠣᠭᠣᠷᠢᠨ᠎ᠳᠤ ᠨᠠᠷᠢᠨ ᠲᠠᠢ᠌ᠯᠤᠮᠵᠢ ᠬᠢᠪᠡ᠃
ᠪᠣᠯᠪᠠᠰᠤᠷᠠᠯ᠎ᠳᠤ ᠣᠷᠣᠯᠴᠠᠭᠰᠠᠳ ᠠᠴᠠ᠂ ᠲᠣᠰ ᠤᠳᠠᠭ᠋ᠠᠨ᠎ᠤ ᠪᠣᠯᠪᠠᠰᠤᠷᠠᠯ ᠵᠶ᠋ᠠᠷ ᠳᠡᠮᠵᠢᠨ᠂ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠬᠤᠪᠢᠶᠠᠷᠢᠯᠠᠯ᠎ᠤᠨ ᠲᠡᠦᠬᠡᠨ ᠬᠤᠪᠢᠷᠠᠯᠲᠠ᠂ ᠬᠥᠳᠡᠭᠡ ᠲᠣᠰᠬᠣᠨ᠎ᠢ ᠠᠯᠳᠠᠷᠰᠢᠭᠤᠯᠬᠤ ᠠᠵᠢᠯᠯᠠᠭ᠎ᠠ ᠵᠢᠨ ᠠᠴᠢ ᠬᠣᠯᠪᠣᠭᠳᠠᠯ ᠪᠠ ᠠᠵᠢᠯ᠎ᠤᠨ ᠴᠢᠭᠯᠡᠯ᠂ ᠳᠤᠮᠳᠠᠳᠤ ᠤᠯᠤᠰ · ᠤᠯᠤᠰ᠎ᠤᠨ ᠭᠠᠵᠠᠷ᠎ᠤᠨ ᠨᠡᠷᠡᠰ᠎ᠤᠨ ᠮᠡᠳᠡᠭᠡ ᠵᠠᠩᠭᠢ ᠵᠢᠨ ᠬᠥᠮᠥᠷᠭᠡ᠎ᠳᠤ ᠬᠠᠮᠢᠶ᠎ᠠ ᠪᠦᠬᠦᠢ ᠮᠡᠳᠡᠭᠡ ᠵᠠᠩᠭᠢ ᠤᠷᠤᠭᠤᠯᠬᠤ ᠵᠢᠨ ᠨᠠᠷᠢᠨ ᠳᠦᠷᠢᠮ᠂ ᠵᠠᠭ᠋ᠠᠭ ᠱᠤᠭᠤᠮ᠎ᠤᠨ ᠬᠠᠮᠢᠶᠠᠷᠤᠯᠲᠠ ᠵᠢᠨ ᠴᠢᠬᠤᠯᠠ ᠴᠢᠨᠠᠷ᠂ ᠠᠵᠢᠯ᠎ᠤᠨ ᠠᠭᠤᠯᠭ᠎ᠠ ᠪᠠ ᠰᠢᠢ᠍ᠳᠪᠦᠷᠢᠯᠡᠬᠦ ᠠᠷᠭ᠎ᠠ᠂ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠤᠨ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠭᠣᠣᠯᠳᠠᠯᠭ᠎ᠠ ᠵᠢᠨ ᠲᠤᠬᠠᠢ ᠨᠠᠩ ᠨᠠᠷᠢᠨ ᠨᠠᠩ ᠭᠦᠨᠵᠡᠭᠡᠢ ᠲᠠᠨᠢᠯᠲᠠ᠎ᠲᠠᠢ ᠪᠣᠯᠪᠠ ᠃ ᠬᠣᠢ᠌ᠰᠢᠳᠠ ᠵᠢᠨ ᠠᠵᠢᠯ᠎ᠤᠨ ᠵᠶ᠋ᠠᠨ ᠳᠤᠮᠳᠠ᠂ ᠲᠣᠰ ᠤᠳᠠᠭ᠋ᠠᠨ᠎ᠤ ᠪᠣᠯᠪᠠᠰᠤᠷᠠᠯ᠎ᠤᠨ ᠠᠩᠭᠢ ᠵᠢᠨ ᠬᠢᠴᠢᠶᠡᠯ ᠲᠠᠢ᠌ᠯᠤᠮᠵᠢ ᠪᠠ ᠲᠤᠬᠠᠢ᠌ᠯᠠᠭᠰᠠᠨ ᠠᠵᠢᠯ᠎ᠤᠨ ᠠᠵᠢᠯᠯᠠᠭ᠋ᠠᠨ᠎ᠤ ᠠᠭᠤᠯᠭ᠎ᠠ ᠵᠢ ᠠᠢ᠌ᠮᠠᠭ ᠬᠣᠲᠠ ᠵᠢᠨ ᠳᠣᠲᠣᠷᠠᠬᠢ ᠪᠣᠶ ᠪᠦᠬᠦᠢ ᠣᠷᠣᠨ ᠬᠤᠪᠢᠶᠠᠷᠢᠯᠠᠯ᠎ᠤᠨ ᠭᠠᠵᠠᠷ᠎ᠤᠨ ᠨᠡᠷᠡᠰ᠎ᠤᠨ ᠵᠠᠭ᠋ᠠᠭ ᠱᠤᠭᠤᠮ᠎ᠤᠨ ᠲᠤᠬᠠᠢ᠌ᠯᠠᠭᠰᠠᠨ ᠠᠵᠢᠯ᠎ᠤᠨ ᠠᠵᠢᠯᠲᠠᠨ᠎ᠳᠤ ᠤᠯᠠᠮᠵᠢᠯᠠᠵᠣ᠂ ᠰᠣᠷᠣᠭᠰᠠᠨ ᠵᠶ᠋ᠠᠨ ᠬᠡᠷᠡᠭᠯᠡᠬᠦ ᠵᠢ ᠦᠨᠡᠨ ᠬᠦ᠌ ᠪᠡᠶᠡᠯᠡᠭᠦᠯᠬᠦ ᠬᠡᠷᠡᠭᠲᠡᠢ ᠃ ᠡᠭᠦᠨ᠎ᠤ ᠬᠠᠮᠲᠤ ᠦᠢ᠍ᠯᠡᠳᠦᠯᠭᠡ ᠵᠢᠨ ᠳᠤᠮᠳᠠ ᠬᠠᠷᠢᠭᠤᠴᠠᠯᠭ᠎ᠠ ᠡᠭᠦᠷᠭᠡᠯᠡᠯ ᠵᠶ᠋ᠡᠨ ᠤᠯᠠᠮ ᠨᠢᠭᠡ ᠠᠯᠬᠤᠮ ᠴᠢᠩᠭ᠋ᠠᠳᠬᠠᠵᠤ᠂ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠂ ᠭᠠᠵᠠᠷ᠎ᠤᠨ ᠨᠡᠷ᠎ᠡ᠂ ᠵᠠᠭ᠋ᠠᠭ ᠱᠤᠭᠤᠮ᠎ᠤᠨ ᠬᠠᠮᠢᠶᠠᠷᠤᠯᠲᠠ ᠵᠢᠨ ᠠᠵᠢᠯ᠎ᠤᠨ ᠲᠤᠬᠠᠢ᠌ᠯᠠᠭᠰᠠᠨ ᠠᠵᠢᠯ᠎ᠤᠨ ᠬᠡᠪ ᠪᠣᠯᠪᠠᠰᠤᠷᠠᠯ ᠪᠠ ᠦᠢ᠍ᠯᠡᠴᠢᠯᠡᠭᠡᠨ᠎ᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠂ ᠪᠠᠷᠢᠮᠵᠢᠶ᠎ᠠ ᠵᠢ ᠳᠡᠭᠡᠭᠰᠢᠯᠡᠭᠦᠯᠬᠦ᠂ ᠬᠤᠷᠳᠤᠴᠠ ᠵᠢ ᠳᠡᠭᠡᠭᠰᠢᠯᠡᠭᠦᠯᠬᠦ᠂ ᠦᠷ᠎ᠡ ᠪᠦᠲᠦᠮᠵᠢ ᠵᠢ ᠳᠡᠭᠡᠭᠰᠢᠯᠡᠭᠦᠯᠬᠦ ᠱᠠᠭ᠋ᠠᠷᠳᠠᠯᠭ᠎ᠠ᠎ᠪᠠᠷ ᠦᠨᠳᠦᠰᠦᠨ ᠱᠠᠲᠤᠨ᠎ᠤ ᠠᠵᠢᠯ ᠪᠠ ᠣᠯᠠᠨ ᠲᠦᠮᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠵᠤ᠂ ᠪᠥᠬᠥ ᠣᠷᠣᠨ᠎ᠤ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠷᠬᠡᠢ᠌ᠯᠡᠵᠡᠭᠡᠭᠰᠡᠨ ᠪᠠᠢ᠌ᠨ᠎ᠠ᠃