ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠮᠠᠨ᠎ᠤ ᠣᠷᠣᠨ᠎ᠤ 《ᠲᠠᠪᠤᠨ ᠨᠡᠢ᠌ᠬᠡᠮ ᠬᠣᠯᠪᠤᠭ᠋ᠠᠯᠠᠨ ᠬᠥᠳᠡᠯᠦᠯᠴᠡᠬᠦ》 ᠵᠢ ᠠᠬᠢᠭᠤᠯᠵᠤ 《ᠨᠠᠰᠤᠳᠠᠳ ᠪᠠ ᠬᠡᠤᠬᠡᠳ》᠎ᠢ ᠬᠠᠯᠠᠮᠵᠢᠯᠠᠬᠤ ᠰᠢᠷᠢᠰ ᠲᠤᠰᠬᠠᠢ ᠰᠡᠳᠦᠪᠲᠦ ᠮᠡᠳᠡᠭᠡᠯᠡᠯ (ᠵᠢᠷᠭᠤᠭ᠎ᠠ)
ᠨᠡᠶᠢᠲᠡᠯᠡᠭᠰᠡᠨ ᠴᠠᠭ᠄ 2023-04-17

    《ᠲᠠᠪᠤᠨ ᠨᠡᠢ᠌ᠬᠡᠮ ᠬᠠᠮᠲᠤᠷᠠᠨ ᠬᠥᠳᠡᠯᠦᠯᠴᠡᠬᠦ》᠎ᠪᠠᠷ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠪᠠ ᠨᠠᠰᠤᠲᠠᠢ᠌ᠴᠤᠳ᠎ᠲᠤ ᠦᠢ᠍ᠯᠡᠴᠢᠯᠡᠬᠦ᠎ᠳᠤ ᠬᠦᠴᠦ ᠨᠡᠮᠡᠷᠢᠯᠡᠭᠰᠡᠨ ᠠᠵᠢᠯ᠎ᠤᠨ ᠦᠷ᠎ᠡ ᠪᠦᠲᠦᠭᠡᠯ᠎ᠢ ᠨᠠᠩ ᠰᠠᠢ᠌ᠨ  ᠤᠬᠠᠭᠤᠯᠵᠤ᠂ ᠨᠡᠢ᠌ᠭᠡᠮ᠎ᠤᠨ ᠦᠢ᠍ᠯᠡᠴᠢᠯᠡᠭᠡᠨ᠎ᠤ ᠲᠠᠪᠴᠠᠩ᠎ᠤᠨ ᠦᠨᠳᠦᠰᠦᠨ ᠱᠠᠲᠤᠨ᠎ᠤ ᠰᠠᠭᠤᠷᠢ ᠦᠢ᠍ᠯᠡᠳᠦᠯ᠎ᠢ ᠭᠦᠨᠵᠡᠭᠡᠢ᠌ᠷᠡᠭᠦᠯᠦᠨ ᠥᠷᠭᠡᠳᠬᠡᠬᠦ ᠵᠢᠨ ᠲᠥᠯᠥᠭᠡ᠂ ᠮᠠᠨ᠎ᠤ ᠣᠷᠣᠨ᠎ᠤ ᠡᠯ᠎ᠡ ᠭᠠᠵᠠᠷ᠎ᠤᠨ ᠨᠡᠢ᠌ᠭᠡᠮ᠎ᠤᠨ ᠠᠵᠢᠯ᠎ᠤᠨ ᠥᠷᠲᠡᠭᠡ ᠵᠢᠨ᠎ᠬᠢᠨ 《ᠲᠠᠪᠤᠨ  ᠨᠡᠢ᠌ᠬᠡᠮ ᠬᠠᠮᠲᠤᠷᠠᠨ ᠬᠥᠳᠡᠯᠦᠯᠴᠡᠬᠦ》᠎ᠪᠠᠷ 《  ᠨᠠᠰᠤᠳᠠᠳ ᠪᠠ ᠬᠡᠤᠬᠡᠳ》᠎ᠢ  ᠬᠠᠯᠠᠮᠵᠢᠯᠠᠬᠤ ᠨᠡᠢ᠌ᠭᠡᠮ᠎ᠤᠨ ᠠᠵᠢᠯ᠎ᠤᠨ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠠᠷᠠᠳ᠎ᠢ ᠳᠣᠲᠣᠨᠣᠴᠢᠯᠠᠬᠤ᠂ ᠠᠷᠠᠳ ᠵᠶ᠋ᠠᠨ ᠬᠠᠢ᠌ᠷᠠᠯᠠᠬᠤ᠂ ᠠᠷᠠᠳ᠎ᠲᠤ ᠦᠢ᠍ᠯᠡᠴᠢᠯᠡᠬᠦ ᠰᠠᠢ᠌ᠨ ᠰᠠᠢ᠌ᠬᠠᠨ ᠨᠡᠢ᠌ᠭᠡᠮ᠎ᠤᠨ ᠳᠦᠷᠢ ᠲᠥᠷᠬᠦ ᠵᠢ ᠪᠣᠶ ᠪᠣᠯᠭ᠋ᠠᠪᠠ᠃
W020230412628315107544.jpg 

 

     ᠪᠤᠭᠤᠲᠤ ᠬᠤᠳᠠ ᠵᠢᠨ ᠴᠢᠩᠱ᠌ᠠᠨ ᠲᠣᠭᠣᠷᠢᠭ᠎ᠤᠨ ᠹᠦ᠋ ᠴᠢᠶᠠᠩ ᠵᠠᠮ᠎ᠤᠨ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠨᠡᠢ᠌ᠭᠡᠮ᠎ᠤᠨ ᠠᠵᠢᠯ᠎ᠤᠨ ᠦᠷᠳᠡᠬᠡ ᠵᠢᠨ᠎ᠬᠢᠨ ᠬᠠᠷᠢᠶ᠎ᠠ ᠲᠣᠭᠣᠷᠢᠭ᠎ᠤᠨ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠢ ᠵᠣᠬᠢᠶᠠᠨ ᠪᠠᠢ᠌ᠭᠤᠯᠵᠤ ᠳ᠋ᠦᠩ ᠳ᠋ᠡ ᠭᠧᠦ ᠤᠷᠠᠯᠢᠭ᠎ᠤᠨ ᠲᠣᠰᠬᠣᠨ᠎ᠳᠤ ᠨᠡᠶ᠋ᠢᠲᠡ ᠵᠢᠨ ᠠᠰᠠᠷᠠᠮᠵᠢ ᠵᠢᠨ ᠵᠤᠭ᠋ᠠᠴᠠᠨ  ᠰᠤᠷᠤᠯᠴᠠᠬᠤ ᠠᠵᠢᠯᠯᠠᠭ᠎ᠠ ᠦᠷᠨᠢᠬᠦᠯᠵᠤ᠂ ᠨᠡᠢ᠌ᠭᠡᠮ᠎ᠤᠨ ᠠᠵᠢᠯᠳᠠᠨ ᠪᠣᠯᠣᠨ ᠤᠷᠠᠯᠢᠭ᠎ᠤᠨ ᠲᠤᠰᠬᠤᠨ᠎ᠤ ᠠᠵᠢᠯᠲᠠᠳ ᠬᠡᠦᠬᠡᠳ᠎ᠤᠳ᠎ᠲᠤ ᠥᠪᠡᠷ᠎ᠤᠨ ᠣᠨᠴᠠᠯᠢᠭ ᠪᠦᠬᠦᠢ ᠦᠵᠡᠭᠦᠯᠦᠯᠭᠡ ᠵᠢᠨ ᠵᠦᠢ᠍ᠯᠡᠰ᠎ᠢ ᠲᠠᠨᠢᠯᠴᠠᠭᠤᠯᠬᠤ ᠵᠢᠨ ᠲᠠᠭ᠋ᠠᠤ ᠦᠵᠡᠭᠦᠯᠦᠯᠭᠡ ᠵᠢᠨ ᠵᠦᠢ᠍ᠯᠡᠰ᠎ᠲᠤ ᠠᠬᠤᠭᠤᠯᠤᠭᠳᠠᠭᠰᠠᠨ ᠤᠯᠠᠮᠵᠢᠯᠠᠯᠲᠤ ᠰᠣᠶᠣᠯ᠎ᠤᠨ ᠦᠯᠢᠭᠡᠷ᠎ᠢ ᠶᠠᠷᠢᠵᠤ᠂ ᠬᠡᠦᠬᠡᠳ᠎ᠤᠨ ᠬᠠᠷᠠᠭ᠎ᠠ ᠵᠢ ᠥᠷᠭᠡᠳᠬᠡᠨ᠂ ᠬᠡᠦᠬᠡᠳ᠎ᠤᠨ ᠤᠯᠠᠮᠵᠢᠯᠠᠯᠲᠤ ᠰᠣᠶᠣᠯ᠎ᠤᠨ ᠲᠤᠬᠠᠢ ᠤᠷᠮ᠎ᠠ ᠵᠣᠷᠢᠭ᠎ᠢ ᠬᠥᠭᠵᠢᠭᠡᠵᠦ᠂ ᠨᠡᠯᠢᠶᠡᠳ ᠰᠠᠢ᠌ᠨ ᠠᠵᠢᠯᠯᠠᠭ᠋ᠠᠨ᠎ᠤ ᠦᠷ᠎ᠡ ᠪᠦᠲᠦᠮᠵᠢ ᠣᠯᠣᠭᠰᠠᠨ ᠪᠠᠢ᠌ᠨ᠎ᠠ᠃

W020230412628315113152.png

 

     ᠬᠥᠯᠥᠨ ᠪᠤᠢ᠍ᠢ᠍ᠷ ᠬᠤᠳᠠ ᠵᠢᠨ ᠰᠢᠨ᠎ᠡ ᠪᠠᠷᠭᠤ ᠵᠡᠭᠦᠨ ᠬᠣᠰᠢᠭᠤᠨ᠎ᠤ ᠠᠮᠤᠭᠤᠯᠠᠡᠭ ᠪᠠᠯᠭ᠋ᠠᠰᠤᠨ᠎ᠤ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠦᠷᠳᠡᠭᠡ ᠵᠢᠨ᠎ᠬᠢᠨ ᠨᠡᠢ᠌ᠭᠡᠮ᠎ᠤᠨ ᠠᠵᠢᠯᠲᠠᠳ ᠪᠣᠯᠣᠨ ᠰᠠᠢ᠌ᠨ ᠲᠤᠷᠠᠴᠤᠤᠯ᠎ᠢ ᠵᠤᠬᠢᠶᠠᠨ ᠪᠠᠢ᠌ᠭᠤᠯᠤᠨ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠬᠠᠤᠯᠢ》 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠭᠡᠷ ᠪᠦᠯᠢ ᠵᠢᠨ ᠬᠥᠮᠦᠵᠢᠯ᠎ᠢ ᠠᠬᠢᠭᠤᠯᠬᠤ ᠬᠠᠤᠯᠢ》 ᠵᠢ ᠤᠬᠠᠭᠤᠯᠤᠨ  ᠲᠤᠭᠤᠰᠢᠯᠠᠭᠤᠯᠬᠤ ᠠᠵᠢᠯ᠎ᠲᠠᠢ ᠤᠶᠠᠯᠳᠤᠭᠤᠯᠤᠨ᠂ ᠣᠯᠠᠨ ᠲᠦᠮᠡᠨ᠎ᠳᠤ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠪᠠ  ᠬᠠᠯᠠᠮᠵᠢᠯᠠᠬᠤ ᠬᠠᠮᠢᠶ᠎ᠠ ᠪᠦᠬᠦᠢ ᠮᠡᠳᠡᠯᠭᠡ ᠵᠢ ᠲᠠᠢ᠌ᠯᠪᠤᠷᠢᠯᠠᠨ᠂ ᠤᠯᠠᠨ ᠲᠦᠮᠡᠨ᠎ᠤ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠠᠵᠢᠯ᠎ᠳᠤ ᠢᠳᠡᠪᠬᠢᠲᠡᠢ ᠣᠷᠣᠯᠴᠠᠬᠤ᠂ ᠨᠠᠰᠤᠨ᠎ᠳᠤ ᠥᠯᠥ ᠭᠦᠷᠦᠭᠰᠡᠳ᠎ᠤᠨ ᠦᠰᠦᠨ ᠪᠣᠢ᠌ᠵᠢᠯᠲᠠ᠎ᠳᠤ ᠠᠰᠢᠭᠲᠠᠢ ᠰᠠᠢ᠌ᠨ ᠰᠠᠢ᠌ᠬᠠᠨ ᠠᠭᠤᠷ ᠠᠮᠢᠰᠬᠤᠯ᠎ᠢ ᠴᠢᠷᠮᠠᠢ᠌ᠨ ᠪᠣᠶ ᠪᠣᠯᠭ᠋ᠠᠬᠤ ᠦᠵᠡᠯ ᠰᠠᠨᠠᠭ᠋ᠠᠨ᠎ᠤ ᠤᠬᠠᠮᠰᠠᠷ ᠪᠠ ᠦᠢᠯᠡ ᠠᠵᠢᠯᠯᠠᠭ᠋ᠠᠨ᠎ᠤ ᠤᠬᠠᠮᠰᠠᠷ᠎ᠢ ᠳᠡᠭᠡᠭᠰᠢᠯᠡᠭᠦᠯᠪᠡ᠃

W020230412628315132110.jpg

    

     ᠰᠢᠯᠢ ᠵᠢᠨ ᠭᠣᠣᠯ ᠠᠢ᠌ᠮᠠᠭ᠎ᠤᠨ ᠰᠢᠯᠢ ᠵᠢᠨ ᠬᠣᠲᠠ ᠵᠢᠨ᠎ᠬᠢᠨ 《ᠲᠠᠪᠤᠨ ᠨᠡᠢ᠌ᠬᠡᠮ ᠬᠣᠯᠪᠤᠭ᠋ᠠᠯᠠᠨ
ᠬᠥᠳᠡᠯᠦᠯᠴᠡᠬᠦ》 ᠵᠢ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ᠎ᠲᠠᠢ ᠬᠤᠯᠪᠤᠬᠤ ᠠᠵᠢᠯᠯᠠᠭ᠎ᠠ — ᠰᠢᠯᠢ ᠵᠢᠨ ᠬᠣᠲᠠ ᠵᠢᠨ ᠪᠥᠸᠧ ᠵᠢᠢ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠲᠥᠪ᠎ᠤᠨ᠎ᠬᠢᠨ ᠲᠠᠯ᠎ᠠ ᠵᠢᠨ ᠨᠡᠢ᠌ᠭᠡᠮ ᠲᠣᠭᠣᠷᠢᠭ᠎ᠲᠤ 《ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠬᠠᠤᠯᠢ》 ᠵᠢᠨ ᠲᠤᠰᠬᠠᠢ ᠰᠡᠳᠦᠪᠲᠦ ᠮᠡᠳᠡᠯᠭᠡ ᠵᠢᠨ ᠲᠠᠢ᠌ᠯᠤᠮᠵᠢ ᠡᠷᠬᠢᠯᠡᠪᠡ᠃ᠨ᠊ ᠊ᠡᠢ᠌ᠭᠡᠮ᠎ᠤᠨ ᠠᠵᠢᠯᠲᠠᠳ ᠨᠠᠰᠤᠨ᠎ᠳᠤ ᠥᠯᠥ ᠭᠦᠷᠦᠭᠰᠡᠳ᠎ᠤᠨ ᠬᠠᠯᠳᠠᠯᠭ᠎ᠠ᠎ᠳᠤ ᠤᠴᠠᠷᠠᠭᠰᠠᠨ ᠰᠢᠨᠡᠬᠡᠨ ᠬᠡᠷᠡᠭ᠎ᠲᠠᠢ ᠤᠶᠠᠯᠳᠤᠭᠤᠯᠤᠨ᠂ ᠬᠤᠷᠠᠯ᠎ᠳᠤ ᠣᠷᠣᠯᠴᠠᠭᠰᠠᠨ ᠭᠡᠷ᠎ᠤᠨ ᠠᠬᠠᠮᠠᠳ᠎ᠲᠤ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠬᠠᠤᠯᠢ》 ᠵᠢ ᠲᠠᠢ᠌ᠯᠪᠤᠷᠢᠯᠠᠨ᠂ ᠭᠡᠷ᠎ᠤᠨ ᠠᠬᠠᠮᠠᠳ᠎ᠤᠨ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠠᠷᠭ᠎ᠠ ᠮᠡᠷᠭᠡᠵᠢᠯ᠎ᠢ ᠡᠵᠡᠮᠰᠢᠭᠦᠯᠵᠦ᠂ ᠭᠡᠷ᠎ᠤᠨ ᠠᠬᠠᠮᠠᠳ᠎ᠤᠨ ᠨᠡᠢ᠌ᠳᠡᠮ᠎ᠤᠨ ᠬᠦᠷᠢᠶᠡᠯᠡᠯ᠎ᠢ ᠣᠯᠣᠭᠰᠠᠨ ᠪᠠᠢ᠌ᠨ᠎ᠠ᠃

W020230412628315140058.jpg

    

     ᠠᠯᠠᠱ᠌ᠠ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠪᠤᠯᠤᠨ ᠠᠯᠠᠱ᠌ᠠ ᠵᠡᠭᠦᠨ ᠬᠣᠰᠢᠭᠤᠨ᠎ᠤ
ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠨᠡᠢ᠌ᠭᠡᠮ᠎ᠤᠨ ᠠᠵᠢᠯᠳᠠᠳ᠎ᠤᠨ ᠨᠡᠢ᠌ᠭᠡᠮᠯᠢᠭ᠎ᠤᠨ᠎ᠬᠢᠨ ᠨᠡᠢ᠌ᠭᠡᠮ᠎ᠤᠨ ᠠᠵᠢᠯ᠎ᠤᠨ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠳᠤᠮᠳᠠ᠂ ᠵᠢᠷᠤᠭ᠎ᠤᠨ ᠰᠠᠮᠪᠠᠷ᠎ᠠ ᠵᠢᠨ ᠦᠵᠡᠭᠦᠯᠦᠯᠭᠡ᠂ ᠲᠥᠷᠥᠯ ᠵᠦᠢ᠍ᠯ᠎ᠤᠨ ᠲᠠᠨᠢᠯᠴᠠᠭᠤᠯᠭ᠎ᠠ᠂ ᠮᠠᠲ᠋ᠧᠷᠢᠶᠠᠯ ᠲᠦᠭᠡᠭᠡᠬᠦ ᠵᠡᠷᠭᠡ ᠬᠡᠯᠪᠡᠷᠢ᠎ᠪᠠᠷ ᠲᠤᠰᠬᠠᠢ ᠮᠡᠷᠭᠡᠵᠢᠯ᠎ᠤᠨ ᠨᠡᠢ᠌ᠭᠡᠮ᠎ᠤᠨ ᠠᠵᠢᠯ᠎ᠤᠨ ᠬᠠᠤᠯᠢ ᠳᠦᠷᠢᠮ᠎ᠤᠨ ᠤᠬᠠᠭᠤᠯᠭ᠎ᠠ᠂ ᠣᠷᠴᠢᠨ ᠠᠬᠤᠢ ᠵᠢᠨ ᠬᠠᠮᠠᠭ᠋ᠠᠯᠠᠯᠲᠠ᠂ ᠲᠥᠯᠥᠪᠯᠡᠭᠡᠲᠦ ᠦᠷᠡᠵᠢᠯ᠎ᠤᠨ ᠡᠷᠬᠡ᠎ᠪᠠᠨ ᠬᠠᠮᠠᠭ᠋ᠠᠯᠠᠬᠤ᠂ ᠨᠡᠢ᠌ᠭᠡᠮ᠎ᠤᠨ ᠲᠤᠰᠠᠯᠠᠮᠵᠢ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ᠂ ᠰᠠᠢ᠌ᠨ ᠳᠤᠷ᠎ᠠ ᠵᠢᠨ ᠦᠢ᠍ᠯᠡᠴᠢᠯᠡᠭᠡ᠎ᠳᠤ ᠣᠷᠣᠯᠴᠠᠭᠰᠠᠨ ᠵᠡᠷᠭᠡ ᠲᠠᠯ᠎ᠠ ᠵᠢᠨ ᠠᠵᠢᠯ᠎ᠤᠨ ᠦᠷ᠎ᠡ ᠪᠦᠲᠦᠭᠡᠯ᠎ᠢ ᠳᠡᠯᠭᠡᠨ ᠦᠵᠡᠭᠦᠯᠵᠡᠢ᠃ ᠨᠡᠢ᠌ᠭᠡᠮ᠎ᠤᠨ ᠠᠵᠢᠯᠲᠠᠨ ᠪᠣᠯᠣᠨ ᠰᠠᠢ᠌ᠨ  ᠲᠤᠷᠠᠴᠤᠤᠯ ᠣᠷᠴᠢᠨ ᠠᠬᠤᠢ ᠵᠢ ᠬᠠᠮᠠᠭ᠋ᠠᠯᠠᠬᠤ ᠭᠠᠷ ᠤᠭᠤᠲᠠ ᠦᠢ᠍ᠯᠡᠳᠬᠦ᠂ ᠨᠠᠭ᠋ᠠᠳᠤᠮ ᠲᠣᠭᠯᠠᠭ᠋ᠠᠮ ᠬᠢᠬᠦ᠂ ᠨᠢᠭᠦᠯᠡᠰᠦᠩᠭᠦᠢ ᠵᠢᠨ ᠠᠯᠪᠠᠨ ᠵᠢᠷᠤᠮ᠎ᠤᠨ ᠬᠤᠳᠠᠯᠳᠤᠭ᠎ᠠ ᠵᠡᠷᠭᠡ ᠠᠵᠢᠯᠯᠠᠭ᠎ᠠ ᠵᠢ ᠵᠣᠬᠢᠶᠠᠨ ᠪᠠᠢ᠌ᠭᠤᠯᠵᠤ᠂ ᠪᠠᠰᠠ ᠵᠢᠷᠤᠮ᠎ᠤᠨ ᠡᠮᠴᠢᠯᠡᠭᠡ᠂ ᠡᠷᠡᠭᠦᠯ ᠮᠡᠨᠳᠦ ᠡᠷᠡᠭᠦᠯᠵᠢᠯ ᠵᠡᠷᠭᠡ ᠠᠷᠠᠳ᠎ᠲᠤ ᠳᠥᠭᠥᠮ ᠦᠵᠡᠭᠦᠯᠬᠦ ᠦᠢ᠍ᠯᠡᠴᠢᠯᠡᠭᠡ ᠵᠢ ᠥᠷᠨᠢᠭᠦᠯᠵᠦ᠂ ᠲᠤᠬᠠᠢ ᠵᠢᠨ ᠭᠠᠵᠠᠷ᠎ᠤᠨ ᠣᠯᠠᠨ ᠲᠦᠮᠡᠨ᠎ᠤ ᠰᠠᠢ᠌ᠨ ᠦᠨᠡᠯᠡᠯᠲᠡ ᠵᠢ ᠣᠯᠣᠭᠰᠠᠨ ᠪᠠᠢ᠌ᠨ᠎ᠠ᠃

W020230412628315154678.png

     ᠮᠠᠨᠵᠤᠤᠷ ᠬᠤᠳᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠂ ᠡᠮᠦᠨ᠎ᠡ ᠲᠣᠭᠣᠷᠢᠭ᠎ᠤᠨ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠂ ᠮᠠᠨᠵᠤᠤᠷ ᠬᠤᠳᠠ ᠵᠢᠨ ᠡᠮᠦᠨ᠎ᠡ ᠲᠣᠭᠣᠷᠢᠭ᠎ᠤᠨ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠨᠡᠢ᠌ᠭᠡᠮ᠎ᠤᠨ ᠠᠵᠢᠯ᠎ᠤᠨ ᠦᠷᠳᠡᠭᠡ᠂ ᠮᠠᠨᠵᠤᠤᠷ ᠬᠤᠳᠠ ᠵᠢᠨ ᠭᠤᠤ ᠶᠤᠸᠠᠨ ᠨᠡᠢ᠌ᠭᠡᠮ ᠲᠣᠭᠣᠷᠢᠭ᠎ᠤᠨ ᠠᠵᠢᠯ᠎ᠤᠨ ᠦᠢ᠍ᠯᠡᠴᠢᠯᠡᠭᠡᠨ᠎ᠤ ᠲᠥᠪ᠎ᠤᠨ᠎ᠬᠢᠨ ᠬᠠᠷᠢᠶ᠎ᠠ ᠲᠣᠭᠣᠷᠢᠭ᠎ᠤᠨ ᠬᠦᠴᠢᠷᠳᠡᠯᠳᠡᠢ ᠪᠠ ᠭᠡᠷ᠎ᠲᠤ᠎ᠪᠠᠨ ᠬᠣᠴᠣᠷᠤᠭᠰᠠᠨ ᠬᠡᠦᠬᠡᠳ᠎ᠢ ᠵᠣᠬᠢᠶᠠᠨ ᠪᠠᠢ᠌ᠭᠤᠯᠵᠤ 《ᠪᠥᠮᠪᠥᠷᠴᠡᠭ᠎ᠲᠤ ᠥᠩᠭᠡ ᠪᠤᠳᠤᠭ ᠨᠡᠮᠡᠷᠢᠯᠡᠵᠦ᠂ ᠡᠷᠡᠭᠦᠯ ᠴᠢᠭᠢᠷᠠᠭ᠎ᠢ ᠡᠷᠬᠢᠮᠯᠡᠶ᠎ᠡ》 ᠭᠡᠬᠦ ᠬᠡᠤᠬᠡᠳ ᠬᠡᠷ᠎ᠤᠨ ᠠᠬᠠᠮᠠᠳ᠎ᠲᠠᠢ᠎ᠪᠠᠨ ᠤᠷᠤᠯᠴᠠᠬᠰᠠᠨ ᠵᠢᠷᠤᠭ ᠵᠢᠷᠤᠬᠤ ᠠᠵᠢᠯᠯᠠᠭ᠎ᠠ ᠵᠢ ᠥᠷᠨᠢᠭᠦᠯᠵᠡᠢ᠃ ᠨᠡᠢ᠌ᠭᠡᠮ᠎ᠤᠨ ᠠᠵᠢᠯᠲᠠᠳ ᠬᠢᠯᠪᠠᠷ ᠣᠢ᠌ᠯᠠᠭ᠋ᠠᠮᠵᠢᠲᠠᠢ ᠦᠭᠡ ᠬᠡᠯᠡ᠎ᠪᠠᠷ ᠠᠵᠢᠯᠯᠠᠭ᠋ᠠᠨ᠎ᠤ ᠭᠣᠣᠯ ᠰᠡᠳᠦᠪ ᠪᠠ ᠵᠢᠷᠤᠭ ᠵᠢᠷᠤᠬᠤ ᠰᠡᠳᠬᠢᠮᠵᠢ᠎ᠪᠠᠨ ᠲᠠᠨᠢᠯᠴᠠᠭᠤᠯᠵᠤ᠂ ᠭᠡᠷ᠎ᠤᠨ ᠠᠬᠠᠮᠠᠳ᠎ᠤᠨ ᠬᠠᠪᠰᠤᠷᠤᠯᠭ᠎ᠠ᠎ᠪᠠᠷ ᠬᠡᠦᠬᠡᠳ᠎ᠤᠳ  ᠰᠡᠳᠬᠢᠯ ᠲᠠᠯᠪᠢᠨ ᠵᠢᠷᠤᠵᠤ ᠪᠠᠢ᠌ᠯ᠎ᠠ᠃ ᠡᠨᠡ ᠤᠳᠠᠭ᠋ᠠᠨ᠎ᠤ ᠰᠡᠳᠬᠢᠯ᠎ᠢ ᠳᠤᠯᠠᠭ᠋ᠠᠴᠠᠭᠤᠯᠬᠤ ᠠᠵᠢᠯᠯᠠᠭ᠎ᠠ᠎ᠨᠢ ᠬᠡᠦᠬᠡᠳ᠎ᠤᠨ ᠵᠣᠬᠢᠶᠠᠨ ᠪᠦᠲᠦᠭᠡᠬᠦ ᠤᠷᠮ᠎ᠠ ᠵᠣᠷᠢᠭ᠎ᠢ ᠤᠯᠠᠮ ᠬᠥᠭᠵᠢᠭᠡᠵᠦ᠂ ᠡᠴᠢᠭᠡ ᠡᠬᠡ ᠪᠣᠯᠣᠨ ᠦᠷ᠎ᠡ ᠬᠡᠦᠬᠡᠳ᠎ᠤᠨ ᠬᠠᠷᠢᠴᠠᠭ᠎ᠠ ᠵᠢ ᠨᠢᠭᠲᠠᠷᠠᠭᠤᠯᠵᠤ᠂ ᠭᠡᠷ᠎ᠤᠨ ᠠᠬᠠᠮᠠᠳ ᠪᠣᠯᠣᠨ ᠬᠡᠦᠬᠡᠳ᠎ᠤᠨ ᠬᠠᠮᠲᠤ ᠵᠢᠨ  ᠰᠠᠢ᠌ᠨ ᠦᠨᠡᠯᠡᠯᠳᠡ ᠵᠢ ᠣᠯᠣᠭᠰᠠᠨ ᠪᠠᠢ᠌ᠨ᠎ᠠ᠃

 

 

 

 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠱᠠᠰᠢᠨ ᠰᠤᠷᠲᠠᠬᠤᠨ᠎ᠤ ᠠᠵᠢᠯᠯᠠᠭ᠎ᠠ ᠵᠢᠨ ᠲᠠᠯᠠᠪᠤᠷ ᠵᠢᠨ ᠬᠠᠤᠯᠢ ᠵᠢᠨ ᠡᠷᠬᠡᠳᠡᠨ᠎ᠤ ᠲᠠᠡᠭᠰᠠᠯᠠᠯᠳᠠ ᠵᠢ ᠰᠢᠯᠢᠳᠡᠭᠵᠢᠬᠦᠯᠪᠡ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠵᠠᠰᠠᠭ᠎ᠤᠨ ᠣᠷᠳᠣᠨ᠎ᠤ ᠬᠤᠳᠠᠯᠳᠤᠨ ᠠᠪᠴᠤ ᠦᠭᠭᠦ ᠲᠤᠳᠤᠭ᠋ᠠᠳᠤ ᠡᠵᠡᠮᠳᠡᠯ ᠬᠠᠮᠢᠶᠠᠷᠤᠯᠳᠠ ᠬᠠᠮᠢᠶᠠᠷᠤᠯᠳᠠ ᠵᠢ ᠴᠢᠡᠭᠭ᠋ᠠᠳᠬᠠᠵᠤ ᠪᠠᠢ᠌ᠨ᠎ᠠ
ᠥᠪᠡᠷᠲᠡᠭᠡᠨ ᠵᠠᠰᠠᠬᠤ ᠣᠷᠣᠨ᠎ᠤ ᠭᠤᠷᠪᠠᠳᠤᠭ᠋ᠠᠷ ᠬᠤᠭᠤᠴᠠᠭ᠋ᠠᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠦᠨᠡᠯᠡᠬᠦ ᠵᠦᠪᠯᠡᠯ᠎ᠤᠨ᠎ᠬᠢᠨ ᠬᠣᠶᠠᠳᠤᠭ᠋ᠠᠷ ᠤᠳᠠᠭ᠋ᠠᠨ᠎ᠤ ᠦᠨᠡᠯᠡᠯᠳᠡ ᠵᠢᠨ ᠬᠤᠷᠠᠯ ᠬᠤᠷᠠᠯᠳᠤᠭᠤᠯᠪᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠺᠠᠳ᠋ᠷ᠎ᠤᠨ ᠰᠡᠳᠬᠢᠴᠡ ᠵᠢᠨ ᠡᠷᠡᠬᠦᠯ ᠮᠡᠨᠳᠤ ᠵᠢᠨ ᠲᠠᠢ᠌ᠯᠤᠮᠵᠢ ᠡᠷᠬᠢᠯᠡᠪᠡ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠪᠥᠬᠥ ᠣᠷᠣᠨ᠎ᠤ ᠨᠢᠭᠦᠯᠡᠰᠦᠩᠭᠦᠢ ᠵᠢᠨ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ᠎ᠢ ᠤᠯᠠᠭ᠋ᠠᠨᠴᠠᠪ ᠬᠣᠲᠠ᠎ᠳᠤ ᠡᠷᠭᠢᠯᠡᠪᠡ
 
            