ᠯᠢ ᠺᠧ ᠴᠢᠶᠠᠩ 2018 ᠤᠨ ᠤ ᠪᠦᠬᠦ ᠤᠯᠤᠰ ᠤᠨ ᠤᠯᠠᠨ ᠢᠶᠠᠷ ᠢᠶᠠᠨ ᠦᠢᠯᠡᠰ ᠪᠤᠰᠬᠠᠵᠤ ᠨᠡᠶᠢᠳᠡ  ᠪᠠᠷ ᠢᠶᠠᠨ ᠰᠢᠨ᠎ᠠ ᠶᠢ ᠡᠬᠦᠳᠬᠦ ᠭᠠᠷᠠᠭ ᠤᠨ ᠠᠵᠢᠯᠯᠠᠭ᠎ᠠ ᠳᠤ ᠴᠤᠬᠤᠯᠠᠪᠤᠷᠢ ᠬᠢᠵᠠᠢ
ᠨᠡᠶᠢᠲᠡᠯᠡᠭᠰᠡᠨ ᠴᠠᠭ᠄
2018-11-27
                       2018 ᠤᠨ ᠤ ᠪᠦᠬᠦ ᠤᠯᠤᠰ ᠤᠨ ᠤᠯᠠᠨ ᠢᠶᠠᠷ ᠢᠶᠠᠨ ᠦᠢᠯᠡᠰ ᠪᠤᠰᠬᠠᠵᠤ ᠨᠡᠶᠢᠳᠡ ᠪᠠᠷ ᠢᠶᠠᠨ ᠰᠢᠨ᠎ᠠ ᠶᠢ ᠡᠬᠦᠳᠬᠦ ᠭᠠᠷᠠᠭ ᠤᠨ ᠠᠵᠢᠯᠯᠠᠭ᠎ᠠ 10 ᠳ᠋ᠤᠭᠠᠷ ᠰᠠᠷ᠎ᠠ ᠶᠢᠨ 9 ᠤ ᠡᠳᠤᠷ ᠰᠧᠴᠤᠸᠠᠨ ᠮᠤᠵᠢ ᠶᠢᠨ ᠴᠧᠩᠳᠦ᠋ ᠬᠤᠳᠠ  ᠳᠤ ᠡᠬᠢᠯᠡᠵᠤ᠂ ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶᠠᠨ ᠤ ᠪᠠᠶᠢᠩᠭᠤ ᠶᠢᠨ ᠭᠡᠰᠢᠬᠦᠨ᠂ ᠳᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠭᠡᠢ ᠰᠠᠶᠢᠳ ᠯᠢ ᠺᠧ ᠴᠢᠶᠠᠩ ᠴᠢᠬᠤᠯᠠ ᠴᠤᠬᠤᠯᠠᠪᠤᠷᠢ ᠬᠢᠵᠠᠢ᠄ ᠣᠶᠢᠷ᠎ᠡ ᠶᠢᠨ ᠭᠡᠳᠤᠨ ᠵᠢᠯ ᠡᠯ᠎ᠡ ᠳᠠᠯ᠎ᠠ ᠶᠢᠨ ᠬᠢᠨ ᠤ ᠬᠠᠮᠳᠤ ᠶᠢᠨ ᠴᠢᠷᠮᠠᠶᠢᠯᠭ᠎ᠠ ᠪᠠᠷ ᠤᠯᠠᠨ ᠢᠶᠠᠷ ᠢᠶᠠᠨ ᠦᠢᠯᠡᠰ ᠪᠤᠰᠬᠠᠵᠤ ᠨᠡᠶᠢᠳᠡ ᠪᠠᠷ ᠢᠶᠠᠨ ᠰᠢᠨ᠎ᠠ ᠶᠢ ᠡᠬᠦᠳᠬᠦ ᠠᠵᠢᠯᠯᠠᠭ᠎ᠠ ᠦᠷᠨᠢᠬᠦᠨ ᠬᠦᠭᠵᠢᠵᠤ᠂ ᠰᠢᠨ᠎ᠠ ᠶᠢ ᠡᠬᠦᠳᠬᠦ ᠳᠠᠯᠳᠠ ᠬᠦᠴᠦᠨ ᠪᠤᠯᠤᠨ ᠵᠠᠬ᠎ᠠ ᠳᠡᠯᠭᠡᠬᠦᠷ ᠤᠨ ᠠᠮᠢᠵᠢᠷᠠᠯ ᠤᠨ ᠬᠦᠴᠦᠨ ᠢ ᠬᠦᠭᠵᠢᠭᠡᠨ ᠠᠵᠢᠯ ᠤᠯᠭᠤᠯᠳᠠ ᠶᠢ ᠦᠷᠭᠡᠳᠭᠡᠬᠦ  ᠳᠤ ᠢᠳᠡᠪᠬᠢᠳᠡᠢ ᠦᠢᠯᠡᠳᠤᠯ ᠦᠵᠡᠬᠦᠯᠪᠡ᠃ ᠰᠢᠨ᠎ᠠ ᠪᠠᠶᠢᠳᠠᠯ ᠳᠤ ᠵᠤᠬᠢᠴᠠᠭᠤᠯᠤᠨ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠳᠦᠪ ᠬᠤᠷᠢᠶ᠎ᠠ ᠪᠤᠯᠤᠨ ᠳᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠤᠷᠢᠳᠤ ᠪᠠᠶᠢᠷᠢᠯᠠᠭᠤᠯᠤᠯᠳᠠ ᠶᠢ ᠨᠡᠷᠢᠨ ᠬᠢᠨᠠᠮᠠᠭᠠᠢ ᠭᠡᠷᠡᠭᠵᠢᠬᠦᠯᠵᠤ᠂ ᠴᠢᠨᠠᠷᠯᠢᠭ ᠬᠦᠭᠵᠢᠬᠦᠯᠬᠦ ᠱᠠᠭᠠᠷᠳᠠᠯᠭ᠎ᠠ ᠶᠢ ᠵᠢᠷᠤᠮᠯᠠᠨ᠂ ᠰᠢᠨ᠎ᠠ ᠶᠢ ᠡᠬᠦᠳᠤᠨ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢ ᠡᠷᠴᠢᠮᠳᠡᠢ ᠭᠡᠷᠡᠭᠵᠢᠬᠦᠯᠵᠤ᠂ ᠤᠯᠠᠨ ᠢᠶᠠᠷ ᠢᠶᠠᠨ ᠦᠢᠯᠡᠰ ᠪᠤᠰᠬᠠᠵᠤ ᠨᠡᠶᠢᠳᠡ ᠪᠠᠷ ᠢᠶᠠᠨ ᠰᠢᠨ᠎ᠠ ᠶᠢ ᠡᠬᠦᠳᠬᠦ ᠶᠢ ᠦᠷᠬᠦᠯᠵᠢᠯᠡᠨ ᠬᠦᠨᠵᠡᠭᠡᠢ ᠠᠬᠢᠭᠤᠯᠬᠤ ᠭᠡᠷᠡᠭᠳᠡᠢ᠃ ︽ᠳᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠳᠡ ᠶᠢ ᠤᠯᠠᠮ ᠢᠶᠠᠷ ᠬᠦᠨᠵᠡᠭᠡᠶᠢᠷᠡᠬᠦᠯᠵᠤ᠂ ᠦᠮᠴᠢᠯᠡᠯ ᠤᠨ ᠡᠷᠭᠡ ᠶᠢ ᠬᠠᠮᠠᠭᠠᠠᠯᠠᠬᠤ ᠵᠡᠷᠭᠡ ᠳᠦᠷᠢᠮ ᠤᠨ ᠪᠠᠶᠢᠭᠤᠯᠤᠯᠳᠠ ᠶᠢ ᠳᠦᠷᠭᠡᠳᠭᠡᠨ᠂ ᠡᠯ᠎ᠡ ᠵᠦᠢᠯ ᠤᠨ ᠵᠠᠬ᠎ᠠ ᠳᠡᠯᠭᠡᠬᠦᠷ ᠤᠨ ᠭᠤᠤᠯ ᠴᠤᠭᠴᠠ ᠳᠤ ᠵᠠᠬ᠎ᠠ ᠳᠡᠯᠭᠡᠬᠦᠷᠵᠢᠭᠰᠡᠨ᠂ ᠬᠠᠤᠯᠢᠵᠢᠭᠰᠨ᠂ ᠳᠡᠯᠡᠭᠡᠶᠢᠵᠢᠭᠰᠡᠨ ᠦᠢᠯᠡᠰ ᠪᠦᠳᠦᠭᠡᠵᠤ ᠰᠢᠨ᠎ᠠ ᠶᠢ ᠡᠬᠦᠳᠬᠦ ᠤᠷᠴᠢᠨ ᠳᠤᠭᠤᠷᠢᠨ ᠬᠠᠩᠭᠠᠬᠤ ᠭᠡᠷᠡᠭᠳᠡᠢ᠃ ᠠᠵᠤ ᠦᠢᠯᠡᠳᠪᠤᠷᠢ ᠶᠢᠨ ᠢᠨᠲ᠋ᠧᠷ ᠰᠦᠯᠵᠢᠶᠠᠨ ᠤ ᠳᠠᠪᠴᠠᠩ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠬᠦᠯᠵᠤ᠂ ︽ᠢᠨᠲ᠋ᠧᠷ ᠰᠦᠯᠵᠢᠶ᠎ᠠ + ᠨᠡᠶᠢᠭᠡᠮ ᠠᠷᠠᠳ ᠤᠨ ᠠᠮᠢᠳᠤᠷᠠᠯ︾ ᠤᠨ ᠡᠷᠡᠬᠦᠯ ᠬᠦᠭᠵᠢᠯᠳᠡ ᠶᠢ ᠠᠬᠢᠭᠤᠯᠤᠨ᠂ ᠤᠯᠠᠨ ᠨᠡᠶᠢᠳᠡ ᠶᠢᠨ ᠦᠢᠯᠡᠴᠢᠯᠡᠭᠡ ᠶᠢ ᠰᠠᠶᠢᠵᠢᠷᠠᠭᠤᠯᠵᠤ᠂ ᠤᠯᠠᠨ ᠳᠦᠮᠡᠨ ᠤ ᠬᠢᠵᠠᠭᠠᠯᠠᠰᠢ ᠦᠭᠡᠢ ᠪᠦᠳᠦᠭᠡᠯᠴᠢ ᠴᠢᠳᠠᠪᠤᠷᠢ ᠶᠢ ᠠᠭᠤᠳᠠᠯᠤᠨ᠂ ᠰᠢᠨ᠎ᠠ ᠬᠦᠳᠡᠯᠭᠡᠬᠦ ᠬᠦᠴᠦᠨ ᠢ ᠪᠤᠶᠢᠵᠢᠭᠤᠯᠵᠤ᠂ ᠮᠠᠨ ᠤ ᠤᠯᠤᠰ ᠤᠨ ᠠᠵᠤ ᠠᠬᠤᠢ ᠶᠢᠨ ᠰᠢᠨ᠎ᠠ ᠶᠢ ᠡᠬᠦᠳᠬᠦ ᠴᠢᠳᠠᠪᠤᠷᠢ ᠪᠤᠯᠤᠨ ᠦᠷᠢᠰᠦᠯᠳᠦᠬᠦ ᠴᠢᠳᠠᠪᠤᠷᠢ ᠶᠢ ᠳᠡᠭᠡᠭᠰᠢᠯᠡᠬᠦᠯᠬᠦ ᠳᠤ ᠪᠠᠳᠤ ᠪᠠᠬᠢ ᠰᠠᠭᠤᠷᠢ ᠳᠠᠯᠪᠢᠬᠤ ᠭᠡᠷᠡᠭᠳᠡᠢ ᠭᠡᠵᠡᠢ᠃      ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶᠠᠨ ᠤ ᠪᠠᠶᠢᠩᠭᠤ ᠶᠢᠨ ᠭᠡᠰᠢᠬᠦᠨ᠂ ᠳᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠭᠡᠢ ᠰᠠᠶᠢᠳ ᠬᠠᠨ ᠵᠧᠩ ᠭᠠᠷᠠᠭ ᠤᠨ ᠠᠵᠢᠯᠯᠠᠭ᠎ᠠ ᠡᠬᠢᠯᠡᠬᠦ ᠶᠤᠰᠤᠯᠠᠯ ᠳᠤ ᠤᠷᠤᠯᠴᠠᠭᠰᠠᠨ ᠪᠦᠭᠡᠳ ᠶᠡᠷᠢᠶ᠎ᠠ ᠳᠠᠯᠪᠢᠵᠠᠢ᠃      ᠬᠠᠨ ᠵᠧᠩ᠂ ᠮᠠᠨ ᠤ ᠤᠯᠤᠰ ᠤᠨ ᠠᠵᠤ ᠠᠬᠤᠢ ᠳᠦᠷᠭᠡᠨ ᠨᠡᠮᠡᠭᠳᠡᠯ ᠤᠨ ᠱᠠᠳᠤᠨ ᠠᠴᠠ ᠴᠢᠨᠠᠷᠯᠢᠭ ᠬᠦᠭᠵᠢᠯᠳᠡ ᠶᠢᠨ ᠱᠠᠳᠤᠨ ᠳᠤ ᠤᠷᠤᠵᠠᠢ᠃ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠰᠢᠨ᠎ᠠ ᠶᠢ ᠡᠬᠦᠳᠤᠨ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢ ᠬᠦᠨᠵᠡᠭᠡᠢ ᠭᠡᠷᠡᠭᠵᠢᠬᠦᠯᠵᠤ᠂ ᠳᠤᠮᠳᠠᠳᠤ ᠤᠯᠤᠰ ᠤᠨ ᠠᠵᠤ ᠠᠬᠤᠢ ᠶᠢ ᠳᠤᠭᠳᠠᠭᠤᠨ ᠢᠶᠠᠷ ᠬᠦᠭᠵᠢᠬᠦᠯᠬᠦ ᠭᠡᠷᠡᠭᠳᠡᠢ ᠭᠡᠪᠡ᠃      ᠬᠠᠨ ᠵᠧᠩ᠂ ᠬᠦᠭᠵᠢᠯᠳᠡ ᠶᠢᠨ ᠤᠷᠴᠢᠨ ᠳᠤᠭᠤᠷᠢᠨ ᠢ ᠰᠢᠯᠢᠳᠡᠭᠵᠢᠬᠦᠯᠬᠦ ᠳᠡᠭᠡᠷ᠎ᠡ ᠬᠦᠴᠦ ᠳᠠᠯᠪᠢᠨ᠂ ᠪᠦᠬᠦ ᠤᠯᠤᠰ ᠤᠨ ᠨᠢᠭᠡᠳᠤᠯᠳᠠᠢ ᠪᠠᠷ ᠵᠠᠬ᠎ᠠ ᠳᠡᠯᠭᠡᠬᠦᠷ ᠲᠤ ᠣᠷᠣᠵᠤ ᠪᠣᠯᠬᠤ ᠨᠠᠵᠠᠭᠠᠢ ᠳᠠᠯ᠎ᠠ ᠶᠢᠨ ᠨᠠᠷᠢᠨ ᠳᠠᠩᠰᠠ ᠶᠢ ᠳᠦᠷᠭᠡᠨ ᠨᠡᠶᠢᠳᠡᠯᠡᠵᠤ᠂ ᠢᠳᠡᠭᠡᠮᠵᠢ ᠶᠢᠨ ᠬᠢᠨᠠᠨ ᠬᠠᠮᠢᠶᠠᠷᠤᠯᠳᠠ ᠶᠢᠨ ᠳᠤᠭᠳᠠᠴᠠ ᠶᠢ ᠪᠠᠶᠢᠭᠤᠯᠬᠤ ᠭᠡᠷᠡᠭᠳᠡᠢ᠃ ᠬᠦᠭᠵᠢᠯᠳᠡ ᠶᠢᠨ ᠬᠦᠳᠡᠯᠭᠡᠬᠦ ᠬᠦᠴᠦᠨ ᠢ ᠴᠢᠩᠭᠠᠳᠬᠠᠨ᠂ ᠡᠳ᠋ ᠤᠨ ᠵᠠᠰᠠᠭ ᠭᠠᠶᠢᠯᠢ ᠶᠢᠨ ᠳᠦᠷᠦ ᠶᠢᠨ ᠪᠤᠳᠤᠯᠭ᠎ᠠ ᠶᠢᠨ ᠳᠡᠮᠵᠢᠯᠭᠡ ᠪᠠᠨ ᠨᠡᠮᠡᠭᠳᠡᠬᠦᠯᠵᠤ᠂ ᠮᠦᠩᠬᠦᠨ ᠬᠦᠢᠯᠭᠡᠭᠡᠨ ᠤ ᠦᠢᠯᠡᠴᠢᠯᠡᠭᠡ ᠶᠢ ᠳᠡᠬᠦᠯᠳᠡᠷᠵᠢᠬᠦᠯᠦᠨ᠂ ᠮᠡᠳᠡᠯᠭᠡ ᠶᠢᠨ ᠦᠮᠴᠢᠯᠡᠯ ᠤᠨ ᠡᠷᠭᠡ ᠶᠢᠨ ᠬᠠᠮᠢᠶᠠᠷᠤᠯᠳᠠ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠳᠡᠬᠦᠯᠳᠡᠷᠵᠢᠬᠦᠯᠬᠦ ᠭᠡᠷᠡᠭᠳᠡᠢ᠃ ᠦᠢᠯᠡᠰ ᠪᠤᠰᠬᠠᠬᠤ ᠪᠠᠷ ᠠᠵᠢᠯ ᠤᠯᠭᠤᠬᠤ ᠶᠢ ᠳᠠᠶᠢᠴᠢᠯᠠᠬᠤ ᠶᠢ ᠠᠬᠢᠭᠤᠯᠤᠨ᠂ ᠨᠡᠩ ᠠᠷᠪᠢᠨ ᠨᠡᠶᠢᠭᠡᠮ ᠤᠨ ᠭᠤᠤᠯ ᠴᠤᠭᠴᠠ ᠶᠢᠨ ᠰᠢᠨ᠎ᠠ ᠶᠢ ᠡᠬᠦᠳᠤᠨ ᠦᠢᠯᠡᠰ ᠪᠤᠰᠬᠠᠬᠤ ᠶᠢ ᠳᠡᠮᠵᠢᠨ ᠵᠤᠷᠢᠭᠵᠢᠭᠤᠯᠬᠤ ᠭᠡᠷᠡᠭᠳᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠠ ᠶᠢ ᠡᠬᠦᠳᠬᠦ ᠪᠠᠷ ᠳᠠᠭᠠᠭᠤᠯᠬᠤ ᠦᠢᠯᠡᠳᠤᠯ ᠢ ᠪᠠᠳᠠᠷᠠᠭᠤᠯᠤᠨ ᠂ ᠤᠯᠤᠰ ᠤᠨ ᠠᠵᠤ ᠦᠢᠯᠡᠰ ᠤᠨ ᠰᠢᠨ᠎ᠠ ᠶᠢ ᠡᠬᠦᠳᠬᠦ ᠳᠦᠪ᠂ ᠤᠯᠤᠰ ᠤᠨ ᠮᠡᠷᠭᠡᠵᠢᠯ ᠤᠨ ᠰᠢᠨ᠎ᠠ ᠶᠢ ᠡᠬᠦᠳᠬᠦ ᠳᠦᠪ ᠵᠡᠷᠭᠡ ᠰᠢᠨ᠎ᠠ ᠶᠢ ᠡᠬᠦᠳᠬᠦ ᠳᠠᠪᠴᠠᠩ ᠤᠨ ᠪᠠᠶᠢᠭᠤᠯᠤᠯᠳᠠ ᠶᠢ ᠳᠦᠷᠭᠡᠳᠭᠡᠵᠤ᠂ ᠶᠡᠭᠡ ᠳᠡᠭᠡᠳᠤ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠤ ᠪᠦᠳᠦᠭᠡᠯ ᠢ ᠤᠨᠳᠤᠤᠰᠢᠭᠤᠯᠬᠤ ᠪᠡ ᠮᠡᠷᠭᠡᠵᠢᠯ ᠢ ᠰᠢᠯᠵᠢᠬᠦᠯᠬᠦ ᠶᠢ ᠲᠦᠷᠭᠡᠳᠬᠡᠬᠦ ᠭᠡᠷᠡᠭᠳᠡᠢ᠃ ᠰᠢᠨ᠎ᠠ ᠶᠢ ᠡᠬᠦᠳᠤᠨ ᠦᠢᠯᠡᠰ ᠪᠤᠰᠬᠠᠬᠤ ᠳᠠᠪᠴᠠᠩ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠬᠦᠯᠵᠤ᠂ ᠤᠯᠠᠨ ᠢᠶᠠᠷ ᠢᠶᠠᠨ ᠦᠢᠯᠡᠰ ᠪᠤᠰᠬᠠᠬᠤ ᠤᠷᠤᠨ ᠵᠠᠢ ᠶᠢ ᠳᠤᠰᠬᠠᠶᠢᠵᠢᠭᠤᠯᠤᠨ ᠨᠠᠷᠢᠯᠢᠬᠵᠢᠭᠤᠯᠵᠤ ᠳᠡᠰ ᠳᠡᠪᠰᠢᠬᠦᠯᠬᠦ ᠳᠡᠰᠢ ᠦᠷᠭᠡᠳᠭᠡᠬᠦ ᠭᠡᠷᠡᠭᠳᠡᠢ ᠭᠡᠵᠤ ᠴᠢᠬᠤᠯᠠᠴᠢᠯᠠᠵᠠᠢ᠃      ᠭᠠᠷᠠᠭ ᠤᠨ ᠠᠵᠢᠯᠯᠠᠭ᠎ᠠ ᠡᠬᠢᠯᠡᠬᠦ ᠶᠤᠰᠤᠯᠠᠯ ᠳᠡᠬᠦᠰᠦᠭᠰᠡᠨ ᠤ ᠳᠠᠷᠠᠭ᠎ᠠ᠂ ᠬᠠᠨ ᠵᠧᠩ ᠰᠢᠨ᠎ᠠ ᠶᠢ ᠡᠬᠦᠳᠤᠨ ᠦᠢᠯᠡᠰ ᠪᠤᠰᠬᠠᠬᠤ ᠭᠤᠤᠯ ᠰᠡᠳᠤᠪᠳᠤ ᠦᠵᠡᠰᠬᠦᠯᠡᠩ ᠢ ᠳᠤᠭᠤᠷᠢᠨ ᠦᠵᠡᠬᠦ ᠶᠢᠨ ᠬᠠᠮᠳᠤ ᠦᠵᠡᠰᠬᠦᠯᠡᠩ ᠳᠤ ᠤᠷᠤᠯᠴᠠᠭᠰᠠᠨ ᠠᠵᠤ ᠠᠬᠤᠶᠢᠯᠠᠯ ᠤᠨ ᠬᠠᠷᠢᠭᠤᠴᠠᠯᠭᠠᠳᠠᠨ ᠲᠠᠢ ᠶᠠᠷᠢᠯᠴᠠᠵᠤ ᠰᠠᠨᠠᠯ ᠢᠶᠠᠨ ᠰᠤᠯᠢᠯᠴᠠᠪᠠ᠃ ᠸᠠᠨ ᠭᠠᠩ ᠂ ᠡᠾᠧ ᠯᠢ ᠹᠧᠩ ᠨᠡᠷ ᠳᠤᠰ ᠠᠵᠢᠯᠯᠠᠭ᠎ᠠ ᠳᠤ ᠤᠷᠤᠯᠴᠠᠪᠠ᠃      ᠡᠨᠡ ᠤᠳᠠᠭᠠᠨ ᠤ ᠭᠠᠷᠠᠭ ᠤᠨ ᠠᠵᠢᠯᠯᠠᠭ᠎ᠠ ᠶᠢ ᠤᠯᠤᠰ ᠤᠨ ᠬᠦᠭᠵᠢᠬᠦᠯᠦᠯᠳᠡ ᠦᠭᠡᠷᠡᠴᠢᠯᠡᠯᠳᠡ ᠶᠢᠨ ᠵᠦᠪᠯᠡᠯ ᠢᠶᠠᠷ ᠳᠦᠷᠦᠬᠦᠯᠡᠬᠦᠯᠦᠭᠰᠡᠨ ᠭᠠᠷᠠᠭ ᠤᠨ ᠠᠵᠢᠯᠯᠠᠭ᠎ᠠ ᠤᠨ ᠵᠤᠬᠢᠶᠠᠨ ᠪᠠᠶᠢᠭᠤᠯᠬᠤ ᠵᠦᠪᠯᠡᠯ ᠭᠤᠤᠯᠯᠠᠨ ᠡᠷᠬᠢᠯᠡᠵᠤ᠂ ᠬᠤᠯᠪᠤᠭᠳᠠᠯ ᠪᠦᠬᠦᠢ ᠶᠠᠮᠤᠨ ᠵᠦᠪᠯᠡᠯ ᠪᠤᠯᠤᠨ ᠤᠷᠤᠨ ᠨᠤᠳᠤᠭ ᠤᠨ ᠵᠠᠰᠠᠭ ᠤᠨ ᠤᠷᠳᠤᠨ ᠤ ᠬᠠᠷᠢᠭᠤᠴᠠᠯᠭᠠᠳᠠᠨ᠂ ᠨᠢᠭᠡ ᠪᠦᠯᠦᠭ ᠤᠯᠠᠨ ᠢᠶᠠᠷ ᠢᠶᠠᠨ ᠦᠢᠯᠡᠰ ᠪᠤᠰᠬᠠᠵᠤ ᠨᠡᠶᠢᠳᠡ ᠪᠠᠷ ᠢᠶᠠᠨ ᠰᠢᠨ᠎ᠠ ᠶᠢ ᠡᠬᠦᠳᠬᠦ ᠵᠢᠱᠢᠶ᠎ᠠ ᠦᠵᠡᠬᠦᠯᠬᠦ ᠰᠠᠭᠤᠷᠢᠨ ᠤ ᠳᠦᠯᠦᠭᠡᠯᠡᠭᠴᠢ ᠪᠤᠯᠤᠨ ᠡᠯ᠎ᠡ ᠳᠦᠷᠦᠯ ᠤᠨ ᠰᠢᠨ᠎ᠠ ᠶᠢ ᠡᠬᠦᠳᠤᠨ ᠦᠢᠯᠡᠰ ᠪᠦᠳᠦᠭᠡᠭᠴᠢ ᠶᠢᠨ ᠳᠦᠯᠦᠭᠡᠯᠡᠭᠴᠢ ᠨᠡᠶᠢᠳᠡ 400 ᠬᠦᠮᠦᠨ ᠳᠤᠰ ᠡᠳᠤᠷ ᠤᠨ ᠠᠵᠢᠯᠯᠠᠭ᠎ᠠ ᠳᠤ ᠤᠷᠤᠯᠴᠠᠵᠠᠢ᠃
 
ᠢᠷᠡᠯᠲᠡ᠄ ᠦᠪᠤᠷ ᠮᠤᠩᠭᠤᠯ ᠤᠨ ᠠᠷᠠᠤᠨ ᠤᠨ ᠶᠠᠪᠤᠳᠠᠯ ᠤᠨ ᠲᠢᠩᠭᠢᠮ ᠤᠨ ᠭᠢᠳᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号