ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠡᠷᠡᠭᠦᠯᠵᠢᠯ᠎ᠳᠤ ᠲᠤᠰᠠᠯᠠᠬᠤ ᠪᠠᠭ᠋ᠠᠵᠢ ᠵᠢᠨ ᠲᠥᠪ᠎ᠤᠨ ᠨᠠᠮ᠎ᠤᠨ ᠡᠭᠦᠷ᠎ᠤᠨ᠎ᠬᠢᠨ 2022 ᠣᠨ᠎ᠤ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ᠎ᠢ ᠬᠤᠷᠠᠯᠳᠤᠭᠤᠯᠵᠤ ᠨᠠᠮ᠎ᠤᠨ ᠭᠡᠰᠢᠭᠦᠨ᠎ᠢ ᠠᠷᠠᠳᠴᠢᠯᠠᠯ ᠵᠶ᠋ᠠᠷ ᠦᠨᠡᠯᠡᠬᠦ ᠠᠵᠢᠯ᠎ᠢ ᠥᠷᠨᠢᠭᠦᠯᠪᠡ
ᠨᠡᠶᠢᠲᠡᠯᠡᠭᠰᠡᠨ ᠴᠠᠭ᠄ 2023-03-02

    2 ᠰᠠᠷ᠎ᠠ ᠵᠢᠨ 28᠎ᠤ ᠡᠳᠦᠷ᠂ ᠡᠷᠡᠭᠦᠯᠵᠢᠯ᠎ᠳᠤ ᠲᠤᠰᠠᠯᠠᠬᠤ ᠪᠠᠭ᠋ᠠᠵᠢ ᠵᠢᠨ ᠲᠥᠪ᠎ᠤᠨ᠎ᠬᠢᠨ 2022 ᠣᠨ᠎ᠤ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ ᠪᠤᠯᠤᠨ ᠨᠠᠮ᠎ᠤᠨ ᠭᠡᠰᠢᠭᠦᠨ᠎ᠢ ᠠᠷᠠᠳᠴᠢᠯᠠᠯ ᠵᠶ᠋ᠠᠷ ᠦᠨᠡᠯᠡᠬᠦ ᠬᠤᠷᠠᠯ᠎ᠢ ᠬᠤᠷᠠᠯᠳᠤᠭᠤᠯᠪᠠ᠃ ᠬᠤᠷᠠᠯ᠎ᠢ ᠨᠠᠮ᠎ᠤᠨ ᠡᠭᠦᠷ᠎ᠤᠨ ᠳᠡᠳ᠋ ᠱᠦᠵᠢ ᠬᠠᠢ ᠹᠧᠩ ᠨᠥᠬᠥᠷ ᠡᠷᠭᠢᠯᠡᠵᠦ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠳᠡᠳ᠋ ᠳᠠᠷᠤᠭ᠎ᠠ ᠵᠧᠦ ᠵᠢᠶᠦ᠋ᠨ ᠫᠢᠩ ᠨᠥᠬᠥᠷ᠂ ᠠᠷᠠᠳ᠎ᠤᠨ ᠶᠠᠪᠤᠳᠠᠯ᠎ᠤᠨ ᠲᠢᠩᠬᠢᠮ᠎ᠤᠨ ᠪᠠᠢ᠌ᠭᠤᠯᠭ᠎ᠠ ᠵᠢᠨ ᠨᠠᠮ᠎ᠤᠨ ᠬᠣᠷᠢᠶ᠎ᠠ (ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ) ᠵᠢᠨ ᠭᠡᠰᠢᠭᠦᠨ ᠬᠠᠨ ᠮᠢᠩ ᠨᠥᠬᠥᠷ ᠰᠤᠯᠠ ᠣᠷᠣᠯᠴᠠᠭᠰᠠᠨ ᠪᠥᠭᠡᠳ ᠬᠤᠷᠠᠯ᠎ᠢ ᠵᠢᠭ᠋ᠠᠨ ᠵᠢᠯᠣᠭᠣᠳᠪᠠ᠃

         W020230228689220726465.jpg


     ᠬᠤᠷᠠᠯ᠎ᠠᠴᠠ ᠡᠮᠦᠨ᠎ᠡ ᠡᠷᠡᠭᠦᠯᠵᠢᠯ᠎ᠳᠤ ᠲᠤᠰᠠᠯᠠᠬᠤ ᠪᠠᠭ᠋ᠠᠵᠢ ᠵᠢᠨ ᠲᠥᠪ᠎ᠤᠨ ᠨᠠᠮ᠎ᠤᠨ ᠡᠭᠦᠷ᠎ᠤᠨ᠎ᠬᠢᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠪᠣᠯᠣᠨ ᠨᠠᠮ᠎ᠤᠨ ᠳᠦᠷᠢᠮ᠎ᠤᠨ ᠲᠤᠰᠬᠠᠢ ᠰᠡᠳᠦᠪᠲᠦ ᠰᠤᠷᠤᠯᠴᠠᠯᠭ᠎ᠠ᠂ ᠰᠤᠳᠤᠯᠤᠨ ᠶᠠᠷᠢᠯᠴᠠᠭ᠎ᠠ ᠰᠣᠯᠢᠯᠴᠠᠭ᠎ᠠ ᠵᠢ ᠨᠠᠷᠢᠨ ᠨᠢᠮᠪᠠᠢ ᠵᠣᠬᠢᠶᠠᠨ ᠪᠠᠢ᠌ᠭᠤᠯᠵᠤ᠂ ᠪᠦᠬᠦ ᠨᠠᠮ᠎ᠤᠨ ᠭᠡᠰᠢᠭᠦᠳ᠎ᠢ ᠵᠣᠬᠢᠶᠠᠨ ᠪᠠᠢ᠌ᠭᠤᠯᠵᠤ ᠪᠠᠢ᠌ᠭ᠋ᠠᠳ 《ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠪᠢᠴᠢᠭ ᠮᠠᠲ᠋ᠧᠷᠢᠶᠠᠯ᠎ᠤᠨ ᠡᠮᠬᠢᠳᠬᠡᠯ》 《ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠤᠨ ᠰᠤᠷᠤᠯᠴᠠᠯᠭ᠎ᠠ ᠵᠢ ᠬᠠᠪᠰᠤᠷᠤᠨ ᠵᠢᠯᠤᠭᠣᠳᠬᠤ ᠵᠠᠭᠤᠨ ᠠᠰᠠᠭᠤᠯᠲᠠ》 《ᠬᠣᠷᠢᠳᠤᠭ᠋ᠠᠷ ᠶᠡᠬᠡ ᠬᠤᠷᠠᠯ᠎ᠤᠨ ᠨᠠᠮ᠎ᠤᠨ ᠳᠦᠷᠢᠮ᠎ᠳᠤ ᠵᠠᠰᠠᠪᠤᠷᠢ ᠣᠷᠣᠭᠤᠯᠤᠭᠰᠠᠨ ᠲᠥᠰᠥᠯ᠎ᠤᠨ ᠰᠤᠷᠤᠯᠴᠠᠯᠭ᠎ᠠ ᠵᠢᠨ ᠠᠰᠠᠭᠤᠯᠲᠠ ᠬᠠᠷᠢᠭᠤᠯᠲᠠ》 ᠵᠢ ᠥᠪᠡᠷ ᠵᠶ᠋ᠡᠨ  ᠰᠤᠷᠤᠯᠴᠠᠵᠠᠭ᠋ᠠᠪᠠ᠃ 《ᠡᠷᠡᠭᠦᠯᠵᠢᠯ᠎ᠳᠤ ᠲᠤᠰᠠᠯᠠᠬᠤ ᠪᠠᠭ᠋ᠠᠵᠢ ᠵᠢᠨ ᠲᠥᠪ᠎ᠤᠨ᠎ᠬᠢᠨ᠎ᠤ 2022 ᠣᠨ᠎ᠤ ᠲᠤᠰᠬᠠᠢ ᠰᠡᠳᠦᠪᠲᠦ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ ᠪᠠ ᠨᠠᠮ᠎ᠤᠨ ᠭᠡᠰᠢᠭᠦᠨ᠎ᠢ ᠠᠷᠠᠳᠴᠢᠯᠠᠯ ᠵᠶ᠋ᠠᠷ ᠦᠨᠡᠯᠡᠬᠦ ᠲᠥᠰᠥᠯ》᠎ᠢ ᠭᠦᠨᠵᠡᠭᠡᠢ ᠨᠠᠷᠢᠯᠢᠭ ᠰᠤᠳᠤᠯᠤᠨ ᠲᠣᠭᠲᠠᠭ᠋ᠠᠵᠤ᠂ 《ᠭᠤᠷᠪᠠᠨ ᠵᠠᠪᠠᠯ ᠶᠠᠷᠢᠯᠴᠠᠬᠤ》 ᠱᠠᠭ᠋ᠠᠷᠳᠠᠯᠭ᠎ᠠ ᠶᠣᠰᠣᠭ᠋ᠠᠷ ᠲᠥᠪᠯᠡᠷᠡᠭᠦᠯᠦᠨ ᠶᠠᠷᠢᠯᠴᠠᠬᠤ ᠬᠤᠷᠠᠯ ᠬᠢᠬᠦ᠂ ᠤᠲᠠᠰᠤ᠎ᠪᠠᠷ ᠶᠠᠷᠢᠯᠴᠠᠬᠤ ᠪᠠ ᠨᠢᠬᠡ᠎ᠨᠢ ᠨᠢᠬᠡ᠎ᠲᠠᠢ ᠠᠭᠤᠯᠵᠠᠨ ᠰᠡᠳᠬᠢᠯ᠎ᠤᠨ ᠦᠭᠡ᠎ᠪᠠᠨ ᠶᠠᠷᠢᠯᠴᠠᠬᠤ ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ ᠨᠠᠮ᠎ᠤᠨ ᠡᠭᠦᠷ᠎ᠤᠨ ᠭᠡᠰᠢᠭᠦᠳ᠎ᠤᠨ ᠬᠤᠷᠠᠯ᠎ᠨᠢ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ᠎ᠤᠨ ᠭᠣᠣᠯ ᠰᠡᠳᠦᠪ ᠪᠠ ᠬᠤᠷᠢᠶᠠᠵᠤ ᠣᠯᠣᠭᠰᠠᠨ ᠰᠠᠨᠠᠯ ᠰᠠᠨᠠᠭᠤᠯᠭ᠎ᠠ ᠵᠢᠨ ᠲᠣᠭᠣᠷᠢᠨ᠎ᠳᠤ 《ᠡᠷᠡᠭᠦᠯᠵᠢᠯ᠎ᠳᠤ ᠲᠤᠰᠠᠯᠠᠬᠤ ᠪᠠᠭ᠋ᠠᠵᠢ ᠵᠢᠨ ᠲᠥᠪ᠎ᠤᠨ ᠨᠠᠮ᠎ᠤᠨ ᠡᠭᠦᠷ᠎ᠤᠨ᠎ᠤᠨ᠎ᠬᠢᠨ᠎ᠤ 2022 ᠣᠨ᠎ᠤ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ᠎ᠤᠨ ᠪᠠᠭ᠎ᠤᠨ ᠬᠠᠷᠢᠴᠠᠭᠤᠯᠤᠭᠰᠠᠨ ᠪᠠᠢ᠌ᠴᠠᠭ᠋ᠠᠯᠲᠠ ᠵᠢᠨ ᠮᠠᠲᠸᠷᠢᠶᠠᠯ》 ᠎ᠢ ᠲᠤᠭᠤᠷᠪᠢᠵᠤ᠂ ᠪᠦᠬᠦ ᠨᠠᠮ᠎ᠤᠨ ᠭᠡᠰᠢᠭᠦᠳ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ᠎ᠤᠨ ᠭᠣᠣᠯ ᠰᠡᠳᠦᠪ᠎ᠲᠠᠢ ᠨᠢᠭᠲᠠ ᠤᠶᠠᠯᠳᠤᠭᠤᠯᠤᠨ᠂ ᠠᠰᠠᠭᠤᠳᠠᠯ᠎ᠢ ᠪᠦᠬᠦ ᠲᠠᠯ᠎ᠠ᠎ᠪᠠᠷ ᠪᠠᠢ᠌ᠴᠠᠭ᠋ᠠᠨ ᠳᠡᠯᠭᠡᠵᠦ᠂ ᠦᠨᠳᠦᠰᠦ ᠰᠤᠷᠪᠤᠯᠵᠢ ᠵᠢ ᠭᠦᠨᠵᠡᠭᠡᠢ ᠵᠠᠳᠠᠯᠵᠤ᠂ ᠬᠤᠪᠢ ᠬᠥᠮᠥᠨ᠎ᠤ ᠬᠠᠷᠢᠴᠠᠭᠤᠯᠤᠭᠰᠠᠨ ᠪᠠᠢ᠌ᠴᠠᠭ᠋ᠠᠯᠲᠠ ᠵᠢᠨ ᠮᠠᠲᠸᠷᠢᠶᠠᠯ᠎ᠢ ᠨᠠᠷᠢᠨ ᠬᠢᠨᠠᠮᠠᠭ᠋ᠠᠢ ᠲᠤᠭᠤᠷᠪᠢᠵᠤ᠂ ᠴᠡᠭᠴᠡᠯᠡᠨ ᠵᠠᠰᠠᠬᠤ ᠡᠬᠡ ᠳᠠᠩᠰᠠ ᠵᠢ ᠲᠣᠭᠲᠠᠭ᠋ᠠᠪᠠ᠃

W020230228689220746408.jpg


     ᠬᠤᠷᠠᠯ ᠳᠡᠭᠡᠷ᠎ᠡ ᠡᠷᠡᠭᠦᠯᠵᠢᠯ᠎ᠳᠤ ᠲᠤᠰᠠᠯᠠᠬᠤ ᠪᠠᠭ᠋ᠠᠵᠢ ᠵᠢᠨ ᠲᠦᠪ᠎ᠤᠨ ᠨᠠᠮ᠎ᠤᠨ ᠡᠬᠦᠷ᠎ᠤᠨ ᠳᠡᠳ᠋ ᠱᠦᠵᠢ ᠨᠠᠮ᠎ᠤᠨ ᠡᠭᠦᠷ᠎ᠤᠨ ᠭᠡᠰᠢᠭᠦᠳ᠎ᠤᠨ ᠬᠤᠷᠠᠯ᠎ᠢ ᠲᠥᠯᠥᠭᠡᠯᠡᠨ ᠪᠦᠬᠦ ᠨᠠᠮ᠎ᠤᠨ ᠭᠡᠰᠢᠭᠦᠳ᠎ᠲᠤ 2022 ᠣᠨ᠎ᠤ ᠭᠣᠣᠯ ᠨᠠᠮ᠎ᠤᠨ ᠡᠭᠦᠷ᠎ᠤᠨ ᠨᠠᠮ᠎ᠤᠨ ᠪᠠᠢ᠌ᠭᠤᠯᠤᠯᠲᠠ ᠵᠢᠨ ᠠᠵᠢᠯ᠂ ᠨᠠᠮ᠎ᠤᠨ ᠰᠤᠷᠲᠠᠯ᠎ᠤᠨ ᠪᠠ ᠠᠷᠢᠭᠤᠨ ᠴᠢᠭᠴᠢ᠎ᠪᠠᠷ ᠵᠠᠰᠠᠭ ᠪᠠᠷᠢᠬᠤ ᠪᠠᠢ᠌ᠭᠤᠯᠤᠯᠲᠠ ᠵᠢᠨ ᠠᠵᠢᠯ᠂ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠳ᠋ᠦᠩᠨᠡᠯᠲᠡ ᠪᠠ ᠨᠠᠮ᠎ᠤᠨ ᠡᠭᠦᠷ᠎ᠤᠨ ᠭᠡᠰᠢᠭᠦᠳ᠎ᠤᠨ ᠬᠤᠷᠠᠯ᠎ᠤᠨ ᠬᠠᠷᠢᠴᠠᠭᠤᠯᠤᠭᠰᠠᠨ ᠪᠠᠢ᠌ᠴᠠᠭ᠋ᠠᠯᠲᠠ ᠬᠢᠪᠡ᠃ ᠡᠯ᠎ᠡ ᠨᠠᠮ᠎ᠤᠨ ᠡᠭᠦᠷ᠎ᠤᠨ ᠭᠡᠰᠢᠭᠦᠳ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ᠎ᠤᠨ ᠭᠣᠣᠯ ᠰᠡᠳᠦᠪ᠎ᠤᠨ ᠲᠣᠭᠣᠷᠢᠨ᠎ᠳᠤ ᠰᠢᠭᠦᠮᠵᠢᠯᠡᠯ ᠪᠠ ᠥᠪᠡᠷ᠎ᠤᠨ ᠰᠢᠭᠦᠮᠵᠢᠯᠡᠯ ᠥᠷᠨᠢᠭᠦᠯᠵᠦ᠂ ᠳᠤᠲᠠᠭᠳᠠᠯ ᠪᠠ ᠳᠤᠲᠠᠭᠤᠳᠠᠯ᠎ᠳᠤ᠎ᠪᠠᠨ ᠰᠢᠭᠤᠳ ᠬᠠᠨᠳᠤᠵᠤ᠂ ᠳᠠᠷᠤᠤ ᠬᠢᠴᠢᠶᠡᠩᠭᠦᠢ᠎ᠪᠠᠷ ᠭᠥᠯᠢᠶᠡᠨ ᠠᠪᠴᠠᠭ᠋ᠠᠬᠰᠠᠨ ᠪᠥᠭᠡᠳ ᠣᠪᠣᠷ ᠵᠶ᠋ᠠᠨ ᠢᠯᠡᠳᠬᠡᠵᠡᠢ᠃
     ᠠᠷᠠᠳ᠎ᠤᠨ ᠶᠠᠪᠤᠳᠠᠯ᠎ᠤᠨ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠳᠡᠳ᠋ ᠳᠠᠷᠤᠭ᠎ᠠ ᠵᠧᠦ ᠵᠢᠶᠦ᠋ᠨ ᠫᠢᠩ ᠨᠥᠬᠥᠷ᠂ ᠲᠢᠩᠬᠢᠮ᠎ᠤᠨ ᠪᠠᠢ᠌ᠭᠤᠯᠭ᠎ᠠ ᠵᠢᠨ ᠨᠠᠮ᠎ᠤᠨ ᠬᠣᠷᠢᠶ᠎ᠠ (ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ) ᠵᠢᠨ ᠭᠡᠰᠢᠭᠦᠨ ᠬᠠᠨ ᠮᠢᠩ ᠨᠥᠬᠥᠷ ᠲᠤᠰ ᠤᠳᠠᠭ᠎ᠠ ᠵᠢᠨ ᠲᠤᠰᠬᠠᠢ ᠰᠡᠳᠦᠪᠲᠦ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ᠎ᠢ ᠦᠨᠡᠯᠡᠪᠡ᠃

W020230228689220758682.jpg


     ᠬᠠᠨ ᠮᠢᠩ ᠨᠥᠬᠥᠷ  ᠬᠡᠯᠡᠭᠰᠡᠨ᠎ᠨᠢ᠂ ᠡᠷᠡᠭᠦᠯᠵᠢᠯ᠎ᠳᠤ ᠲᠤᠰᠠᠯᠠᠬᠤ ᠪᠠᠭ᠋ᠠᠵᠢ ᠵᠢᠨ ᠲᠥᠪ᠎ᠤᠨ ᠨᠠᠮ᠎ᠤᠨ ᠡᠭᠦᠷ᠎ᠤᠨ᠎ᠬᠢᠨ᠎ᠤ ᠲᠤᠰ ᠤᠳᠠᠭ᠎ᠠ ᠵᠢᠨ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ᠎ᠨᠢ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ ᠪᠣᠯᠣᠨ ᠪᠠᠢ᠌ᠭᠤᠯᠭ᠎ᠠ ᠵᠢᠨ ᠨᠠᠮ᠎ᠤᠨ ᠬᠣᠷᠢᠶ᠎ᠠ ᠵᠢᠨ ᠡᠯ᠎ᠡ ᠵᠦᠢ᠍ᠯ᠎ᠤᠨ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ  ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠬᠤᠷᠠᠯ᠎ᠠᠴᠠ ᠡᠮᠦᠨᠡᠬᠢ ᠤᠨᠤᠯ᠎ᠤᠨ ᠰᠤᠷᠤᠯᠴᠠᠯᠭ᠎ᠠ ᠭᠦᠢ᠍ᠴᠡᠳ᠂ ᠰᠡᠳᠬᠢᠯ᠎ᠤᠨ ᠦᠭᠡ᠎ᠪᠠᠨ ᠦᠷᠬᠡᠨ ᠴᠢᠯᠤᠬᠡᠳᠡᠢ ᠶᠠᠷᠢᠯᠴᠠᠵᠤ᠂ ᠬᠤᠷᠠᠯ᠎ᠤᠨ ᠶᠠᠪᠤᠴᠠ᠎ᠳᠤ᠎ᠬᠢ ᠲᠡᠰ ᠳᠠᠷᠠᠭ᠋ᠠᠯᠠᠯ ᠵᠢᠷᠤᠮᠵᠢᠯ᠎ᠲᠠᠢ᠂ ᠭᠣᠣᠯ ᠰᠡᠳᠦᠪ᠎ᠲᠠᠢ ᠨᠢᠭᠲᠠ ᠤᠶᠠᠯᠳᠤᠭᠤᠯᠵᠤ᠂ ᠠᠰᠠᠭᠤᠳᠠᠯ᠎ᠢ ᠭᠦᠨᠵᠡᠭᠡᠢ ᠪᠣᠳᠠᠲᠠᠢ ᠪᠠᠢ᠌ᠴᠠᠭ᠋ᠠᠨ ᠳᠡᠯᠭᠡᠵᠦ᠂ ᠰᠢᠭᠦᠮᠵᠢᠯᠡᠯ ᠪᠠ ᠥᠪᠡᠷ᠎ᠤᠨ ᠰᠢᠭᠦᠮᠵᠢᠯᠡᠯ᠎ᠨᠢ ᠭᠦᠨᠵᠡᠭᠡᠢ ᠪᠦᠬᠡᠳ ᠦᠨᠡᠨᠴᠢ᠂ ᠵᠢᠱ᠌ᠢᠭᠰᠡᠨ ᠦᠷ᠎ᠡ ᠪᠦᠲᠦᠮᠵᠢ᠎ᠳᠤ᠎ᠪᠠᠨ ᠬᠦᠷᠴᠦ ᠴᠢᠳᠠᠵᠠᠢ᠃ ᠲᠠᠷᠠᠭ᠋ᠠᠴᠢ ᠎ᠪᠠᠷ ᠠᠵᠢᠯ᠎ᠤᠨ ᠳᠤᠮᠳᠠ᠎ᠪᠠᠨ ᠠᠰᠠᠭᠤᠳᠠᠯ᠎ᠢ  ᠡᠮᠬᠢᠯᠡᠬᠦ ᠠᠵᠢᠯ᠎ᠢ ᠰᠠᠢ᠌ᠲᠤᠷ ᠬᠢᠬᠦ ᠵᠢᠨ ᠬᠠᠮᠲᠤ ᠴᠡᠭᠴᠡᠯᠡᠨ ᠰᠠᠢ᠌ᠵᠢᠷᠠᠭᠤᠯᠬᠤ ᠡᠬᠡ ᠲᠠᠩᠰᠠ ᠵᠢ  ᠬᠠᠨᠳᠤᠯᠭ᠎ᠠ᠎ᠲᠠᠢ ᠲᠣᠭᠲᠠᠭ᠋ᠠᠵᠤ᠂ ᠴᠡᠭᠴᠡᠯᠡᠨ ᠰᠠᠢ᠌ᠵᠢᠷᠠᠭᠤᠯᠬᠤ ᠤᠴᠢᠷ ᠶᠠᠪᠤᠳᠠᠯ᠂ ᠴᠡᠭᠴᠡᠯᠡᠨ ᠰᠠᠢ᠌ᠵᠢᠷᠠᠭᠤᠯᠬᠤ ᠠᠷᠭ᠎ᠠ᠂ ᠴᠡᠭᠴᠡᠯᠡᠨ  ᠰᠠᠢ᠌ᠵᠢᠷᠠᠭᠤᠯᠬᠤ ᠴᠠᠭ᠎ᠢ ᠲᠣᠳᠣᠷᠬᠠᠢ᠌ᠯᠠᠵᠤ᠂ ᠳᠠᠷᠤᠢ᠌ᠬᠠᠨ ᠬᠡᠷᠡᠭᠵᠢᠭᠦᠯᠵᠦ ᠳᠠᠷᠤᠢ᠌ᠬᠠᠨ ᠰᠠᠢ᠌ᠵᠢᠷᠠᠭᠤᠯᠬᠤ ᠵᠢ ᠬᠦᠰᠡᠵᠦ ᠪᠠᠢ᠌ᠨ᠎ᠠ᠃
     ᠵᠧᠦ ᠵᠢᠶᠦ᠋ᠨ ᠫᠢᠩ ᠨᠥᠬᠥᠷ ᠬᠡᠯᠡᠭᠰᠡᠨ᠎ᠨᠢ᠂ ᠡᠷᠡᠭᠦᠯᠵᠢᠯ᠎ᠳᠤ ᠲᠤᠰᠠᠯᠠᠬᠤ ᠪᠠᠭ᠋ᠠᠵᠢ ᠵᠢᠨ ᠲᠥᠪ᠎ᠤᠨ ᠨᠠᠮ᠎ᠤᠨ ᠡᠭᠦᠷ᠎ᠤᠨ᠎ᠬᠢᠨ᠎ᠤ ᠲᠤᠰ ᠤᠳᠠᠭ᠎ᠠ ᠵᠢᠨ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ᠎ᠨᠢ ᠪᠦᠬᠦᠯᠢ ᠴᠣᠭᠴᠠ ᠵᠢᠨ ᠤᠬᠠᠮᠰᠠᠷ ᠵᠶ᠋ᠠᠷ ᠨᠡᠯᠢᠶᠡᠳ ᠴᠢᠩᠭ᠎ᠠ᠂ ᠪᠡᠯᠡᠳᠬᠡᠯ ᠭᠦᠢ᠍ᠴᠡᠳ᠂ ᠭᠣᠣᠯ ᠰᠡᠳᠦᠪ ᠢᠯᠡ ᠲᠣᠳᠣ᠂ ᠦᠵᠡᠯ ᠰᠠᠨᠠᠭ᠎ᠠ᠎ᠲᠠᠢ ᠣᠶ᠋ᠢᠷᠠᠳᠴᠤ᠂ ᠠᠵᠢᠯ᠎ᠲᠠᠢ ᠣᠶ᠋ᠢᠷᠠᠳᠴᠤ᠂ ᠭᠣᠣᠯᠳᠠᠯᠭ᠎ᠠ ᠵᠢᠨ ᠪᠣᠳᠠᠲᠠᠢ ᠪᠠᠢ᠌ᠳᠠᠯ᠎ᠲᠠᠢ ᠣᠶ᠋ᠢᠷᠠᠳᠴᠤ᠂ ᠠᠰᠠᠭᠤᠳᠠᠯ᠎ᠢ ᠪᠠᠢ᠌ᠴᠠᠭ᠋ᠠᠨ ᠳᠡᠯᠭᠡᠵᠦ᠂ ᠰᠢᠭᠦᠮᠵᠢᠯᠡᠯ ᠪᠠ ᠥᠪᠡᠷ᠎ᠤᠨ ᠰᠢᠭᠦᠮᠵᠢᠯᠡᠯ᠎ᠨᠢ ᠨᠡᠯᠢᠶᠡᠳ ᠭᠦᠨᠵᠡᠭᠡᠢ᠂ ᠴᠡᠭᠴᠡᠯᠡᠨ ᠰᠠᠢ᠌ᠵᠢᠷᠠᠭᠤᠯᠬᠤ ᠠᠷᠭ᠎ᠠ ᠨᠡᠯᠢᠶᠡᠳ ᠪᠦᠷᠢᠨ ᠪᠠᠢ᠌ᠨ᠎ᠠ ᠃ᠲᠠᠷᠠᠭ᠋ᠠᠴᠢ᠎ᠪᠠᠷ ᠨᠢᠭᠡ᠎ᠳᠤ᠂ ᠤᠨᠤᠯ᠎ᠤᠨ ᠰᠤᠷᠤᠯᠴᠠᠯᠭ᠎ᠠ ᠵᠢ ᠴᠢᠩᠭ᠋ᠠᠳᠬᠠᠬᠤ ᠬᠡᠷᠡᠭᠲᠡᠢ᠃ ᠨᠠᠮ᠎ᠤᠨ ᠡᠭᠦᠷ᠎ᠤᠨ ᠭᠡᠰᠢᠭᠦᠨ ᠲᠦᠷᠦᠭᠦᠯᠡᠨ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠰᠤᠷᠤᠯᠴᠠᠵᠤ᠂  ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠡᠵᠡᠮᠳᠡᠵᠦ᠂ ᠭᠦᠨᠵᠡᠭᠡᠢ ᠨᠠᠢ᠌ᠳᠠᠪᠤᠷᠢᠵᠢᠭᠤᠯᠵᠤ᠂ 《ᠬᠣᠶᠠᠷ᠎ᠢ ᠲᠤᠬᠳᠠᠭ᠋ᠠᠬᠰᠠᠨ》᠎ᠢ ᠤᠬᠠᠮᠰᠠᠷ᠎ᠠᠴᠠ᠎ᠪᠠᠨ ᠡᠷᠡᠰ ᠬᠦᠷᠢᠶᠡᠯᠡᠭᠴᠢ ᠪᠠ 《ᠬᠣᠶᠠᠷ᠎ᠢ ᠬᠠᠮᠠᠭ᠋ᠠᠯᠠᠬᠤ》 ᠵᠢ ᠡᠷᠡᠰ ᠦᠢ᠍ᠯᠡᠳᠦᠯᠭᠡᠵᠢᠭᠦᠯᠦᠭᠴᠢ ᠪᠣᠯᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠡᠷᠡᠭᠦᠯᠵᠢᠯ᠎ᠳᠤ ᠲᠤᠰᠠᠯᠠᠬᠤ ᠪᠠᠭ᠋ᠠᠵᠢ ᠵᠢᠨ ᠲᠦᠪ᠎ᠤᠨ᠎ᠬᠢᠨ᠎ᠤ ᠪᠦᠬᠦᠯᠢ ᠴᠣᠭᠴᠠ ᠵᠢᠨ ᠠᠵᠢᠯ᠎ᠳᠤ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠬᠤ ᠬᠡᠷᠡᠭᠲᠡᠢ᠃ ᠬᠣᠶᠠᠷ᠎ᠲᠤ᠂ ᠦᠨᠳᠦᠰᠦᠨ ᠱᠠᠲᠤᠨ᠎ᠤ ᠪᠠᠢ᠌ᠴᠠᠭ᠋ᠠᠨ ᠰᠤᠳᠤᠯᠤᠯᠲᠠ ᠵᠢ ᠴᠢᠩᠭ᠋ᠠᠳᠬᠠᠬᠤ ᠬᠡᠷᠡᠭᠲᠡᠢ᠃ ᠦᠨᠳᠦᠰᠦᠨ ᠱᠠᠲᠤᠨ᠎ᠳᠤ ᠭᠦᠨᠵᠡᠭᠡᠢ᠌ᠷᠡᠨ ᠦᠢ᠍ᠯᠡᠴᠢᠯᠡᠬᠡ ᠬᠦᠷᠳᠡᠭᠰᠡᠳ᠎ᠤᠨ ᠵᠶ᠋ᠡᠨ ᠪᠣᠳᠠᠲᠠᠢ ᠪᠠᠢ᠌ᠳᠠᠯ ᠪᠠ ᠪᠣᠳᠠᠲᠠᠢ ᠬᠡᠷᠡᠭᠴᠡᠭᠡ ᠱᠠᠭ᠋ᠠᠷᠳᠠᠯᠭ᠎ᠠ ᠵᠢ ᠪᠥᠬᠥ ᠲᠠᠯ᠎ᠠ᠎ᠪᠠᠷ ᠣᠨᠣᠪᠴᠢᠲᠠᠶ ᠡᠵᠡᠮᠰᠢᠵᠦ᠂ ᠰᠢᠢ᠍ᠳᠪᠦᠷᠢᠯᠡᠬᠦ ᠠᠷᠭ᠎ᠠ ᠪᠣᠳᠣᠯᠭ᠎ᠠ ᠵᠢ ᠳᠤᠷᠠᠳᠤᠨ ᠭᠠᠷᠭ᠋ᠠᠵᠤ᠂ ᠡᠷᠡᠭᠦᠯᠵᠢᠯ᠎ᠳᠤ ᠲᠤᠰᠠᠯᠠᠬᠤ ᠪᠠᠭ᠋ᠠᠵᠢ ᠵᠢᠨ ᠲᠦᠪ᠎ᠤᠨ᠎ᠬᠢᠨ᠎ᠤ ᠴᠢᠨᠠᠷᠯᠢᠭ ᠬᠥᠭᠵᠢᠯᠲᠡ ᠵᠢᠨ ᠠᠵᠢᠯ᠎ᠤᠨ ᠰᠡᠳᠬᠢᠮᠵᠢ ᠵᠢ ᠪᠣᠶ ᠪᠣᠯᠭ᠋ᠠᠬᠤ ᠬᠡᠷᠡᠭᠲᠡᠢ᠃ ᠭᠤᠷᠪᠠ᠎ᠳᠤ᠂ ᠤᠢ᠌ᠯᠠᠭ᠋ᠠᠯᠴᠠᠭ᠎ᠠ ᠰᠣᠯᠢᠯᠴᠠᠭ᠎ᠠ᠎ᠪᠠᠨ ᠴᠢᠩᠭ᠋ᠠᠳᠬᠠᠬᠤ ᠬᠡᠷᠡᠭᠲᠡᠢ᠃ ᠬᠠᠷᠢᠯᠴᠠᠨ ᠰᠢᠭᠦᠮᠵᠢᠯᠡᠬᠦ ᠠᠭᠤᠷ ᠠᠮᠢᠰᠬᠤᠯ᠎ᠢ ᠪᠤᠢ ᠪᠤᠯᠭ᠋ᠠᠵᠤ᠂  ᠡᠷᠡᠭᠦᠯᠵᠢᠯ᠎ᠳᠤ ᠲᠤᠰᠠᠯᠠᠬᠤ ᠪᠠᠭ᠋ᠠᠵᠢ ᠵᠢᠨ ᠲᠦᠪ᠎ᠤᠨ ᠠᠵᠢᠯ᠎ᠤᠨ ᠶᠠᠰᠤ ᠴᠢᠨᠠᠷ᠎ᠢ ᠨᠠᠮ᠎ᠤᠨ ᠪᠠᠢ᠌ᠭᠤᠯᠤᠯᠲᠠ᠎ᠪᠠᠷ ᠳᠡᠭᠡᠭᠰᠢᠯᠡᠭᠦᠯᠵᠦ ᠦᠷ᠎ᠡ ᠠᠰᠢᠭ᠎ᠢ ᠨᠡᠮᠡᠭᠳᠡᠭᠦᠯᠬᠦ ᠵᠢ ᠬᠥᠲᠥᠯᠥᠨ ᠵᠢᠯᠤᠭᠤᠳᠬᠤ ᠬᠡᠷᠡᠭᠳᠡᠢ᠃ ᠳᠥᠷᠪᠡ᠎ᠳᠤ᠂ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠢ ᠰᠠᠢ᠌ᠲᠤᠷ ᠬᠢᠬᠦ ᠬᠡᠷᠡᠭᠲᠡᠢ᠃ ᠰᠢ ᠵᠢᠨ ᠫᠢᠩ ᠶᠡᠷᠦᠩᠬᠡᠢ ᠱᠦᠵᠢ ᠵᠢᠨ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠨᠠᠢ᠌ᠳᠠᠪᠤᠷᠢᠵᠢᠭᠤᠯᠬᠤ ᠠᠵᠢᠯ᠎ᠢ ᠵᠣᠬᠢᠶᠠᠨ ᠪᠠᠢ᠌ᠭᠤᠯᠵᠤ᠂ ᠪᠠᠭ᠎ᠤᠨ ᠪᠦᠷᠢᠯᠳᠦᠭᠦᠨ ᠨᠠᠷ ᠦᠵᠡᠯ ᠰᠠᠨᠠᠭ᠋ᠠᠨ᠎ᠤ ᠲᠠᠯ᠎ᠠ᠎ᠪᠠᠷ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠢ ᠴᠢᠬᠤᠯᠠᠴᠢᠯᠠᠵᠤ᠂ ᠠᠶᠤᠯᠭᠦᠢ ᠦᠢ᠍ᠯᠡᠳᠪᠦᠷᠢᠯᠡᠯ᠎ᠤᠨ ᠪᠠᠴᠢᠮ᠎ᠢ  ᠠᠷᠭ᠋ᠠᠴᠠᠭ᠋ᠠᠬᠤ ᠲᠥᠰᠥᠯ᠎ᠳᠤ ᠴᠠᠭ ᠲᠤᠬᠠᠢ᠎ᠳᠤ᠎ᠨᠢ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠭᠣᠣᠯᠳᠠᠯᠭ᠎ᠠ᠎ᠲᠠᠢ ᠠᠶᠤᠯᠭᠦᠢ ᠦᠢ᠍ᠯᠡᠳᠪᠦᠷᠢᠯᠡᠯ᠎ᠳᠤ ᠬᠢᠨᠠᠯᠲᠠ ᠲᠠᠯᠪᠢᠵᠤ ᠪᠠᠢ᠌ᠴᠠᠭ᠋ᠠᠬᠤ ᠪᠠ ᠥᠪᠡᠷ᠎ᠢ᠎ᠪᠠᠨ ᠪᠠᠢ᠌ᠴᠠᠭ᠋ᠠᠬᠤ ᠠᠵᠢᠯ᠎ᠢ ᠰᠠᠢ᠌ᠲᠤᠷ ᠬᠢᠵᠦ᠂ ᠤᠳᠠᠯ ᠦᠭᠡᠢ ᠬᠤᠷᠠᠯᠳᠤᠬᠤ ᠭᠡᠵᠦ ᠪᠠᠢ᠌ᠭ᠎ᠠ ᠪᠦᠬᠦ ᠤᠯᠤᠰ᠎ᠤᠨ 《ᠬᠣᠶᠠᠷ ᠬᠤᠷᠠᠯ》᠎ᠳᠤ ᠰᠠᠢ᠌ᠨ ᠰᠠᠢ᠌ᠬᠠᠨ ᠠᠮᠤᠷ ᠲᠦᠪᠰᠢᠨ᠎ᠤ ᠣᠷᠴᠢᠨ ᠲᠣᠭᠣᠷᠢᠨ᠎ᠢ ᠪᠤᠢ ᠪᠣᠯᠭ᠋ᠠᠬᠤ ᠬᠡᠷᠡᠭᠲᠡᠢ᠃
    2 ᠰᠠᠷ᠎ᠠ ᠵᠢᠨ 28᠎ᠤ ᠦᠳᠡ ᠵᠢᠨ ᠬᠣᠢ᠌ᠨ᠎ᠠ᠂ ᠡᠷᠡᠬᠦᠯᠵᠢᠯ᠎ᠳᠤ ᠲᠤᠰᠠᠯᠠᠬᠤ ᠪᠠᠭ᠋ᠠᠵᠢ ᠵᠢᠨ ᠲᠥᠪ᠎ᠤᠨ ᠡᠩ᠎ᠤᠨ ᠨᠠᠮ᠎ᠤᠨ ᠬᠡᠰᠢᠬᠦᠳ ᠨᠠᠮ᠎ᠤᠨ ᠳᠤᠭᠤᠢ᠌ᠯᠠᠩ ᠵᠶ᠋ᠠᠷ ᠨᠢᠬᠡᠴᠢ ᠪᠣᠯᠭ᠋ᠠᠨ ᠲᠤᠰ ᠲᠤᠰ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ ᠬᠢᠵᠦ᠂ ᠬᠤᠷᠠᠯ ᠳᠡᠭᠡᠷ᠎ᠡ ᠨᠠᠮ᠎ᠤᠨ ᠭᠡᠰᠢᠭᠦᠨ ᠨᠢᠬᠡ ᠪᠦᠷᠢ ᠭᠣᠣᠯ ᠰᠡᠳᠦᠪ᠎ᠤᠨ ᠲᠣᠭᠣᠷᠢᠨ᠎ᠳᠤ ᠦᠵᠡᠯ ᠰᠠᠨᠠᠭ᠎ᠠ᠂ ᠠᠵᠢᠯ᠂ ᠰᠤᠷᠲᠠᠯ᠎ᠤᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠨᠢᠭᠡᠳ ᠨᠢᠭᠡ᠎ᠪᠠᠷ ᠬᠠᠷᠢᠴᠠᠭᠤᠯᠤᠨ ᠪᠠᠢ᠌ᠴᠠᠭ᠋ᠠᠵᠤ᠂ ᠬᠣᠢ᠌ᠰᠢᠳᠠ ᠵᠢᠨ ᠴᠢᠷᠮᠠᠢ᠌ᠬᠤ ᠴᠢᠭᠯᠡᠯ ᠪᠠ ᠴᠡᠭᠴᠡᠯᠡᠨ ᠰᠠᠢ᠌ᠵᠢᠷᠠᠭᠤᠯᠬᠤ ᠠᠷᠭ᠎ᠠ᠎ᠪᠠᠨ ᠲᠣᠳᠣᠷᠬᠠᠢ᠌ᠯᠠᠵᠤ᠂ ᠰᠢᠭᠦᠮᠵᠢᠯᠡᠯ ᠪᠠ ᠥᠪᠡᠷ᠎ᠤᠨ ᠰᠢᠭᠦᠮᠵᠢᠯᠡᠯ᠎ᠢ ᠲᠥᠪ ᠴᠢᠩᠭ᠎ᠠ ᠬᠢᠨᠠᠮᠠᠭ᠋ᠠᠢ ᠥᠷᠨᠢᠭᠦᠯᠵᠦ᠂ ᠭᠣᠣᠯ ᠨᠠᠮ᠎ᠤᠨ ᠡᠭᠦᠷ᠎ᠤᠨ ᠭᠡᠰᠢᠭᠦᠳ᠎ᠤᠨ ᠬᠤᠷᠠᠯ᠎ᠳᠤ ᠰᠠᠨᠠᠯ ᠰᠠᠨᠠᠭᠤᠯᠭ᠎ᠠ ᠳᠤᠷᠠᠳᠴᠠᠢ᠃ ᠬᠤᠷᠠᠯ᠎ᠤᠨ ᠲᠡᠬᠦᠰᠬᠡᠯ᠎ᠳᠤ ᠪᠦᠬᠦ ᠨᠠᠮ᠎ᠤᠨ ᠭᠡᠰᠢᠭᠦᠳ ᠠᠷᠠᠳᠴᠢᠯᠠᠯ ᠵᠶ᠋ᠠᠷ ᠦᠨᠡᠯᠡᠯᠲᠡ ᠬᠢᠪᠡ᠃
     ᠲᠤᠰ ᠤᠳᠠᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ᠎ᠨᠢ ᠪᠦᠬᠦ ᠨᠠᠮ᠎ᠤᠨ ᠭᠡᠰᠢᠭᠦᠨ᠎ᠢ ᠦᠵᠡᠯ ᠰᠠᠨᠠᠭ᠎ᠠ ᠲᠠᠨᠢᠯᠲᠠ ᠵᠢᠨ ᠲᠠᠯ᠎ᠠ᠎ᠪᠠᠷ᠂ ᠵᠣᠷᠢᠯᠲᠠ ᠵᠢᠨ ᠤᠬᠠᠮᠰᠠᠷ᠎ᠤᠨ ᠲᠠᠯ᠎ᠠ᠎ᠪᠠᠷ ᠰᠢᠨ᠎ᠡ ᠳᠡᠭᠡᠭᠰᠢᠯᠡᠯᠲᠡ᠎ᠲᠠᠢ ᠪᠣᠯᠭ᠋ᠠᠵᠤ᠂ ᠨᠠᠮ᠎ᠤᠨ ᠭᠡᠰᠢᠭᠦᠳ᠎ᠤᠨ ᠬᠣᠭᠣᠷᠣᠨᠳᠣᠬᠢ ᠰᠢᠭᠦᠮᠵᠢᠯᠡᠯ ᠪᠠ ᠥᠪᠡᠷ᠎ᠤᠨ ᠰᠢᠭᠦᠮᠵᠢᠯᠡᠯ᠎ᠤᠨ ᠲᠠᠯ᠎ᠠ᠎ᠪᠠᠷ ᠦᠨᠡᠨᠴᠢ ᠴᠠᠭ᠋ᠠᠪᠤᠷ ᠪᠠᠢ᠌ᠵᠤ᠂ ᠦᠨᠡᠨ ᠦᠭᠡ ᠬᠡᠯᠡᠵᠦ᠂ ᠰᠡᠳᠬᠢᠯ᠎ᠤᠨ ᠦᠭᠡ᠎ᠪᠠᠨ ᠶᠠᠷᠢᠵᠤ᠂ ᠦᠵᠡᠯ ᠰᠠᠨᠠᠭ᠎ᠠ᠎ᠪᠠᠨ ᠨᠢᠭᠡᠳᠬᠡᠬᠦ᠂ ᠰᠤᠷᠲᠠᠯ ᠵᠶ᠋ᠠᠨ ᠰᠠᠢ᠌ᠵᠢᠷᠠᠭᠤᠯᠬᠤ᠂ ᠪᠦᠯᠬᠦᠮᠳᠡᠯ ᠵᠶ᠋ᠡᠨ ᠴᠢᠩᠭ᠋ᠠᠳᠬᠠᠬᠤ᠂ ᠠᠵᠢᠯ ᠵᠶ᠋ᠠᠨ ᠠᠬᠢᠭᠤᠯᠬᠤ ᠵᠣᠷᠢᠯᠭ᠎ᠠ᠎ᠳᠤ ᠬᠦᠷᠴᠦ᠂ ᠡᠷᠡᠭᠦᠯᠵᠢᠯ᠎ᠳᠤ ᠲᠤᠰᠠᠯᠠᠬᠤ ᠪᠠᠭ᠋ᠠᠵᠢ ᠵᠢᠨ ᠲᠦᠪ᠎ᠤᠨ᠎ᠬᠢᠨ᠎ᠤ ᠦᠢ᠍ᠯᠡᠰ᠎ᠤᠨ ᠬᠥᠭᠵᠢᠯᠲᠡ ᠵᠢ ᠠᠬᠢᠭᠤᠯᠬᠤ᠎ᠳᠤ ᠪᠠᠲᠤ ᠰᠠᠭᠤᠷᠢ ᠵᠢ ᠲᠠᠯᠪᠢᠭᠰᠠᠨ ᠪᠠᠢ᠌ᠨ᠎ᠠ᠃




 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠦᠢ᠍ᠯᠡᠴᠢᠯᠡᠭᠡᠨ᠎ᠤ ᠠᠷᠭ᠎ᠠ᠎ᠪᠠᠨ ᠰᠢᠯᠢᠳᠡᠭᠵᠢᠭᠦᠯᠵᠦ ᠬᠢᠵᠢᠭ᠎ᠤᠨ ᠬᠤᠭᠤᠴᠠᠭ᠋ᠠᠨ᠎ᠳᠤ᠎ᠬᠢ ᠠᠷᠠᠳ᠎ᠤᠨ ᠠᠮᠢᠳᠤᠷᠠᠯ᠎ᠤᠨ ᠦᠨᠳᠦᠰᠦᠨ ᠪᠠᠲᠤᠯᠠᠭ᠎ᠠ ᠵᠢᠨ ᠡᠯ᠎ᠡ ᠠᠵᠢᠯ᠎ᠢ ᠪᠤᠳᠠᠳᠠᠢ᠎ᠳᠤ ᠨᠠᠢ᠌ᠳᠠᠪᠤᠷᠢᠵᠢᠭᠤᠯᠵᠤ ᠪᠠᠢ᠌ᠨ᠎ᠠ
ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠥᠪ᠎ᠤᠨ᠎ᠬᠢᠨ ᠠᠷᠠᠳ᠎ᠤᠨ ᠶᠠᠪᠤᠳᠠᠯ᠎ᠤᠨ ᠲᠢᠩᠬᠢᠮ᠎ᠤᠨ ᠰᠢᠰᠲ᠋ᠧᠮ᠎ᠤᠨ᠎ᠬᠢᠨ᠎ᠤ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠳᠤ ᠣᠷᠣᠯᠴᠠᠭᠰᠠᠨ ᠰᠠᠢ᠌ᠨ ᠲᠤᠷᠠᠴᠤᠤᠯ᠎ᠳᠤ ᠬᠢᠵᠢᠭ᠎ᠢ ᠰᠡᠷᠬᠡᠢ᠌ᠯᠡᠬᠦ ᠪᠤᠳᠠᠰ ᠬᠤᠳᠠᠯᠳᠤᠨ ᠠᠪᠴᠤ ᠦᠭᠪᠡ
ᠮᠠᠨ᠎ᠤ ᠤᠷᠤᠨ 2022 ᠣᠨ᠎ᠳᠤ ᠣᠷᠣᠭ ᠲᠠᠡᠭᠰᠠᠯᠠᠬᠤ ᠬᠠᠮᠢᠶᠠᠷᠤᠯᠲᠠ ᠵᠢᠨ ᠠᠵᠢᠯ᠎ᠤᠨ ᠴᠢᠨᠠᠷᠯᠢᠭ ᠬᠦᠭᠵᠢᠯᠳᠡ ᠵᠢ ᠤᠯᠠᠨ ᠠᠷᠭ᠎ᠠ᠎ᠪᠠᠷ ᠠᠬᠢᠭᠤᠯᠪᠠ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠨᠡᠢ᠌ᠭᠡᠮ᠎ᠤᠨ ᠲᠤᠰᠠᠯᠠᠮᠵᠢ ᠵᠢᠨ ᠲᠥᠷᠥ ᠵᠢᠨ ᠪᠣᠳᠣᠯᠭ᠎ᠠ ᠵᠢᠨ ᠲᠤᠬᠠᠢ ᠸᠢᠳᠢᠤ᠋ ᠪᠤᠯᠪᠠᠰᠤᠷᠠᠯ ᠡᠷᠬᠢᠯᠡᠪᠡ
 
            