ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠨᠡᠶ᠋ᠢᠭᠡᠮ ᠰᠡᠳᠬᠦᠯ   -   ᠨᠡᠶ᠋ᠢᠭᠡᠮ ᠰᠡᠳᠬᠦᠯ
ᠰᠢ ᠵᠢᠨ ᠫᠢᠡᠭ ᠶᠡᠷᠤᠡᠭᠭᠡᠢ ᠱᠦᠵᠢ ᠵᠢᠨ ᠠᠷᠠᠳ᠎ᠤᠨ ᠶᠠᠪᠤᠳᠠᠯ᠎ᠤᠨ ᠠᠵᠢᠯ᠎ᠤᠨ ᠲᠤᠬᠠᠢ ᠴᠢᠬᠤᠯᠨ ᠦᠬᠦᠯᠡᠯᠳᠡ
ᠨᠡᠶᠢᠲᠡᠯᠡᠭᠰᠡᠨ ᠴᠠᠭ᠄ 2025-03-26

    ᠠᠷᠠᠳ᠎ᠤᠨ ᠠᠮᠢᠳᠤᠷᠠᠯ ᠪᠣᠯ ᠬᠠᠮᠤᠭ᠎ᠤᠨ ᠲᠤᠮᠤ ᠤᠯᠤᠰ ᠲᠦᠷᠦ᠃ ᠠᠷᠠᠳ ᠲᠦᠮᠡᠨ᠎ᠤ ᠬᠠᠮᠤᠭ᠎ᠠᠴᠠ ᠠᠩᠬᠠᠷᠴᠤ ᠪᠠᠢ᠌ᠭ᠎ᠠ ᠬᠠᠮᠤᠭ᠎ᠤᠨ ᠰᠢᠭᠤᠳ ᠬᠠᠮᠤᠭ᠎ᠤᠨ ᠪᠣᠳᠠᠲᠠᠢ ᠠᠰᠢᠭ ᠲᠤᠰᠠ ᠵᠢᠨ ᠠᠰᠠᠭᠤᠳᠠᠯ᠎ᠢ ᠠᠳᠬᠤᠵᠤ᠂ ᠠᠷᠠᠳ ᠣᠯᠠᠨ᠎ᠤ ᠪᠠᠭ᠎ᠠ ᠶᠠᠪᠤᠳᠠᠯ᠎ᠢ ᠮᠠᠨ᠎ᠤ ᠶᠡᠬᠡ ᠶᠠᠪᠤᠳᠠᠯ ᠵᠶ᠋ᠠᠨ ᠪᠣᠯᠭ᠋ᠠᠵᠤ᠂ ᠠᠷᠠᠳ ᠤᠯᠠᠨ᠎ᠤ ᠠᠩᠬᠠᠷᠴᠤ ᠪᠠᠢ᠌ᠭ᠎ᠠ ᠤᠴᠢᠷ ᠶᠠᠪᠤᠳᠠᠯ᠎ᠠᠴᠠ ᠭᠠᠷᠳᠠᠨ ᠬᠢᠵᠦ᠂ ᠠᠷᠠᠳ ᠲᠦᠮᠡᠨ᠎ᠤ ᠰᠡᠳᠬᠢᠯ ᠬᠠᠨᠤᠮᠵᠢᠲᠠᠢ ᠤᠴᠢᠷ ᠶᠠᠪᠤᠳᠠᠯ᠎ᠠᠴᠠ ᠡᠬᠢᠯᠡᠨ ᠠᠳᠬᠤᠵᠤ᠂ ᠪᠦᠬᠦ ᠲᠠᠯ᠎ᠠ ᠵᠢᠨ ᠠᠵᠢᠯ ᠣᠯᠭᠣᠯᠲᠠ ᠵᠢᠨ ᠦᠢ᠍ᠯᠡᠴᠢᠯᠡᠭᠡ ᠵᠢ ᠴᠢᠩᠭ᠋ᠠᠳᠬᠠᠵᠤ᠂ ᠬᠦᠴᠢᠷᠳᠡᠯᠲᠡᠢ ᠤᠯᠠᠨ ᠲᠦᠮᠡᠨ᠎ᠢ ᠲᠡᠳᠬᠦᠵᠤ ᠲᠤᠰᠠᠯᠠᠬᠤ ᠠᠵᠢᠯ᠎ᠢ ᠴᠢᠬᠤᠯᠠᠴᠢᠯᠠᠵᠤ᠂ ᠨᠡᠢ᠌ᠭᠡᠮ᠎ᠤᠨ ᠪᠠᠳᠤᠯᠠᠭ᠎ᠠ ᠵᠢᠨ ᠤᠯᠠᠨ ᠲᠡᠰ ᠳᠠᠪᠬᠤᠷᠭ᠎ᠠ ᠪᠦᠬᠦᠢ ᠰᠢᠰᠲᠸᠮ᠎ᠢ ᠦᠳᠳᠡᠷ ᠪᠠᠢ᠌ᠭᠤᠯᠤᠭ᠋ᠠᠳ ᠨᠡᠢ᠌ᠭᠡᠮ ᠲᠣᠭᠣᠷᠢᠭ᠎ᠤᠨ ᠵᠠᠰᠠᠯᠲᠠ ᠵᠢᠨ ᠰᠢᠰᠲᠸᠮ᠎ᠤᠨ ᠪᠠᠢ᠌ᠭᠤᠯᠤᠯᠲᠠ ᠵᠢ ᠴᠢᠩᠭ᠋ᠠᠳᠬᠠᠵᠤ  ᠤᠨᠢᠨ ᠳᠡᠭᠡᠷ᠎ᠡ᠎ᠨᠢ ᠶᠠᠳᠠᠭᠤ ᠵᠢ ᠲᠡᠳᠬᠦᠵᠦ ᠤᠨᠢᠨ ᠳᠡᠭᠡᠷ᠎ᠡ᠎ᠨᠢ ᠶᠠᠳᠠᠭᠤ᠎ᠠᠴᠠ ᠠᠩᠭᠢᠵᠢᠷᠠᠭᠤᠯᠬᠤ ᠵᠢ ᠪᠠᠷᠢᠮᠳᠠᠯᠠᠭ᠋ᠠᠳ ᠠᠷᠠᠳ᠎ᠤᠨ ᠠᠮᠢᠳᠤᠷᠠᠯ᠎ᠤᠨ  ᠪᠠᠳᠤᠯᠠᠭ᠎ᠠ ᠵᠢ ᠤᠨᠢᠨ ᠳᠡᠭᠡᠷ᠎ᠡ᠎ᠨᠢ ᠨᠠᠷᠢᠯᠢᠭᠵᠢᠭᠤᠯᠬᠤ ᠵᠢ ᠠᠬᠢᠭᠤᠯᠬᠤ ᠬᠡᠷᠡᠭᠲᠡᠢ᠃
  —  2018 ᠣᠨ᠎ᠤ 4 ᠳ᠋ᠤᠬᠡᠷ ᠰᠠᠷ᠎ᠠ ᠵᠢᠨ 24᠎ᠠᠴᠠ 28᠎ᠳᠤ ᠰᠢ ᠵᠢᠨ ᠫᠢᠩ ᠶᠡᠷᠦᠩᠬᠡᠢ ᠱᠦᠵᠢ ᠬᠤᠪᠧᠢ᠎ᠳᠤ ᠰᠢᠨᠵᠢᠯᠡᠨ ᠪᠠᠢ᠌ᠴᠠᠭ᠋ᠠᠬᠤ᠎ᠳᠤ᠎ᠪᠠᠨ ᠬᠡᠯᠡᠭᠰᠡᠨ ᠦᠭᠡ
   ᠠᠷᠠᠳ ᠲᠦᠮᠡᠨ᠎ᠤ ᠬᠦᠰᠡᠯ ᠡᠷᠡᠮᠡᠯᠵᠡᠯ ᠪᠣᠯ ᠵᠠᠰᠠᠭ᠎ᠤᠨ ᠶᠠᠪᠤᠳᠠᠯ᠎ᠤᠨ ᠬᠠᠨᠳᠤᠰᠢ ᠮᠥᠨ᠃ ᠠᠷᠠᠳ᠎ᠤᠨ ᠠᠮᠢᠳᠤᠷᠠᠯ᠎ᠤᠨ ᠪᠤᠶᠠᠨ ᠵᠢᠷᠭ᠋ᠠᠯ᠎ᠢ ᠨᠡᠮᠡᠭᠳᠡᠭᠦᠯᠬᠦ ᠪᠣᠯ ᠬᠦᠭᠵᠢᠬᠦᠯᠤᠯᠳᠡ ᠵᠢᠨ ᠦᠨᠳᠦᠰᠦᠨ ᠵᠣᠷᠢᠯᠭ᠎ᠠ᠃ ᠠᠷᠠᠳ᠎ᠤᠨ ᠠᠮᠢᠳᠤᠷᠠᠯ᠎ᠤᠨ ᠠᠵᠢᠯ᠎ᠢ ᠬᠢᠬᠦ᠎ᠳᠤ ᠡᠩ ᠲᠡᠷᠢᠭᠦᠨ᠎ᠳᠤ ᠠᠷᠠᠳ᠎ᠤᠨ ᠲᠥᠯᠥᠭᠡ ᠵᠢᠳᠬᠦᠬᠦ ᠰᠡᠳᠬᠢᠯᠭᠡ᠎ᠲᠠᠢ ᠪᠠᠢ᠌ᠬᠤ ᠬᠡᠷᠡᠭᠲᠡᠢ᠃ ᠠᠷᠠᠳ᠎ᠤᠨ ᠠᠮᠢᠳᠤᠷᠠᠯ᠎ᠤᠨ ᠠᠰᠢᠭ ᠲᠤᠰᠠ ᠵᠢ ᠢᠯᠡᠭᠦᠬᠡᠨ ᠪᠣᠳᠣᠯᠬᠢᠯᠠᠵᠤ᠂ ᠠᠷᠠᠳ᠎ᠤᠨ ᠠᠮᠢᠳᠤᠷᠠᠯ᠎ᠤᠨ ᠬᠦᠴᠢᠷ ᠵᠣᠪᠠᠭᠤᠷᠢ ᠵᠢ ᠢᠯᠡᠭᠦᠬᠡᠨ ᠰᠢᠢ᠍ᠳᠪᠤᠷᠢᠯᠡᠨ  ᠬᠦᠭᠵᠢᠬᠦᠯᠤᠯᠳᠡ ᠵᠢᠨ ᠳᠤᠮᠳᠠ ᠠᠷᠠᠳ᠎ᠤᠨ ᠠᠮᠢᠳᠤᠷᠠᠯ᠎ᠤᠨ ᠳᠤᠲᠠᠭᠤᠳᠠᠯ᠎ᠢ ᠨᠥᠬᠥᠪᠦᠷᠢᠯᠡᠵᠦ᠂ ᠨᠡᠢ᠌ᠭᠡᠮ᠎ᠤᠨ ᠲᠥᠪ ᠭᠣᠣᠯᠴᠢ ᠰᠢᠳᠤᠷᠭᠤ ᠶᠣᠰᠣ ᠵᠢ ᠠᠬᠢᠭᠤᠯᠬᠤ ᠬᠡᠷᠡᠭᠲᠡᠢ᠃ ᠠᠷᠠᠳ ᠲᠦᠮᠡᠨ ᠵᠶ᠋ᠡᠷ ᠭᠣᠣᠯ ᠪᠣᠯᠭ᠋ᠠᠬᠤ ᠬᠦᠭᠵᠢᠬᠦᠯᠤᠯᠳᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ᠂ ᠠᠷᠠᠳ ᠤᠯᠠᠨ᠎ᠤ ᠬᠠᠮᠤᠭ᠎ᠠᠴᠠ ᠠᠩᠬᠠᠷᠴᠤ ᠪᠠᠢ᠌ᠭ᠎ᠠ ᠠᠵᠢᠯ ᠣᠯᠭᠣᠯᠲᠠ᠂ ᠰᠤᠷᠭ᠋ᠠᠨ ᠬᠥᠮᠦᠵᠢᠯ᠂ ᠣᠷᠣᠯᠭ᠎ᠠ᠂ ᠨᠡᠢ᠌ᠭᠡᠮ᠎ᠤᠨ ᠪᠠᠲᠤᠯᠠᠭ᠎ᠠ᠂ ᠡᠮ ᠡᠮᠨᠡᠯᠭᠡ᠂ ᠨᠠᠰᠤᠵᠢᠯ᠎ᠤᠨ ᠠᠰᠠᠷᠠᠮᠵᠢ᠂ ᠣᠷᠣᠨ ᠰᠠᠭᠤᠴᠠ᠂ ᠣᠷᠴᠢᠨ ᠲᠣᠭᠣᠷᠢᠨ᠂ ᠢᠳᠡᠭᠡᠨ ᠤᠮᠳᠠᠭ᠋ᠠᠨ᠂ ᠡᠮ ᠲᠠᠡᠭ᠎ᠤᠨ ᠠᠶᠤᠯ ᠦᠬᠡᠢ᠂ ᠨᠡᠢ᠌ᠭᠡᠮ᠎ᠤᠨ ᠠᠮᠤᠷ ᠲᠦᠪᠰᠢᠨ ᠵᠡᠷᠭᠡ ᠠᠰᠠᠭᠤᠳᠠᠯ᠎ᠢ ᠴᠢᠩᠭ᠎ᠠ ᠠᠳᠬᠤᠵᠤ ᠠᠷᠠᠳ᠎ᠤᠨ ᠠᠮᠢᠳᠤᠷᠠᠯ᠎ᠤᠨ ᠠᠵᠢᠯ᠎ᠢ ᠯᠠᠪᠳᠠᠭᠤᠨ ᠪᠠᠲᠤᠲᠠᠢ ᠰᠠᠢ᠌ᠲᠤᠷ ᠬᠢᠬᠦ ᠬᠡᠷᠡᠭᠲᠡᠢ᠃
 — 2018 ᠣᠨ᠎ᠤ 6 ᠳ᠋ᠤᠭ᠋ᠠᠷ ᠰᠠᠷ᠎ᠠ ᠵᠢᠨ 12᠎ᠠᠴᠠ 14᠎ᠳᠤ ᠰᠢ ᠵᠢᠨ ᠫᠢᠩ ᠶᠡᠷᠦᠩᠬᠡᠢ ᠱᠦᠵᠢ ᠱᠠᠨᠳᠦ᠋ᠩ᠎ᠳᠤ ᠠᠵᠢᠯ ᠪᠠᠢ᠌ᠴᠠᠭ᠋ᠠᠬᠤ᠎ᠳᠤ᠎ᠪᠠᠨ ᠬᠡᠯᠡᠭᠰᠡᠨ ᠦᠭᠡ
   ᠭᠠᠴᠠᠭ᠋ᠠᠨ᠎ᠤ ᠳᠦᠷᠢᠮ ᠠᠷᠠᠳ᠎ᠤᠨ ᠭᠡᠷ᠎ᠡ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠵᠠᠩ ᠳᠠᠳᠬᠠᠯ᠎ᠢ ᠦᠬᠡᠷᠡᠴᠢᠯᠡᠨ ᠲᠠᠷᠢᠶᠠᠴᠢᠳ᠎ᠤᠨ ᠳᠠᠷᠤᠭ᠋ᠠᠰᠤ ᠵᠢ ᠬᠥᠩᠭᠡᠷᠡᠭᠦᠯᠬᠦ ᠬᠡᠷᠡᠭᠲᠡᠢ᠃

    — 2018 ᠣᠨ᠎ᠤ 6 ᠰᠠᠷ᠎ᠠ ᠵᠢᠨ 12᠎ᠤᠨ ᠡᠳᠦᠷ᠎ᠠᠴᠠ 14᠎ᠤ ᠡᠳᠦᠷ ᠪᠣᠯᠲᠠᠯ᠎ᠠ ᠶᠡᠷᠦᠩᠬᠡᠢ ᠱᠦᠵᠢ ᠰᠢ ᠵᠢᠨ ᠫᠢᠩ ᠱᠠᠨᠳᠦ᠋ᠩ᠎ᠳᠤ ᠠᠵᠢᠯ ᠪᠠᠢ᠌ᠴᠠᠭ᠋ᠠᠬᠤ᠎ᠳᠤ᠎ᠪᠠᠨ ᠬᠡᠯᠡᠭᠰᠡᠨ ᠦᠭᠡ
    ᠰᠢᠨ᠎ᠡ ᠰᠤᠷᠲᠠᠯ ᠲᠥᠪ ᠰᠤᠷᠲᠠᠯ᠎ᠢ ᠪᠠᠳᠠᠷᠠᠭᠤᠯᠵᠤ᠂ ᠵᠠᠩ ᠳᠠᠳᠬᠠᠯ᠎ᠢ ᠥᠭᠡᠷᠡᠴᠢᠯᠡᠬᠦ ᠵᠢ ᠠᠬᠢᠭᠤᠯᠵᠤ ᠨᠤᠲᠤᠭ᠎ᠤᠨ ᠪᠣᠯᠪᠠᠰᠤᠨ ᠰᠤᠷᠲᠠᠯ᠂ ᠠᠢ᠌ᠯ ᠭᠡᠷ᠎ᠤᠨ ᠰᠠᠢ᠌ᠬᠠᠨ ᠰᠤᠷᠲᠠᠯ᠂ ᠠᠷᠠᠳ ᠢᠷᠬᠡᠳ᠎ᠤᠨ ᠪᠣᠷᠣᠭᠵᠢᠭᠤᠨ ᠰᠤᠷᠲᠠᠯ᠎ᠢ ᠪᠤᠢ ᠪᠣᠯᠭ᠋ᠠᠵᠤ᠂ ᠬᠥᠳᠡᠭᠡ ᠲᠣᠰᠬᠣᠨ᠎ᠤ ᠪᠣᠯᠪᠠᠰᠤᠨ᠎ᠤ ᠰᠢᠨ᠎ᠡ ᠳᠦᠷᠰᠦ ᠪᠠᠢ᠌ᠳᠠᠯ᠎ᠢ ᠪᠤᠢ ᠪᠣᠯᠭ᠋ᠠᠬᠤ ᠬᠡᠷᠡᠭᠲᠡᠢ᠃
   — 2018 ᠣᠨ᠎ᠤ 8 ᠳ᠋ᠤᠭ᠋ᠠᠷ ᠰᠠᠷ᠎ᠠ ᠵᠢᠨ 21᠎ᠤ ᠡᠳᠦᠷ ᠰᠢ ᠵᠢᠨ ᠫᠢᠩ ᠶᠡᠷᠦᠩᠬᠡᠢ ᠱᠦᠵᠢ ᠵᠢᠨ ᠪᠥᠬᠥ ᠤᠯᠤᠰ᠎ᠤᠨ ᠰᠤᠷᠲᠠᠯ ᠤᠬᠠᠭᠤᠯᠭ᠎ᠠ ᠦᠵᠡᠯ ᠰᠠᠨᠠᠭ᠋ᠠᠨ᠎ᠤ ᠠᠵᠢᠯ᠎ᠤᠨ ᠬᠤᠷᠠᠯ ᠳᠡᠭᠡᠷ᠎ᠡ ᠬᠡᠯᠡᠭᠰᠡᠨ ᠦᠭᠡ
    ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ᠎ᠤ ᠨᠠᠮ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠨᠠᠮ᠎ᠤᠨ ᠡᠯ᠎ᠡ ᠲᠦᠷᠦᠯ᠎ᠤᠨ ᠡᠯ᠎ᠡ ᠱᠠᠲᠤᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠳᠤ᠎ᠬᠢ ᠤᠳᠤᠷᠢᠳᠤᠯᠭ᠎ᠠ ᠵᠢ ᠪᠦᠬᠦ ᠲᠠᠯ᠎ᠠ᠎ᠪᠠᠷ ᠴᠢᠩᠭ᠋ᠠᠳᠬᠠᠬᠤ ᠬᠡᠷᠡᠭᠲᠡᠢ᠃ ᠰᠢᠨ᠎ᠡ᠎ᠪᠠᠷ ᠮᠠᠨᠳᠤᠭᠰᠠᠨ ᠡᠵᠡᠩᠨᠡᠯᠲᠡ ᠵᠢᠨ᠎ᠬᠢᠨ ᠪᠤᠯᠤᠨ ᠢᠨᠲᠸᠷ ᠰᠦᠯᠵᠢᠶᠡᠨ᠎ᠤ᠎ᠬᠢᠨ᠎ᠤ ᠨᠠᠮ᠎ᠤᠨ ᠪᠠᠢ᠌ᠭᠤᠯᠤᠯᠲᠠ ᠵᠢᠨ ᠠᠵᠢᠯ᠎ᠢ ᠴᠢᠩᠭ᠋ᠠᠳᠬᠠᠬᠤ ᠠᠵᠢᠯ᠎ᠢ ᠰᠦᠪᠡᠭᠴᠢᠯᠡᠬᠡᠳ ᠰᠢᠨ᠎ᠡ᠎ᠪᠠᠷ ᠮᠠᠨᠳᠤᠭᠰᠠᠨ ᠬᠦᠷᠢᠶ᠎ᠡ ᠴᠠᠷᠡᠭ᠎ᠠ᠎ᠳᠤ᠎ᠬᠢ ᠨᠠᠮ᠎ᠤᠨ ᠤᠷᠢᠶᠠᠯᠠᠬᠤ ᠬᠦᠴᠦᠨ ᠪᠣᠯᠣᠨ ᠨᠢᠭᠲᠠᠷᠠᠭᠤᠯᠬᠤ ᠬᠦᠴᠦᠨ᠎ᠢ ᠥᠷᠭᠡᠳᠬᠡᠬᠦ ᠬᠡᠷᠡᠭᠲᠡᠢ᠃
    — 2018 ᠣᠨ᠎ᠤ 7 ᠳ᠋ᠤᠭ᠋ᠠᠷ ᠰᠠᠷ᠎ᠠ ᠵᠢᠨ 3᠎ᠤ ᠡᠳᠦᠷ ᠰᠢ ᠵᠢᠨ ᠫᠢᠩ ᠶᠡᠷᠦᠩᠬᠡᠢ ᠱᠦᠵᠢ ᠵᠢᠨ ᠪᠥᠬᠥ ᠤᠯᠤᠰ᠎ᠤᠨ ᠵᠣᠬᠢᠶᠠᠨ ᠪᠠᠶ᠋ᠢᠭᠤᠯᠬᠤ ᠠᠵᠢᠯ᠎ᠤᠨ ᠬᠤᠷᠠᠯ ᠳᠡᠭᠡᠷ᠎ᠡ ᠬᠡᠯᠡᠭᠰᠡᠨ ᠦᠭᠡ


 


      

 

ᠢᠷᠡᠯᠲᠡ᠄
          
ᠬᠠᠮᠢᠶ᠎ᠡ ᠪᠦᠬᠦᠢ ᠰᠣᠨᠢᠨ
ᠲᠤᠭ᠎ᠠ ᠪᠦᠷᠢᠦᠡᠭᠡᠯ᠎ᠠᠴᠠ ᠤᠢ᠍ᠭᠡᠷᠡᠴᠢᠯᠡᠯᠳᠠ ᠨᠡᠭᠡᠭᠡᠯᠳᠠ ᠬᠢᠭᠰᠡᠠ 40 ᠵᠢᠯ᠎ᠤᠨ ᠬᠦᠭᠵᠢᠯᠳᠠ ᠵᠢᠠ ᠤᠢ᠍ᠷ᠎ᠠ ᠪᠦᠳᠦᠮᠵᠢ ᠵᠢ ᠤᠢ᠍ᠵᠡᠬᠦᠢ
ᠮᠤᠩᠭᠤᠯ ᠨᠤᠳᠦᠬ᠎ᠤᠨ ᠲᠤᠷᠭ᠋ᠠᠠ ᠬᠦᠷᠦᠰᠦᠠ᠎ᠳᠤ ᠮᠤᠢ᠍ᠩᠭᠡ ᠠᠮᠢᠯᠡᠬᠤ ᠰᠤᠶᠦᠯ᠎ᠤᠨ ᠤᠪᠦᠭ᠎ᠠ
ᠥᠪᠤᠷ ᠮᠤᠡᠭᠭᠤᠯ᠎ᠤᠨ ᠥᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠥᠪᠡᠷᠳᠡᠬᠡᠨ ᠵᠠᠰᠠᠬᠤ ᠤᠷᠤᠨ᠎ᠤ ᠠᠷᠠᠤᠨ᠎ᠤᠨ ᠵᠠᠰᠠᠭ᠎ᠤᠨ ᠤᠷᠳᠤᠨ᠎ᠤ 《ᠠᠷᠠᠤᠨ ᠎ᠤᠨ ᠡᠵᠡᠡᠭᠨᠡᠯᠳᠠ ᠵᠢᠨ ᠠᠵᠤ ᠠᠬᠤᠢ ᠵᠢᠨ ᠴᠢᠨᠠᠷ ᠰᠠᠢ᠍ᠢ᠍ᠳᠠᠢ ᠬᠦᠭᠵᠢᠯᠳᠠ ᠵᠢ ᠠᠬᠢᠭᠤᠯᠬᠤ ᠲᠤᠬᠠᠢ ᠠᠷᠭ᠎ᠠ ᠬᠡᠮᠵᠢᠶ᠎ᠠ᠎ᠨᠦᠭᠦᠳ》᠎ᠢ ᠲᠠᠷᠤᠮᠠᠯᠯᠠᠨ ᠲᠠᠷᠬᠠᠭ᠋ᠠᠬᠤ ᠮᠡᠳᠡᠭᠳᠡᠯ
ᠶᠡᠳᠡᠭᠤ ᠵᠢ ᠤᠨᠤᠴᠠᠳᠠᠢ ᠲᠡᠦᠡᠬᠦᠵᠦ ᠶᠡᠳᠡᠭᠤᠷᠠᠯ᠎ᠠᠴᠠ ᠠᠩᠬᠢᠵᠢᠷᠡᠭᠤᠯᠬᠤ ᠰᠢᠪᠳᠤᠯᠤᠯᠳᠠ ᠵᠢᠡ ᠠᠵᠢᠯ᠎ᠢ ᠰᠡᠢ᠍ᠢ᠍ᠳᠦᠷ ᠬᠢᠰᠤᠬᠡᠢ
ᠭᠤᠷᠦᠨᠡᠢ ᠵᠢᠠ ᠭᠤᠦᠯ᠎ᠤᠨ ᠵᠡᠷᠢᠮ ᠭᠠᠵᠡᠷ᠎ᠤᠨ ᠨᠡᠷᠡᠰ᠎ᠤᠨ ᠬᠠᠭᠤᠴᠢ ᠶᠡᠷᠢᠶ᠎ᠠ
 
            