ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠶᠠᠮᠤᠨ᠎ᠤ ᠨᠡᠢ᠌ᠭᠡᠮ᠎ᠤᠨ ᠬᠡᠷᠡᠭ ᠶᠠᠪᠤᠳᠠᠯ᠎ᠤᠨ ᠵᠤᠷᠭ᠋ᠠᠨ᠎ᠤ ᠳᠠᠷᠤᠭ᠎ᠠ ᠸᠠᠩ ᠵᠢᠨ ᠬᠤᠸᠠ ᠬᠥᠬᠡᠬᠣᠲᠠ ᠵᠢᠨ ᠲᠤᠰᠠᠯᠠᠮᠵᠢ ᠵᠢᠨ ᠥᠷᠲᠡᠭᠡ᠎ᠳᠤ ᠪᠠᠢ᠌ᠴᠠᠭ᠋ᠠᠨ ᠰᠤᠳᠤᠯᠵᠤ ᠲᠣᠬᠣᠨᠢᠭᠤᠯᠪᠠ
ᠨᠡᠶᠢᠲᠡᠯᠡᠭᠰᠡᠨ ᠴᠠᠭ᠄ 2023-01-29

     2023 ᠣᠨ᠎ᠤ 1 ᠰᠠᠷ᠎ᠠ ᠵᠢᠨ 24᠎ᠤ ᠡᠳᠦᠷ᠂ ᠪᠢᠯᠢᠭ᠎ᠤᠨ ᠤᠯᠠᠷᠢᠯ᠎ᠤᠨ ᠴᠠᠭ᠋ᠠᠨ ᠰᠠᠷ᠎ᠠ ᠵᠢᠨ ᠰᠢᠨ᠎ᠡ ᠵᠢᠨ ᠭᠤᠷᠪᠠᠨ᠎ᠳᠤ᠂ ᠠᠷᠠᠳ᠎ᠤᠨ ᠶᠠᠪᠤᠳᠠᠯ᠎ᠤᠨ ᠶᠠᠮᠤᠨ᠎ᠤ ᠨᠡᠢ᠌ᠭᠡᠮ᠎ᠤᠨ ᠬᠡᠷᠡᠭ ᠶᠠᠪᠤᠳᠠᠯ᠎ᠤᠨ ᠵᠤᠷᠭ᠋ᠠᠨ᠎ᠤ ᠳᠠᠷᠤᠭ᠎ᠠ ᠸᠠᠩ ᠵᠢᠨ ᠬᠤᠸᠠ ᠬᠥᠬᠡᠬᠣᠲᠠ ᠵᠢᠨ ᠲᠤᠰᠠᠯᠠᠮᠵᠢ ᠵᠢᠨ ᠥᠷᠲᠡᠭᠡ᠎ᠳᠤ ᠬᠦᠷᠴᠦ ᠪᠠᠢ᠌ᠴᠠᠭ᠋ᠠᠨ ᠰᠤᠳᠤᠯᠵᠤ᠂ ᠲᠤᠰᠠᠯᠠᠮᠵᠢ ᠬᠦᠷᠲᠡᠭᠰᠡᠳ ᠪᠠ ᠠᠵᠢᠯ᠎ᠤᠨ ᠪᠠᠢ᠌ᠷᠢ᠎ᠳᠤ ᠵᠢᠵᠢᠭᠦᠷᠯᠡᠨ ᠰᠠᠬᠢᠵᠤ ᠪᠠᠢ᠌ᠭ᠎ᠠ ᠠᠵᠢᠯᠲᠠᠳ᠎ᠢ ᠲᠣᠬᠣᠨᠢᠭᠤᠯᠬᠤ ᠵᠢᠨ ᠬᠠᠮᠲᠤ ᠲᠤᠰᠠᠯᠠᠮᠵᠢ ᠵᠢᠨ ᠥᠷᠲᠡᠭᠡ ᠵᠢᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ᠂ ᠥᠷᠲᠡᠭᠡᠨ᠎ᠳᠤ᠎ᠬᠢ ᠬᠠᠮᠢᠶᠠᠷᠤᠯᠲᠠ᠂ ᠭᠠᠯ ᠤᠨᠲᠠᠷᠠᠭ᠋ᠠᠬᠤ ᠵᠡᠷᠭᠡ ᠠᠵᠢᠯ᠎ᠳᠤ ᠱᠠᠭ᠋ᠠᠷᠳᠠᠯᠭ᠎ᠠ ᠳᠤᠷᠠᠳᠪᠠ᠃

W020230128359015110925.jpg

     ᠵᠤᠷᠭ᠋ᠠᠨ᠎ᠤ ᠳᠠᠷᠤᠭ᠎ᠠ ᠸᠠᠩ ᠵᠢᠨ ᠬᠤᠸᠠ ᠬᠥᠬᠡᠬᠣᠲᠠ ᠵᠢᠨ ᠲᠤᠰᠠᠯᠠᠮᠵᠢ ᠵᠢᠨ ᠥᠷᠲᠡᠭᠡᠨ᠎ᠤ ᠳᠠᠷᠤᠭ᠎ᠠ ᠵᠠᠩ ᠮᠢᠩ ᠯᠢ ᠨᠥᠬᠥᠷ᠎ᠤᠨ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ᠎ᠬᠢ ᠲᠤᠰᠠᠯᠠᠮᠵᠢ ᠵᠢᠨ ᠠᠵᠢᠯ ᠦᠷᠨᠢᠬᠦᠯᠵᠤ ᠪᠠᠢ᠌ᠭ᠎ᠠ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠤᠭᠰᠠᠨ ᠪᠥᠭᠡᠳ ᠲᠤᠰᠠᠯᠠᠮᠵᠢ ᠵᠢᠨ ᠲᠠᠩᠰᠠ ᠡᠪᠬᠡᠮᠡᠯ᠎ᠢ ᠰᠤᠭᠤᠴᠢᠨ ᠪᠠᠢ᠌ᠴᠠᠭ᠋ᠠᠵᠤ᠂  ᠲᠤᠰᠠᠯᠠᠮᠵᠢ ᠵᠢᠨ ᠪᠠᠢ᠌ᠳᠠᠯ᠎ᠢ ᠸᠢᠳᠢᠤ᠋ ᠵᠢ ᠦᠵᠡᠵᠦ᠂  ᠲᠤᠰᠠᠯᠠᠮᠵᠢ ᠵᠢᠨ ᠥᠷᠲᠡᠭᠡᠨ᠎ᠤ ᠠᠵᠢᠯᠯᠠᠭ᠋ᠠᠨ᠎ᠤ ᠪᠠᠢ᠌ᠳᠠᠯ᠎ᠢ ᠨᠠᠷᠢᠨ ᠨᠢᠮᠪᠠᠢ ᠤᠢ᠌ᠯᠠᠭ᠋ᠠᠬᠰᠠᠨ ᠪᠠᠢ᠌ᠨ᠎ᠠ᠃
ᠲᠤᠰᠠᠯᠠᠮᠵᠢ ᠬᠦᠷᠳᠡᠬᠦ ᠲᠣᠭᠣᠷᠢᠭ᠎ᠤᠨ ᠬᠣᠭᠣᠯᠠᠨ ᠭᠡᠷ᠎ᠲᠤ ᠵᠤᠷᠭ᠋ᠠᠨ᠎ᠤ ᠳᠠᠷᠤᠭ᠎ᠠ ᠸᠠᠩ ᠵᠢᠨ ᠬᠤᠸᠠ ᠨᠠᠷ ᠲᠤᠰᠠᠯᠠᠮᠵᠢ  ᠬᠦᠷᠳᠡᠭᠴᠢᠳ᠎ᠲᠠᠢ ᠳᠣᠲᠣᠨᠣ᠎ᠪᠠᠷ ᠶᠠᠷᠢᠯᠴᠠᠵᠤ᠂ ᠳᠡᠳᠡᠨ᠎ᠳᠤ ᠵᠢᠮᠢᠰ ᠬᠦᠷᠭᠡᠭᠰᠡᠨ᠎ᠤ ᠬᠠᠮᠳᠤ ᠴᠠᠭ᠋ᠠᠨ ᠰᠠᠷ᠎ᠠ ᠵᠢᠨ ᠰᠠᠢ᠌ᠨ ᠰᠠᠢ᠌ᠬᠠᠨ ᠵᠥᠩᠨᠡᠯ ᠳᠡᠪᠰᠢᠭᠦᠯᠵᠡᠢ᠃

W020230128359015120942.jpg

     ᠵᠤᠷᠭ᠋ᠠᠨ᠎ᠤ ᠳᠠᠷᠤᠭ᠎ᠠ ᠸᠠᠩ ᠵᠢᠨ ᠬᠤᠸᠠ ᠨᠠᠷ ᠴᠠᠭ᠋ᠠᠨ ᠰᠠᠷ᠎ᠠ ᠵᠢᠨ ᠠᠮᠠᠷᠠᠯᠲᠠ ᠵᠢᠨ ᠬᠤᠭᠤᠴᠠᠭ᠋ᠠᠨ᠎ᠳᠤ ᠲᠤᠰᠠᠯᠠᠮᠵᠢ ᠵᠢᠨ ᠥᠷᠲᠡᠭᠡᠨ᠎ᠳᠤ ᠵᠢᠵᠢᠭᠦᠷᠯᠡᠵᠦ ᠪᠠᠢ᠌ᠭ᠎ᠠ ᠠᠵᠢᠯᠲᠠᠳ᠎ᠢ ᠲᠣᠬᠣᠨᠢᠭᠤᠯᠵᠤ᠂ ᠲᠡᠳᠡᠨ᠎ᠳᠤ ᠴᠠᠭ᠋ᠠᠨ ᠰᠠᠷ᠎ᠠ ᠵᠢᠨ ᠢᠷᠦᠭᠡᠯ ᠪᠡᠯᠬᠡᠳᠡᠯ ᠳᠡᠪᠰᠢᠭᠦᠯᠬᠦ ᠵᠢᠨ ᠬᠠᠮᠲᠤ ᠵᠢᠵᠢᠭᠦᠷᠯᠡᠨ ᠰᠠᠬᠢᠬᠤ᠎ᠪᠠᠨ ᠴᠢᠩᠭ᠋ᠠᠳᠬᠠᠵᠤ᠂ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ ᠠᠮᠢᠳᠤᠷᠠᠯ᠎ᠳᠤ᠎ᠪᠠᠨ ᠵᠥᠪ ᠦᠭᠡᠢ ᠲᠡᠨᠦᠭᠦᠴᠢᠯᠡᠨ ᠭᠤᠢ᠌ᠷᠠᠨᠴᠢᠯᠠᠭᠴᠢᠳ᠎ᠤᠨ ᠡᠯ᠎ᠡ ᠵᠦᠢ᠍ᠯ᠎ᠤᠨ ᠦᠢ᠍ᠯᠡᠴᠢᠯᠡᠭᠡ ᠪᠠᠲᠤᠯᠠᠭ᠎ᠠ ᠵᠢᠨ ᠠᠵᠢᠯ᠎ᠢ ᠯᠠᠪᠳᠠᠭᠤᠨ ᠪᠠᠲᠤᠲᠠᠢ ᠰᠠᠢ᠌ᠲᠤᠷ ᠬᠢᠬᠦ ᠬᠡᠷᠡᠭᠲᠡᠢ ᠭᠡᠵᠦ ᠵᠠᠬᠢᠭᠰᠠᠨ ᠪᠠᠢ᠌ᠨ᠎ᠠ᠃

W020230128359015130282.jpg

     ᠵᠤᠷᠭ᠋ᠠᠨ᠎ᠤ ᠳᠠᠷᠤᠭ᠎ᠠ ᠸᠠᠩ ᠵᠢᠨ ᠬᠤᠸᠠ ᠨᠠᠷ ᠬᠥᠬᠡᠬᠣᠲᠠ ᠵᠢᠨ ᠲᠤᠰᠠᠯᠠᠮᠵᠢ ᠵᠢᠨ ᠥᠷᠲᠡᠭᠡ ᠵᠢᠨ᠎ᠬᠢᠨ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ ᠠᠮᠢᠳᠤᠷᠠᠯ᠎ᠳᠤ᠎ᠪᠠᠨ ᠵᠦᠪ ᠦᠭᠡᠢ ᠲᠡᠨᠦᠭᠦᠴᠢᠯᠡᠨ ᠭᠤᠢ᠌ᠷᠠᠨᠴᠢᠯᠠᠭᠴᠢᠳ ᠪᠣᠯᠣᠨ ᠲᠦᠷ ᠴᠠᠭ ᠬᠦᠴᠢᠷᠳᠡᠯ᠎ᠳᠤ ᠲᠤᠯᠭ᠋ᠠᠷᠠᠭᠰᠠᠨ ᠬᠥᠮᠥᠰ᠎ᠢ ᠲᠤᠰᠠᠯᠠᠬᠤ ᠠᠵᠢᠯ᠂ ᠥᠷᠲᠡᠭᠡᠨ᠎ᠤ ᠳᠣᠲᠣᠷᠠᠬᠢ ᠬᠠᠷᠠᠭ᠋ᠠᠯᠵᠠᠬᠤ ᠠᠵᠢᠯ᠎ᠢ ᠲᠠᠰᠤᠷᠠᠯᠲᠠ ᠦᠭᠡᠢ ᠦᠷᠨᠢᠬᠦᠯᠵᠤ ᠪᠠᠢ᠌ᠭ᠎ᠠ ᠵᠢ ᠭᠦᠢ᠍ᠴᠡᠳ ᠨᠤᠳᠠᠯᠠᠬᠰᠠᠨ᠎ᠤ ᠬᠠᠮᠳᠤ ᠬᠥᠬᠡᠬᠣᠲᠠ ᠵᠢᠨ  ᠲᠤᠰᠠᠯᠠᠮᠵᠢ ᠵᠢᠨ ᠥᠷᠲᠡᠭᠡ ᠵᠢᠨ᠎ᠬᠢᠨ ᠠᠶᠤᠯᠭᠦᠢ ᠦᠢ᠍ᠯᠡᠳᠪᠦᠷᠢᠯᠡᠯ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ᠂ ᠥᠷᠲᠡᠭᠡᠨ᠎ᠳᠤ᠎ᠬᠢ ᠬᠠᠮᠢᠶᠠᠷᠤᠯᠲᠠ ᠵᠡᠷᠭᠡ ᠡᠯ᠎ᠡ ᠵᠦᠢ᠍ᠯ᠎ᠤᠨ ᠠᠵᠢᠯ᠎ᠢ ᠰᠠᠢ᠌ᠲᠤᠷ ᠠᠳᠬᠤᠵᠤ᠂ ᠪᠥᠬᠥ ᠥᠷᠲᠡᠭᠡᠨ᠎ᠤ ᠲᠤᠰᠠᠯᠠᠮᠵᠢ ᠬᠦᠷᠲᠡᠭᠰᠡᠳ᠎ᠤᠨ ᠥᠯᠵᠡᠢ ᠪᠡᠯᠬᠡᠳᠤ ᠴᠠᠭ᠋ᠠᠨ ᠰᠠᠷ᠎ᠠ᠎ᠪᠠᠨ ᠪᠠᠶᠠᠷ ᠬᠦᠷ᠎ᠲᠠᠢ᠂ ᠬᠠᠯᠠᠭᠤᠨ ᠲᠤᠯᠠᠭ᠋ᠠᠨ ᠥᠩᠭᠡᠷᠡᠭᠦᠯᠬᠦ ᠵᠢ ᠪᠥᠬᠥ ᠬᠦᠴᠦᠨ ᠵᠶ᠋ᠡᠷ ᠵᠶ᠋ᠡᠨ ᠪᠠᠲᠤᠯᠠᠬᠤ ᠬᠡᠷᠡᠭᠲᠡᠢ ᠭᠡᠵᠦ ᠱᠠᠭ᠋ᠠᠷᠳᠠᠪᠠ᠃



 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 2023 ᠣᠨ᠎ᠤ ᠪᠥᠬᠥ ᠣᠷᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ᠎ᠤᠨ ᠭᠣᠣᠯᠳᠠᠯᠭ᠎ᠠ ᠵᠢᠨ ᠲᠤᠬᠠᠢ ᠪᠤᠯᠪᠠᠰᠤᠷᠠᠯ ᠡᠷᠬᠢᠯᠡᠪᠡ
ᠵᠢᠷᠭ᠋ᠠᠯᠳᠤ ᠴᠠᠭ᠋ᠠᠨ ᠰᠠᠷ᠎ᠠ᠎ᠪᠠᠷ ᠰᠠᠢ᠌ᠨ ᠲᠤᠷ᠎ᠠ ᠵᠢᠨ ᠦᠢ᠍ᠯᠡᠴᠢᠯᠡᠬᠡ ᠲᠦᠮᠡᠨ᠎ᠤ ᠰᠡᠳᠬᠢᠯ᠎ᠢ ᠲᠤᠯᠠᠭ᠋ᠠᠴᠠᠭᠤᠯᠵᠤ ᠪᠠᠢ᠌ᠨ᠎ᠠ
ᠪᠠᠶᠠᠨᠨᠠᠭᠤᠷ ᠬᠣᠲᠠ ᠵᠢᠨ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠬᠣᠲᠠ ᠵᠢᠨ ᠲᠡᠳ᠋ ᠳᠠᠷᠤᠭ᠎ᠠ ᠯᠢ ᠹᠧᠩ ᠪᠥᠸᠧ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠳᠤ ᠬᠦᠷᠴᠦ ᠠᠵᠢᠯ ᠵᠤᠯᠭ᠋ᠠᠭᠤᠯᠪᠠ
ᠨᠡᠢ᠌ᠭᠡᠮ᠎ᠤᠨ ᠲᠤᠰᠠᠯᠠᠮᠵᠢ ᠵᠢᠨ ᠭᠠᠵᠠᠷ᠎ᠤᠨ ᠨᠠᠮ᠎ᠤᠨ ᠡᠭᠦᠷ᠎ᠤᠨ᠎ᠬᠢᠨ 2023 ᠣᠨ᠎ᠤ ᠭᠤᠷᠪᠠᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠪᠠ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ᠎ᠤᠨ ᠲᠤᠰᠬᠠᠢ ᠰᠡᠳᠦᠪᠲᠦ ᠰᠤᠷᠤᠯᠴᠠᠯᠭ᠎ᠠ ᠡᠷᠬᠢᠯᠡᠪᠡ
 
            