ᠳᠤᠮᠳᠠᠲᠤ ᠤᠯᠤᠰ ᠤᠨ ᠡᠪ ᠬᠠᠮᠲᠦ ᠨᠠᠮ ᠤᠨ ᠠᠷᠢᠭᠤᠨ ᠴᠢᠭᠡᠴᠢ ᠪᠠᠷ ᠪᠡᠶ᠎ᠡ ᠪᠠᠨ ᠴᠢᠩᠭ᠎ᠠ ᠱᠠᠭᠠᠷᠳᠠᠬᠤ ᠲᠦᠷᠢᠮ
ᠨᠡᠶᠢᠲᠡᠯᠡᠭᠰᠡᠨ ᠴᠠᠭ᠄
2016-03-03
           ᠳᠤᠮᠳᠠᠳᠤ ᠤᠯᠤᠰ ᠤᠨ ᠡᠪ ᠬᠠᠮᠲᠤ ᠨᠠᠮ ᠤᠨ ᠪᠦᠭᠦ ᠨᠠᠮ ᠤᠨ ᠬᠡᠰᠢᠭᠦᠨ ᠪᠠ ᠡᠯ᠎ᠡ ᠱᠠᠲᠤᠨ ᠤ ᠨᠠᠮ ᠤᠨ ᠬᠡᠰᠢᠭᠦᠨ ᠤᠳᠤᠷᠢᠳᠬᠤ ᠺᠠᠳ᠋ᠷ ᠡᠷᠬᠡᠪᠰᠢ ᠡᠪ ᠬᠠᠮᠲᠤᠴᠢ ᠦᠵᠡᠯ ᠤᠨ ᠭᠦᠰᠡᠯᠡᠩ ᠪᠤᠯᠤᠨ ᠳᠤᠮᠳᠠᠳᠤ ᠤᠯᠤᠰ ᠤᠨ ᠤᠨᠴᠠᠯᠢᠭᠲᠤ ᠨᠡᠶᠢᠬᠡᠮ ᠵᠢᠷᠤᠮ ᠤᠨ ᠢᠲᠡᠭᠡᠯ ᠬᠦᠰᠡᠯ ᠢᠶᠠᠨ ᠪᠠᠲᠤᠳᠬᠠᠵᠤ᠂ ᠪᠦᠭᠦ ᠰᠡᠳᠬᠢᠯ ᠪᠦᠭᠦ ᠵᠤᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠤᠰᠤᠨ ᠵᠤᠷᠢᠯᠲᠡ ᠪᠠᠨ ᠡᠷᠭᠡᠪᠰᠢ ᠪᠠᠷᠢᠮᠲᠡᠯᠡᠨ᠂ ᠨᠠᠮ ᠤᠨ ᠰᠢᠯᠢᠳᠡᠭ ᠤᠯᠠᠮᠵᠢᠯᠠᠯ ᠪᠠ ᠬᠡᠪ ᠰᠤᠷᠲᠠᠯ ᠢᠶᠠᠨ ᠡᠷᠭᠡᠪᠰᠢ ᠤᠯᠠᠮᠵᠢᠯᠠᠨ ᠪᠠᠳᠠᠷᠠᠭᠤᠯᠵᠤ᠂ ᠡᠷᠬᠢᠮ ᠳᠡᠭᠡᠳᠤ ᠶᠤᠰᠤ ᠮᠤᠷᠠᠯ ᠢᠶᠠᠨ ᠡᠷᠬᠡᠪᠰᠢ ᠤᠬᠠᠮᠰᠠᠷ ᠠᠴᠠ ᠪᠠᠨ ᠪᠤᠢ ᠪᠤᠯᠭᠠᠨ᠂ ᠳᠤᠮᠳᠠᠳᠤ ᠶᠢᠨ ᠦᠨᠳᠦᠰᠦᠲᠡᠨ ᠨᠦᠭᠦᠳ ᠤᠨ ᠤᠯᠠᠮᠵᠢᠯᠠᠯᠲᠤ ᠰᠠᠶᠢᠬᠠᠨ ᠶᠤᠰᠤ ᠮᠤᠷᠠᠯ ᠢᠶᠠᠨ ᠡᠷᠬᠡᠪᠰᠢ ᠴᠢᠷᠮᠠᠶᠢᠨ ᠪᠠᠳᠠᠷᠠᠭᠤᠯᠵᠤ᠂ ᠠᠷᠢᠭᠤᠨ ᠴᠢᠭᠡᠴᠢ ᠪᠠᠷ ᠪᠡᠶ᠎ᠡ ᠪᠠᠨ ᠴᠢᠩᠭ᠎ᠠ ᠱᠠᠭᠠᠷᠳᠠᠨ᠂ ᠬᠢᠨᠠᠯᠲᠠ ᠶᠢ ᠬᠦᠯᠢᠶᠡᠵᠤ᠂ ᠨᠠᠮ ᠤᠨ ᠲᠡᠷᠢᠭᠦᠨ ᠤ ᠴᠢᠨᠠᠷ ᠪᠠ ᠠᠷᠢᠭᠤᠨ ᠴᠡᠪᠡᠷ ᠴᠢᠨᠠᠷ ᠢ ᠬᠡᠵᠢᠶᠡᠳᠡ ᠬᠠᠳᠠᠭᠠᠯᠠᠬᠤ ᠭᠡᠷᠡᠭᠲᠡᠢ᠃      ᠨᠠᠮ ᠤᠨ ᠬᠡᠰᠢᠭᠦᠨ ᠤ ᠠᠷᠢᠭᠤᠨ ᠴᠢᠭᠡᠴᠢ ᠪᠠᠷ ᠪᠡᠶ᠎ᠡ ᠪᠠᠨ ᠴᠢᠩᠭ᠎ᠠ ᠱᠠᠭᠠᠷᠳᠠᠬᠤ ᠲᠦᠷᠢᠮ      ᠨᠢᠭᠡᠳᠦᠭᠡᠷ ᠵᠣᠷᠪᠣᠰ᠂ ᠬᠤᠪᠢ ᠪᠠ ᠨᠡᠶᠢᠲᠡ ᠶᠢ ᠲᠤᠳᠤᠷᠬᠠᠢ ᠢᠯᠭᠠᠬᠤ ᠶᠢ ᠪᠠᠷᠢᠮᠲᠠᠯᠠᠨ᠂ ᠦᠪᠡᠷ ᠤᠨ ᠠᠰᠢᠭ ᠢᠶᠠᠨ ᠲᠡᠪᠴᠢᠵᠤ ᠨᠡᠶᠢᠲᠡ ᠶᠢᠨ ᠲᠦᠯᠦᠭᠡ ᠵᠢᠳᠭᠦᠬᠦ ᠬᠡᠷᠡᠭᠲᠡᠢ᠃      ᠬᠤᠶᠠᠳᠤᠭᠠᠷ ᠵᠣᠷᠪᠣᠰ᠂ ᠠᠷᠢᠭᠤᠨ ᠴᠢᠭᠡᠴᠢ ᠢ ᠡᠷᠬᠢᠮᠯᠡᠨ ᠢᠯᠵᠢᠷᠡᠯ ᠢ ᠡᠰᠡᠷᠭᠦᠴᠡᠬᠦ ᠶᠢ ᠪᠠᠷᠢᠮᠲᠠᠯᠠᠵᠤ᠂ ᠴᠡᠪᠡᠷ ᠴᠢᠭᠡᠴᠢ ᠪᠠᠷ ᠠᠵᠢᠯᠯᠠᠵᠤ ᠠᠮᠢᠳᠤᠷᠠᠬᠤ ᠬᠡᠷᠡᠭᠲᠡᠢ᠃      ᠭᠤᠷᠪᠠᠳᠤᠭᠠᠷ ᠵᠣᠷᠪᠣᠰ᠂ ᠠᠷᠪᠢᠯᠠᠨ ᠭᠠᠮᠨᠠᠬᠤ ᠶᠢ ᠡᠷᠬᠢᠮᠯᠡᠨ ᠱᠠᠯᠢᠨ ᠪᠦᠷᠢᠯᠭᠡᠬᠦ ᠦᠭᠡᠢ ᠪᠠᠶᠢᠬᠤ ᠶᠢ ᠪᠠᠷᠢᠮᠲᠠᠯᠠᠵᠤ᠂ ᠬᠠᠳᠠᠭᠤᠵᠢᠯᠲᠠᠢ ᠪᠤᠷᠤᠭᠵᠢᠭᠤᠨ ᠠᠵᠢᠯᠴᠢ ᠠᠷᠪᠢᠴᠢ ᠪᠠᠶᠢᠬᠤ ᠬᠡᠷᠡᠭᠲᠡᠢ᠃      ᠲᠦᠷᠪᠡᠳᠦᠭᠡᠷ ᠵᠣᠷᠪᠣᠰ᠂ ᠬᠦᠴᠢᠷ ᠪᠡᠷᠭᠡ ᠶᠢ ᠬᠦᠮᠦᠨ ᠠᠴᠠ ᠡᠮᠦᠨ᠎ᠡ ᠠᠮᠰᠠᠵᠤ ᠵᠤᠯ ᠵᠢᠷᠭᠠᠯ ᠢ ᠪᠤᠰᠤᠳ ᠤᠨ ᠬᠤᠶᠢᠨ᠎ᠠ ᠡᠳ᠋ᠯᠡᠬᠦ ᠶᠢ ᠪᠠᠷᠢᠮᠲᠠᠯᠠᠨ᠂ ᠲᠤᠷᠠᠲᠠᠶ᠎ᠠ ᠨᠡᠮᠡᠷᠢ ᠬᠠᠨᠳᠢᠪ ᠡᠷᠭᠦᠭᠦ ᠬᠡᠷᠡᠭᠲᠡᠢ᠃      ᠨᠠᠮ ᠤᠨ ᠬᠡᠰᠢᠭᠦᠨ ᠤᠳᠤᠷᠢᠳᠬᠤ ᠺᠠᠳ᠋ᠷ ᠤᠨ ᠠᠷᠢᠭᠤᠨ ᠴᠢᠭᠡᠴᠢ ᠪᠠᠷ ᠪᠡᠶ᠎ᠡ ᠪᠠᠨ ᠴᠢᠩᠭ᠎ᠠ ᠱᠠᠭᠠᠷᠳᠠᠬᠤ ᠲᠦᠷᠢᠮ      ᠲᠠᠪᠤᠳᠤᠭᠠᠷ ᠵᠣᠷᠪᠣᠰ᠂ ᠠᠷᠢᠭᠤᠨ ᠴᠢᠭᠡᠴᠢ ᠪᠠᠷ ᠵᠠᠰᠠᠭ ᠪᠠᠷᠢᠵᠤ᠂ ᠠᠷᠠᠳ ᠲᠦᠮᠡᠨ ᠤ ᠠᠯᠪᠠᠨ ᠵᠠᠷᠤᠴᠠ ᠶᠢᠨ ᠤᠭ ᠴᠢᠨᠠᠷ ᠢᠶᠠᠨ ᠤᠬᠠᠮᠰᠡᠷ ᠠᠴᠠ ᠪᠠᠨ ᠬᠠᠳᠠᠭᠠᠯᠠᠬᠤ ᠬᠡᠷᠡᠭᠲᠡᠢ᠃      ᠵᠢᠷᠭᠤᠳᠤᠭᠠᠷ ᠵᠣᠷᠪᠣᠰ᠂ ᠠᠷᠢᠭᠤᠨ ᠴᠢᠭᠡᠴᠢ ᠪᠠᠷ ᠡᠷᠭᠡ ᠪᠠᠨ ᠭᠡᠷᠡᠭᠯᠡᠨ᠂ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠤᠬᠠᠮᠰᠠᠷ ᠠᠴᠠ ᠪᠠᠨ ᠬᠠᠮᠠᠭᠠᠯᠠᠬᠤ ᠬᠡᠷᠡᠭᠳᠠᠢ᠃      ᠲᠤᠯᠤᠳᠤᠭᠠᠷ ᠵᠣᠷᠪᠣᠰ᠂ ᠠᠷᠢᠭᠤᠨ ᠴᠢᠭᠡᠴᠢ ᠪᠠᠷ ᠪᠡᠶ᠎ᠡ ᠪᠠᠨ ᠵᠠᠰᠠᠵᠤ᠂ ᠦᠵᠡᠯ ᠰᠠᠨᠠᠭ᠎ᠠ ᠶᠤᠰᠤ ᠮᠤᠷᠠᠯ ᠤᠨ ᠬᠢᠷᠢ ᠲᠦᠪᠰᠢᠨ ᠢᠶᠠᠨ ᠤᠬᠠᠮᠰᠠᠷ ᠠᠴᠠ ᠪᠠᠨ ᠳᠡᠭᠡᠭᠰᠢᠯᠡᠭᠦᠯᠬᠦ ᠬᠡᠷᠡᠭᠲᠡᠢ᠃      ᠨᠠᠢᠮᠠᠳᠤᠭᠠᠷ ᠵᠣᠷᠪᠣᠰ᠂ ᠠᠷᠢᠭᠤᠨ ᠴᠢᠭᠡᠴᠢ ᠪᠠᠷ ᠭᠡᠷ ᠪᠦᠯᠢ ᠪᠠᠨ ᠵᠠᠰᠠᠵᠤ᠂ ᠰᠠᠶᠢᠨ ᠰᠠᠶᠢᠬᠠᠨ ᠭᠡᠷ ᠤᠨ ᠰᠤᠷᠲᠠᠯ ᠢ ᠤᠬᠠᠮᠰᠠᠷ ᠠᠴᠠ ᠪᠠᠨ ᠲᠦᠷᠤᠭᠦᠯᠡᠨ ᠪᠤᠢ ᠪᠤᠯᠭᠠᠬᠤ ᠬᠡᠷᠡᠭᠲᠡᠢ᠃
 
ᠢᠷᠡᠯᠲᠡ᠄ ᠦᠪᠤᠷ ᠮᠤᠩᠭᠤᠯ ᠤᠨ ᠠᠷᠠᠤᠨ ᠤᠨ ᠶᠠᠪᠤᠳᠠᠯ ᠤᠨ ᠲᠢᠩᠭ᠊ ᠵᠮ ᠤᠨ ᠭᠢᠳᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号