ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠳᠢᠩᠬᠢᠮ᠂ ᠦᠢᠯᠡᠳᠪᠤᠷᠢ ᠬᠤᠳᠠᠯᠳᠤᠭᠠᠨ ᠤ ᠬᠠᠮᠢᠶᠠᠷᠤᠯᠳᠠ ᠶᠢᠨ ᠳᠤᠪᠴᠢᠶ᠎ᠠ ᠠᠴᠠ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠡᠶᠢᠭᠡᠮ ᠤᠨ ᠠᠪᠤᠷᠠᠨ ᠳᠤᠰᠠᠯᠠᠯᠲᠠ ᠶᠢᠨ ᠭᠡᠷ ᠪᠦᠯᠢ ᠶᠢᠨ ᠪᠦᠷᠢᠯᠳᠦᠬᠦᠨ ᠤ ᠦᠢᠯᠡᠳᠪᠤᠷᠢ ᠬᠤᠳᠠᠯᠳᠤᠭᠠᠨ ᠳᠤ ᠳᠠᠩᠰᠠᠯᠠᠭᠤᠯᠤᠭᠰᠠᠨ ᠮᠡᠳᠡᠭᠡ ᠵᠠᠩᠬᠢ ᠶᠢᠨ ᠬᠠᠷᠭᠤᠭᠤᠯᠬᠤ ᠠᠷᠭ᠎ᠠ︾ ᠶᠢ ᠭᠡᠪᠯᠡᠨ ᠳᠠᠷᠬᠠᠭᠠᠪᠠ
ᠨᠡᠶᠢᠲᠡᠯᠡᠭᠰᠡᠨ ᠴᠠᠭ᠄
2017-05-22
                2017 ᠤᠨ ᠤ 3 ᠳ᠋ᠤᠭᠠᠷ ᠰᠠᠷ᠎ᠠ ᠶᠢᠨ 8 ᠤ ᠡᠳᠤᠷ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠳᠢᠩᠬᠢᠮ᠂ ᠦᠢᠯᠡᠳᠪᠤᠷᠢ ᠬᠤᠳᠠᠯᠳᠤᠭᠠᠨ ᠤ ᠬᠠᠮᠢᠶᠠᠷᠤᠯᠳᠠ ᠶᠢᠨ ᠳᠤᠪᠴᠢᠶ᠎ᠠ ᠠᠴᠠ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠡᠶᠢᠭᠡᠮ ᠤᠨ ᠠᠪᠤᠷᠠᠨ ᠳᠤᠰᠠᠯᠠᠯᠲᠠ ᠶᠢᠨ ᠭᠡᠷ ᠪᠦᠯᠢ ᠶᠢᠨ ᠪᠦᠷᠢᠯᠳᠦᠬᠦᠨ ᠤ ᠦᠢᠯᠡᠳᠪᠤᠷᠢ ᠬᠤᠳᠠᠯᠳᠤᠭᠠᠨ ᠳᠤ ᠳᠠᠩᠰᠠᠯᠠᠭᠤᠯᠤᠭᠰᠠᠨ ᠮᠡᠳᠡᠭᠡ ᠵᠠᠩᠬᠢ ᠶᠢᠨ ᠬᠠᠷᠭᠤᠭᠤᠯᠬᠤ ᠠᠷᠭ᠎ᠠ︾ ᠶᠢ ᠭᠡᠪᠯᠡᠨ ᠳᠠᠷᠬᠠᠭᠠᠭᠰᠠᠨ ᠪᠠᠶᠢᠨ᠎ᠠ᠃ ︿︿ᠠᠷᠭ᠎ᠠ﹀﹀ ᠶᠢᠨ ᠭᠤᠤᠯ ᠠᠭᠤᠯᠭ᠎ᠠ ᠶᠢ ᠳᠣᠣᠷᠠᠬᠢ ᠮᠠᠳᠤ ᠳᠦᠬᠦᠮᠴᠢᠯᠡᠶ᠎ᠠ᠄      ᠦᠪᠡᠷᠳᠡᠭᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠳᠢᠩᠬᠢᠮ ᠪᠤᠯ ᠨᠡᠶᠢᠭᠡᠮ ᠤᠨ ᠠᠪᠤᠷᠠᠨ ᠳᠤᠰᠠᠯᠠᠯᠲᠠ ᠶᠢᠨ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠤᠨ ᠬᠠᠷᠭᠤᠭᠤᠯᠬᠤ ᠠᠵᠢᠯ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠤᠯᠤᠨ᠎ᠠ᠂ ᠦᠢᠯᠡᠳᠪᠤᠷᠢ ᠬᠤᠳᠠᠯᠳᠤᠭ᠎ᠠ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠳᠤᠪᠴᠢᠶ᠎ᠠ ︵ᠳᠤᠷᠤᠭᠰᠢ ᠦᠢᠯᠡᠳᠪᠤᠷᠢ ᠬᠤᠳᠠᠯᠳᠤᠭᠠᠨ ᠤ ᠳᠤᠪᠴᠢᠶ᠎ᠠ ᠭᠡᠵᠤ ᠳᠦᠬᠦᠮᠴᠢᠯᠠᠨ᠎ᠠ︶ ᠨᠢ ᠠᠷᠠᠳ ᠤᠨ ᠶᠠᠪᠤᠳᠠᠯ ᠤᠨ ᠳᠢᠩᠬᠢᠮ ᠲᠠᠢ ᠬᠠᠮᠵᠢᠯᠴᠠᠨ ᠬᠤᠯᠪᠤᠭᠳᠠᠯ ᠪᠦᠬᠦᠢ ᠮᠡᠳᠡᠭᠡ ᠵᠠᠩᠬᠢ ᠤᠨ ᠬᠠᠷᠭᠤᠭᠤᠯᠬᠤ ᠠᠵᠢᠯ ᠶᠠᠪᠤᠳᠠᠯ ᠢ ᠬᠦᠢᠴᠡᠳᠭᠡᠨ᠎ᠡ᠃      ᠦᠪᠡᠷᠳᠡᠭᠡᠨ ᠵᠠᠰᠠᠬᠤ ᠤᠷᠤᠨ ᠤ ᠦᠢᠯᠡᠳᠪᠤᠷᠢ ᠬᠤᠳᠠᠯᠳᠤᠭᠠᠨ ᠤ ᠳᠤᠪᠴᠢᠶ᠎ᠠ ᠨᠢ ᠳᠤᠤᠷ ᠰᠦᠯᠵᠢᠶᠡᠨ ᠤ ᠮᠡᠷᠭᠡᠵᠢᠯ ᠢ ᠠᠰᠢᠭᠯᠠᠨ᠂ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠲᠤ ᠨᠡᠶᠢᠭᠡᠮ ᠤᠨ ᠠᠪᠤᠷᠠᠨ ᠳᠤᠰᠠᠯᠠᠯᠲᠠ ᠶᠢᠨ ᠭᠡᠷ ᠪᠦᠯᠢ ᠶᠢᠨ ᠪᠦᠷᠢᠯᠳᠦᠬᠦᠨ ᠤ ᠪᠦᠬᠦ ᠤᠷᠤᠨ ᠤ ᠭᠡᠪᠴᠢᠶᠠᠨ ᠳᠠᠬᠢ ᠦᠢᠯᠡᠳᠪᠤᠷᠢ ᠬᠤᠳᠠᠯᠳᠤᠭᠠᠨ ᠳᠤ ᠳᠠᠩᠰᠠᠯᠠᠭᠤᠯᠤᠭᠰᠠᠨ ᠮᠡᠳᠡᠭᠡ ᠵᠠᠩᠬᠢ ᠶᠢᠨ ᠦᠢᠯᠡᠴᠢᠯᠡᠭᠡ ᠬᠠᠩᠭᠠᠨ᠎ᠠ᠃      ᠦᠪᠡᠷᠳᠡᠭᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠳᠢᠩᠬᠢᠮ ᠨᠢ ᠨᠡᠶᠢᠭᠡᠮ ᠤᠨ ᠠᠪᠤᠷᠠᠨ ᠳᠤᠰᠠᠯᠠᠬᠤ ᠭᠡᠷ ᠪᠦᠯᠢ ᠶᠢᠨ ᠪᠦᠷᠢᠯᠳᠦᠬᠦᠨ ᠤ ᠦᠢᠯᠡᠳᠪᠤᠷᠢ ᠬᠤᠳᠠᠯᠳᠤᠭᠠᠨ ᠳᠤ ᠳᠠᠩᠰᠠᠯᠠᠭᠤᠯᠤᠭᠰᠠᠨ ᠮᠡᠳᠡᠭᠡ ᠵᠠᠩᠬᠢ ᠶᠢ ᠬᠠᠷᠭᠤᠭᠤᠯᠬᠤ ᠳᠤ ᠪᠠᠨ ᠡᠷᠭᠡᠪᠰᠢ ᠬᠠᠷᠭᠤᠭᠤᠯᠠᠭᠤᠯᠬᠤ ᠡᠲᠡᠭᠡᠳ ᠪᠤᠶᠤ ᠪᠤᠰᠤᠳ ᠬᠠᠷᠠᠭᠠᠯᠵᠠᠨ ᠬᠠᠮᠠᠭᠠᠯᠠᠵᠤ ᠪᠠᠶᠢᠭ᠎ᠠ ᠬᠦᠮᠤᠰ ᠤᠨ ᠵᠦᠪᠰᠢᠶᠡᠷᠡᠯ ᠢ ᠤᠯᠬᠤ ᠮᠦᠷᠳᠡᠭᠡᠨ ᠪᠢᠴᠢᠭ ᠢᠶᠠᠷ ᠡᠷᠭᠡ ᠤᠯᠭᠤᠭᠰᠠᠨ ᠪᠠᠶᠢᠬᠤ ᠭᠡᠷᠡᠭᠳᠡᠢ᠃      ᠦᠪᠡᠷᠳᠡᠭᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠳᠢᠩᠬᠢᠮ ᠨᠢ ᠡᠯ᠎ᠡ ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠢ ᠵᠢᠯᠣᠭᠤᠳᠤᠨ ᠨᠡᠶᠢᠭᠡᠮ ᠤᠨ ᠠᠪᠤᠷᠠᠨ ᠳᠤᠰᠠᠯᠠᠯᠲᠠ ᠶᠢᠨ ᠭᠡᠷ ᠪᠦᠯᠢ ᠶᠢᠨ ᠪᠦᠬᠦ ᠪᠦᠷᠢᠯᠳᠦᠬᠦᠨ ᠤ ᠡᠷᠭᠡ ᠤᠯᠭᠤᠯᠳᠠ ᠶᠢᠨ ᠪᠠᠶᠢᠳᠠᠯ ᠢ ᠬᠢᠨᠠᠨ ᠪᠠᠶᠢᠴᠠᠭᠠᠵᠤ᠂ ᠬᠠᠷᠭᠤᠭᠤᠯᠬᠤ ᠬᠦᠮᠦᠰ ᠲᠤ ᠡᠷᠭᠡ ᠤᠯᠭᠤᠭᠰᠠᠨ ᠶᠠᠪᠤᠳᠠᠯ ᠦᠨᠡᠨ ᠪᠣᠳᠠᠲᠠᠢ ᠡᠰᠡᠬᠦ᠂ ᠬᠠᠤᠯᠢ ᠶᠤᠰᠤᠨ ᠳᠤ ᠨᠡᠶᠢᠴᠡᠬᠦ ᠡᠰᠡᠬᠦ᠂ ᠭᠦᠴᠤᠨ ᠲᠠᠢ ᠡᠰᠡᠬᠦ ᠶᠢ ᠬᠠᠷᠢᠭᠤᠴᠠᠬᠤ ᠭᠡᠷᠡᠭᠳᠡᠢ᠃      ᠦᠪᠡᠷᠳᠡᠭᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠳᠢᠩᠬᠢᠮ ᠠᠴᠠ ᠦᠪᠡᠷᠳᠡᠭᠡᠨ ᠵᠠᠰᠠᠬᠤ ᠤᠷᠤᠨ ᠤ ᠦᠢᠯᠡᠳᠪᠤᠷᠢ ᠬᠤᠳᠠᠯᠳᠤᠭᠠᠨ ᠤ ᠳᠤᠪᠴᠢᠶ᠎ᠠ ᠳᠤ ᠭᠠᠷᠭᠠᠭᠰᠠᠨ ᠨᠡᠶᠢᠭᠡᠮ ᠤᠨ ᠠᠪᠤᠷᠠᠨ ᠳᠤᠰᠠᠯᠠᠯᠲᠠ ᠶᠢᠨ ᠭᠡᠷ ᠪᠦᠯᠢ ᠶᠢᠨ ᠪᠦᠷᠢᠯᠳᠦᠬᠦᠨ ᠤ ᠦᠢᠯᠡᠳᠪᠤᠷᠢ ᠬᠤᠳᠠᠯᠳᠤᠭᠠᠨ ᠳᠤ ᠳᠠᠩᠰᠠᠯᠠᠭᠤᠯᠤᠭᠰᠠᠨ ᠮᠡᠳᠡᠭᠡ ᠵᠠᠩᠬᠢ ᠶᠢᠨ ᠬᠠᠷᠭᠤᠭᠤᠯᠬᠤ ᠭᠤᠶᠤᠴᠢᠯᠠᠯᠳᠠ ᠳᠤ ᠪᠠᠨ ᠬᠠᠷᠭᠤᠭᠤᠯᠠᠭᠤᠯᠬᠤ ᠡᠲᠡᠭᠡᠳ ᠤᠨ ᠤᠪᠤᠭ ᠨᠡᠷ᠎ᠠ᠂ ᠦᠨᠡᠮᠯᠡᠯ ᠤᠨ ᠳᠦᠷᠦᠯ ᠵᠦᠢᠯ᠂ ᠦᠨᠡᠮᠯᠡᠯ ᠤᠨ ᠨᠤᠮᠧᠷ᠂ ᠬᠠᠷᠭᠤᠭᠤᠯᠬᠤ ᠠᠭᠤᠯᠭ᠎ᠠ᠂ ᠬᠠᠷᠭᠤᠭᠤᠯᠬᠤ ᠴᠠᠭ ᠬᠤᠭᠤᠴᠠᠭ᠎ᠠ ᠵᠡᠷᠭᠡ ᠴᠢᠬᠤᠯᠠ ᠳᠤᠭ᠎ᠠ ᠪᠠᠷᠢᠮᠳᠠ ᠶᠢᠨ ᠵᠦᠢᠯ ᠢ ᠪᠠᠭᠳᠠᠭᠠᠬᠤ ᠭᠡᠷᠡᠭᠳᠡᠢ᠃      ᠦᠪᠡᠷᠳᠡᠭᠡᠨ ᠵᠠᠰᠠᠬᠤ ᠤᠷᠤᠨ ᠤ ᠦᠢᠯᠡᠳᠪᠤᠷᠢ ᠬᠤᠳᠠᠯᠳᠤᠭᠠᠨ ᠤ ᠳᠤᠪᠴᠢᠶ᠎ᠠ ᠨᠢ ᠡᠯᠧᠺᠲᠷᠤᠨ ᠵᠠᠰᠠᠭ ᠤᠨ ᠶᠠᠪᠤᠳᠠᠯ ᠤᠨ ᠭᠠᠳᠠᠭᠠᠳᠤ ᠰᠦᠯᠵᠢᠶᠠᠨ ᠤ ᠤᠯᠤᠰ ᠤᠨ ᠠᠵᠤ ᠠᠬᠤᠶᠢᠯᠠᠯ ᠤᠨ ᠢᠳᠡᠭᠡᠮᠵᠢᠳᠤ ᠮᠡᠳᠡᠭᠡ ᠵᠠᠩᠬᠢ ᠶᠢᠨ ᠵᠠᠷᠯᠠᠨ ᠨᠡᠶᠢᠲᠡᠯᠡᠬᠦ ᠰᠢᠰᠲ᠋ᠧᠮ ︵ᠰᠠᠯᠠᠭ᠎ᠠ ᠮᠦᠴᠢᠷ ᠤᠨ ᠬᠠᠮᠵᠢᠯᠴᠠᠭᠰᠠᠨ ᠬᠢᠨᠠᠨ ᠬᠠᠮᠢᠶᠠᠷᠬᠤ ᠳᠠᠪᠴᠠᠩ — ᠦᠪᠦᠷ ᠮᠤᠩᠭᠤᠯ︶ ᠪᠤᠶᠤ ᠳᠤᠰᠬᠠᠢ ᠱᠤᠭᠤᠮ ᠢᠶᠠᠷ ᠦᠪᠡᠷᠳᠡᠭᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠳᠢᠩᠬᠢᠮ  ᠳᠤ ᠳᠤᠭ᠎ᠠ ᠪᠠᠷᠢᠮᠳᠠ ᠪᠠᠶᠢᠴᠠᠭᠠᠨ ᠯᠠᠪᠯᠠᠬᠤ ᠵᠠᠯᠭᠠᠭᠠᠰᠤ ᠶᠢ ᠨᠡᠭᠡᠭᠡᠨ ᠦᠭᠴᠤ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠳᠢᠩᠬᠢᠮ ᠠᠴᠠ ᠳᠤᠭ᠎ᠠ ᠪᠠᠷᠢᠮᠳᠠ ᠶᠢ ᠪᠠᠶᠢᠴᠠᠭᠠᠨ ᠯᠠᠪᠯᠠᠬᠤ ᠵᠠᠯᠭᠠᠭᠠᠰᠤ ᠪᠠᠷ ᠳᠣᠣᠷᠠᠬᠢ ᠮᠡᠳᠡᠭᠡ ᠵᠠᠩᠭᠢ ᠶᠢ ᠮᠡᠳᠡᠵᠤ ᠠᠪᠴᠤ ᠪᠣᠯᠤᠨ᠎ᠠ᠄      1. ᠬᠠᠷᠭᠤᠭᠤᠯᠠᠭᠤᠯᠬᠤ ᠡᠳᠡᠭᠡᠳ ᠨᠢ ᠠᠵᠤ ᠠᠬᠤᠶᠢᠯᠠᠯ ᠤᠨ ᠬᠠᠤᠯᠢ ᠶᠤᠰᠤᠨ ᠤ ᠳᠦᠯᠦᠭᠡᠯᠡᠭᠴᠢ᠂ ᠭᠡᠷᠡᠭ ᠮᠡᠳᠡᠭᠴᠢ᠂ ᠬᠢᠨᠠᠯᠳᠠ ᠳᠠᠯᠪᠢᠭᠴᠢ᠂ ᠳᠡᠭᠡᠳᠤ ᠳᠡᠰ ᠤᠨ ᠬᠠᠮᠢᠶᠠᠷᠤᠭᠴᠢ ᠪᠤᠯ ᠳᠡᠬᠦᠨ ᠤ ᠪᠠᠶᠢᠭ᠎ᠠ ᠠᠵᠤ ᠠᠬᠤᠶᠢᠯᠠᠯ ᠤᠨ ᠪᠠᠶᠢᠳᠠᠯ ᠳᠤ ᠨᠢᠭᠡᠳᠦᠯᠳᠡᠢ ᠨᠡᠶᠢᠭᠡᠮ ᠤᠨ ᠢᠳᠡᠭᠡᠮᠵᠢ ᠶᠢᠨ ᠳᠦᠯᠦᠭᠡᠨ ᠤ ᠳ᠋ᠤᠭᠠᠷ ᠪᠤᠶᠤ ᠳᠠᠩᠰᠠᠯᠠᠭᠤᠯᠤᠭᠰᠠᠨ ᠨᠤᠮᠧᠷ᠂ ᠠᠵᠤ ᠠᠬᠤᠶᠢᠯᠠᠯ ᠤᠨ ᠨᠡᠷ᠎ᠠ᠂ ᠬᠠᠷᠭᠤᠭᠤᠯᠠᠭᠤᠯᠬᠤ ᠡᠳᠡᠭᠡᠳ ᠤᠨ ᠤᠪᠤᠭ ᠨᠡᠷ᠎ᠠ᠂ ᠦᠨᠡᠮᠯᠡᠯ ᠤᠨ ᠨᠤᠮᠧᠷ᠂ ᠳᠤᠰᠢᠶᠠᠯ ᠵᠡᠷᠭᠡ ᠪᠠᠭᠳᠠᠨ᠎ᠠ︔      2. ᠬᠠᠷᠭᠤᠭᠤᠯᠠᠭᠤᠯᠬᠤ ᠡᠳᠡᠭᠡᠳ ᠨᠢ ᠠᠵᠤ ᠠᠬᠤᠶᠢᠯᠠᠯ ᠤᠨ ᠪᠡᠯᠡ ᠤᠷᠤᠭᠤᠯᠤᠭᠴᠢ ᠪᠤᠯ ᠳᠡᠬᠦᠨ ᠤ ᠪᠠᠶᠢᠭ᠎ᠠ ᠠᠵᠤ ᠠᠬᠤᠶᠢᠯᠠᠯ ᠤᠨ ᠪᠠᠶᠢᠳᠠᠯ ᠳᠤ ᠨᠢᠭᠡᠳᠤᠯᠳᠠᠢ ᠨᠡᠶᠢᠭᠡᠮ ᠤᠨ ᠢᠳᠡᠭᠡᠮᠵᠢ ᠶᠢᠨ ᠳᠦᠯᠦᠭᠡᠨ ᠤ ᠳ᠋ᠤᠭᠠᠷ ᠪᠤᠶᠤ ᠳᠠᠩᠰᠠᠯᠠᠭᠤᠯᠤᠭᠰᠠᠨ ᠨᠤᠮᠧᠷ᠂ ᠠᠵᠤ ᠠᠬᠤᠶᠢᠯᠠᠯ ᠤᠨ ᠨᠡᠷ᠎ᠠ᠂ ᠪᠡᠯᠡ ᠤᠷᠤᠭᠤᠯᠤᠭᠴᠢ ᠶᠢᠨ ᠤᠪᠤᠭ ᠨᠡᠷ᠎ᠠ᠂ ᠦᠨᠡᠮᠯᠡᠯ ᠤᠨ ᠨᠤᠮᠧᠷ᠂ ᠪᠡᠯᠡ ᠤᠷᠤᠭᠤᠯᠤᠭᠰᠠᠨ ᠳᠤᠭ᠎ᠠ ᠵᠡᠷᠭᠡ ᠪᠠᠭᠳᠠᠨ᠎ᠠ︔      3. ᠬᠠᠷᠭᠤᠭᠤᠯᠠᠭᠤᠯᠬᠤ ᠡᠳᠡᠭᠡᠳ ᠨᠢ ᠬᠤᠪᠢ ᠶᠢᠨ ᠡᠵᠡᠩᠨᠡᠭᠴᠢ ᠪᠤᠯ ᠳᠡᠬᠦᠨ ᠤ ᠬᠤᠯᠪᠤᠭᠳᠠᠯ ᠪᠦᠬᠦᠢ ᠮᠡᠳᠡᠭᠡ ᠵᠠᠩᠬᠢ ᠳᠤ ᠨᠢᠭᠡᠳᠦᠯᠳᠡᠢ ᠨᠡᠶᠢᠭᠡᠮ ᠤᠨ ᠢᠳᠡᠭᠡᠮᠵᠢ ᠶᠢᠨ ᠳᠦᠯᠦᠭᠡᠨ ᠤ ᠳ᠋ᠤᠭᠠᠷ ᠪᠤᠶᠤ ᠳᠠᠩᠰᠠᠯᠠᠭᠤᠯᠤᠭᠰᠠᠨ ᠨᠤᠮᠧᠷ᠂ ᠡᠵᠡᠩᠨᠡᠭᠴᠢ ᠶᠢᠨ ᠤᠪᠤᠭ ᠨᠡᠷ᠎ᠡ᠂ ᠡᠵᠡᠩᠨᠡᠭᠴᠢ ᠶᠢᠨ ᠦᠨᠡᠮᠯᠡᠯ ᠤᠨ ᠨᠤᠮᠧᠷ᠂ ᠪᠡᠯᠡ ᠮᠦᠩᠬᠦᠨ ᠤ ᠳᠤᠭ᠎ᠠ ᠵᠡᠷᠭᠡ ᠪᠠᠭᠳᠠᠨ᠎ᠠ︔      4. ᠬᠠᠷᠭᠤᠭᠤᠯᠠᠭᠤᠯᠬᠤ ᠡᠳᠡᠭᠡᠳ ᠨᠢ ᠪᠠᠶᠢᠭᠤᠯᠤᠮᠵᠢ ᠶᠢᠨ ᠳᠦᠷᠦᠬᠦᠤ ᠪᠤᠶᠤ ᠳᠦᠯᠦᠭᠡᠯᠡᠭᠴᠢ ᠪᠤᠯ ᠳᠡᠬᠦᠨ ᠤ ᠪᠠᠶᠢᠭ᠎ᠠ ᠳᠦᠯᠦᠭᠡᠯᠡᠬᠦ ᠪᠠᠶᠢᠭᠤᠯᠤᠮᠵᠢ ᠶᠢᠨ ᠪᠠᠶᠢᠳᠠᠯ ᠳᠤ ᠨᠢᠭᠡᠳᠤᠯᠳᠡᠢ ᠨᠡᠶᠢᠭᠡᠮ ᠤᠨ ᠢᠳᠡᠭᠡᠮᠵᠢ ᠶᠢᠨ ᠳᠦᠯᠦᠭᠡᠨ ᠤ ᠳ᠋ᠤᠭᠠᠷ ᠪᠤᠶᠤ ᠳᠠᠩᠰᠠᠯᠠᠭᠤᠯᠤᠭᠰᠠᠨ ᠨᠤᠮᠧᠷ᠂ ᠳᠦᠯᠦᠭᠡᠯᠡᠬᠦ ᠪᠠᠶᠢᠭᠤᠯᠤᠮᠵᠢ ᠶᠢᠨ ᠨᠡᠷ᠎ᠠ᠂ ᠳᠤᠰ ᠬᠦᠮᠦᠨ ᠤ ᠤᠪᠤᠭ ᠨᠡᠷ᠎ᠡ᠂ ᠦᠨᠡᠮᠯᠡᠯ ᠤᠨ ᠨᠤᠮᠧᠷ᠂ ᠳᠤᠰᠢᠶᠠᠯ ᠵᠡᠷᠭᠡ ᠪᠠᠭᠳᠠᠨ᠎ᠠ᠃      ᠦᠪᠡᠷᠳᠡᠭᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠳᠢᠩᠬᠢᠮ ᠪᠤᠯᠤᠨ ᠦᠢᠯᠡᠳᠪᠤᠷᠢ ᠬᠤᠳᠠᠯᠳᠤᠭᠠᠨ ᠤ ᠳᠤᠪᠴᠢᠶᠠᠨ ᠤ ᠠᠵᠢᠯᠳᠠᠨ ᠨᠡᠷ ᠡᠷᠬᠡᠪᠰᠢ ᠬᠤᠯᠪᠤᠭᠳᠠᠯ ᠪᠦᠬᠦᠢ ᠳᠤᠭᠳᠠᠭᠠᠯ ᠶᠤᠰᠤᠭᠠᠷ ᠬᠠᠷᠭᠤᠭᠤᠯᠠᠭᠤᠯᠬᠤ ᠡᠳᠡᠭᠡᠳ ᠤᠨ ᠮᠡᠳᠡᠭᠡ ᠵᠠᠩᠬᠢ ᠶᠢᠨ ᠨᠢᠭᠤᠴᠠ ᠶᠢ ᠬᠠᠮᠠᠭᠠᠯᠠᠬᠤ ᠬᠡᠷᠡᠭᠲᠠᠢ᠂ ᠦᠭᠡᠷ᠎ᠠ ᠵᠤᠬᠢᠶᠠᠨ ᠪᠠᠶᠢᠭᠤᠯᠤᠯᠳᠠ ᠪᠤᠶᠤ ᠬᠤᠪᠢ ᠬᠦᠮᠦᠨ ᠳᠤ ᠵᠠᠳᠠᠷᠠᠭᠤᠯᠵᠤ ᠪᠤᠯᠬᠤ ᠦᠭᠡᠢ᠃      ᠦᠪᠡᠷᠳᠡᠭᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠳᠢᠩᠬᠢᠮ᠂ ᠦᠢᠯᠡᠳᠪᠤᠷᠢ ᠬᠤᠳᠠᠯᠳᠤᠭᠠᠨ ᠤ ᠳᠤᠪᠴᠢᠶ᠎ᠠ ᠬᠠᠷᠭᠤᠭᠤᠯᠠᠭᠤᠯᠬᠤ ᠡᠳᠡᠭᠡᠳ ᠤᠨ ᠮᠡᠳᠡᠭᠡ ᠵᠠᠩᠬᠢ ᠶᠢ ᠬᠡᠷᠡᠭᠯᠡᠵᠤ ᠠᠰᠢᠭᠯᠠᠬᠤ ᠳᠤ ᠪᠠᠨ ᠳᠠᠩᠰᠠᠯᠠᠵᠤ ᠳᠡᠮᠳᠡᠭᠯᠡᠬᠦ ᠪᠡ ᠨᠢᠭᠤᠴᠠ ᠶᠢ ᠬᠠᠮᠠᠭᠠᠯᠠᠬᠤ ᠳᠦᠷᠢᠮ ᠳᠤᠭᠳᠠᠭᠠᠯ ᠢ ᠴᠢᠩᠭ᠎ᠠ ᠭᠡᠷᠡᠭᠵᠢᠬᠦᠯᠬᠦ ᠭᠡᠷᠡᠭᠳᠡᠢ᠃      ᠠᠶᠢᠮᠠᠭ ᠬᠤᠳᠠ᠂ ᠬᠤᠰᠢᠭᠤ ᠰᠢᠶᠠᠨ ︵ᠬᠤᠳᠠ ᠳᠤᠭᠤᠷᠢᠭ︶ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠨᠢ ᠳᠤᠰ ᠭᠠᠵᠠᠷ ᠤᠨ ᠬᠠᠷᠢᠶ᠎ᠠ ᠤᠷᠤᠨ ᠳᠤᠭᠤᠷᠢᠭ ᠲᠠᠬᠢ ᠨᠡᠶᠢᠭᠡᠮ ᠤᠨ ᠠᠪᠤᠷᠠᠨ ᠳᠤᠰᠠᠯᠠᠯᠲᠠ ᠶᠢᠨ ᠭᠡᠷ ᠪᠦᠯᠢ ᠶᠢᠨ ᠪᠦᠷᠢᠯᠳᠦᠬᠦᠨ ᠤ ᠦᠢᠯᠡᠳᠪᠤᠷᠢ ᠬᠤᠳᠠᠯᠳᠤᠭᠠᠨ ᠳᠤ ᠳᠠᠩᠰᠠᠯᠠᠭᠤᠯᠤᠭᠰᠠᠨ ᠮᠡᠳᠡᠭᠡ ᠵᠠᠩᠬᠢ ᠶᠢ ᠬᠠᠷᠭᠤᠭᠤᠯᠬᠤ ᠳᠤ ᠪᠠᠨ ᠳᠤᠰ ᠱᠠᠳᠤᠨ ᠤ ᠦᠢᠯᠡᠳᠪᠤᠷᠢ ᠬᠤᠳᠠᠯᠳᠤᠭ᠎ᠠ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠲᠠᠢ ᠬᠠᠮᠳᠤᠷᠠᠵᠤ᠂ ᠳᠡᠭᠡᠷ᠎ᠠ ᠳᠤᠭᠳᠠᠭᠠᠭᠰᠠᠨ ᠬᠠᠷᠭᠤᠭᠤᠯᠬᠤ ᠠᠷᠭ᠎ᠠ ᠶᠢ ᠦᠨᠳᠦᠰᠦᠯᠡᠨ᠂ ᠪᠤᠳᠠᠳᠠᠢ ᠬᠠᠷᠭᠤᠭᠤᠯᠬᠤ ᠳᠦᠷᠢᠮ ᠳᠤᠭᠳᠠᠭᠠᠯ ᠪᠠ ᠬᠠᠮᠢᠶ᠎ᠠ ᠪᠦᠬᠦᠢ ᠭᠡᠷᠡᠭ ᠶᠠᠪᠤᠳᠠᠯ ᠢ ᠳᠣᠳᠣᠷᠬᠠᠢ ᠳᠤᠭᠳᠠᠭᠠᠵᠤ ᠪᠤᠯᠤᠨ᠎ᠠ᠃      ᠤᠷᠤᠨ ᠪᠦᠰᠡ ᠠᠯᠤᠰᠯᠠᠭᠰᠠᠨ ᠨᠡᠶᠢᠭᠡᠮ ᠤᠨ ᠠᠪᠤᠷᠠᠨ ᠳᠤᠰᠠᠯᠠᠯᠲᠠ ᠶᠢᠨ ᠭᠡᠷ ᠪᠦᠯᠢ ᠶᠢᠨ ᠪᠦᠷᠢᠯᠳᠦᠬᠦᠨ ᠤ ᠦᠢᠯᠡᠳᠪᠤᠷᠢ ᠬᠤᠳᠠᠯᠳᠤᠭ᠎ᠠ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠮᠡᠳᠡᠭᠡ ᠵᠠᠩᠬᠢ ᠶᠢ ᠬᠠᠷᠭᠤᠭᠤᠯᠬᠤ ᠳᠤ ᠪᠠᠨ ᠳᠡᠭᠡᠳᠤ ᠨᠢᠭᠡ ᠱᠠᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ᠂ ᠦᠢᠯᠡᠳᠪᠤᠷᠢ ᠬᠤᠳᠠᠯᠳᠤᠭ᠎ᠠ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠢᠶᠠᠷ ᠳᠠᠮᠵᠢᠭᠤᠯᠤᠨ ᠬᠠᠷᠭᠤᠭᠤᠯᠵᠤ ᠪᠤᠯᠤᠨ᠎ᠠ᠃      ᠳᠤᠰ ᠠᠷᠭ᠎ᠠ ᠶᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠳᠢᠩᠬᠢᠮ᠂ ᠦᠢᠯᠡᠳᠪᠤᠷᠢ ᠬᠤᠳᠠᠯᠳᠤᠭᠠᠨ ᠤ ᠳᠤᠪᠴᠢᠶ᠎ᠠ ᠠᠴᠠ ᠬᠠᠷᠢᠭᠤᠴᠠᠨ ᠳᠠᠶᠢᠯᠪᠤᠷᠢᠯᠠᠬᠤ ᠶᠢᠨ ᠬᠠᠮᠳᠤ ᠠᠷᠠᠳ ᠤᠨ ᠶᠠᠪᠤᠳᠠᠯ ᠤᠨ ᠳᠢᠩᠬᠢᠮ ᠤᠨ ᠬᠠᠷᠭᠤᠭᠤᠯᠬᠤ ᠳᠦᠪ ᠪᠤᠯᠤᠨ ᠦᠢᠯᠡᠳᠪᠤᠷᠢ ᠬᠤᠳᠠᠯᠳᠤᠭᠠᠨ ᠤ ᠳᠤᠪᠴᠢᠶᠠᠨ ᠤ ᠠᠵᠤ ᠠᠬᠤᠢ ᠶᠢᠨ ᠮᠡᠳᠡᠭᠡ ᠵᠠᠩᠬᠢ ᠶᠢᠨ ᠳᠦᠪ ᠠᠴᠠ ᠨᠡᠶᠢᠭᠡᠮ ᠤᠨ ᠠᠪᠤᠷᠠᠨ ᠳᠤᠰᠠᠯᠠᠯᠲᠠ ᠶᠢᠨ ᠭᠡᠷ ᠪᠦᠯᠢ ᠶᠢᠨ ᠪᠦᠷᠢᠯᠳᠦᠬᠦᠨ ᠤ ᠦᠢᠯᠡᠳᠪᠤᠷᠢ ᠬᠤᠳᠠᠯᠳᠤᠭᠠᠨ ᠳᠤ ᠳᠠᠩᠰᠠᠯᠠᠭᠤᠯᠤᠭᠰᠠᠨ ᠮᠡᠳᠡᠭᠡ ᠵᠠᠩᠬᠢ ᠶᠢᠨ ᠪᠠᠶᠢᠴᠠᠭᠠᠨ ᠯᠠᠪᠯᠠᠬᠤ ᠬᠤᠯᠪᠤᠭᠳᠠᠯ ᠪᠦᠬᠦᠢ ᠳᠤᠬᠠᠶᠢᠯᠠᠭᠰᠠᠨ ᠠᠵᠢᠯ ᠢ ᠳᠠᠭᠠᠭᠠᠵᠤ᠂ ᠭᠡᠷᠡᠭᠵᠢᠬᠦᠯᠬᠦ ᠳᠦᠰᠤᠯ ᠢᠶᠠᠨ ᠵᠦᠪᠳᠡᠯᠴᠠᠨ ᠳᠤᠭᠳᠠᠭᠠᠨ᠎ᠠ᠃
 
ᠢᠷᠡᠯᠲᠡ᠄ ᠦᠪᠤᠷ ᠮᠤᠩᠭᠤᠯ ᠤᠨ ᠠᠷᠠᠤᠨ ᠤᠨ ᠶᠠᠪᠤᠳᠠᠯ ᠤᠨ ᠲᠢᠩᠭ᠊ ᠵᠮ ᠤᠨ ᠭᠢᠳᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号