ᠳᠤᠮᠳᠠᠳᠤ ᠤᠯᠤᠰ ᠤᠨ ᠵᠠᠰᠠᠭ ᠤᠨ ᠤᠷᠳᠤᠨ ᠤ ᠨᠦᠬᠦᠷᠯᠡᠯ ᠱᠠᠩᠨᠠᠯ ᠤᠨ ᠱᠠᠩᠨᠠᠯ ᠤᠯᠭᠤᠬᠤ ᠶᠤᠰᠤᠯᠠᠯ ᠪᠡᠭᠡᠵᠢᠩ ᠳᠤ ᠶᠠᠪᠤᠭᠳᠠᠵᠤ ᠯᠢᠦ ᠡᠾᠧ ᠤᠷᠤᠯᠴᠠᠭᠰᠠᠨ ᠪᠦᠭᠡᠳ ᠶᠠᠷᠢᠶ᠎ᠠ ᠳᠠᠯᠪᠢᠪᠠ
ᠨᠡᠶᠢᠲᠡᠯᠡᠭᠰᠡᠨ ᠴᠠᠭ᠄
2018-11-27
                   2018 ᠤᠨ ᠤ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠨᠦᠬᠦᠷᠯᠡᠯ ᠱᠠᠩᠨᠠᠯ ᠤᠨ ᠱᠠᠩᠨᠠᠯ ᠤᠯᠭᠤᠬᠤ ᠶᠤᠰᠤᠯᠠᠯ 9 ᠳ᠋ᠤᠭᠡᠷ ᠰᠠᠷ᠎ᠠ ᠶᠢᠨ 28 ᠤ ᠡᠳᠤᠷ ᠠᠷᠠᠳ ᠤᠨ ᠶᠡᠭᠡ ᠬᠤᠷᠠᠯ ᠤᠨ ᠳᠢᠩᠬᠢᠮ ᠳᠤ ᠶᠠᠪᠤᠭᠳᠠᠵᠤ᠂ ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶᠠᠨ ᠤ ᠭᠡᠰᠢᠬᠦᠨ᠂ ᠳᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠭᠡᠢ ᠰᠠᠶᠢᠳ ᠯᠢᠦ ᠡᠾᠧ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠨᠦᠬᠦᠷᠯᠡᠯ ᠱᠠᠩᠨᠠᠯ ᠤᠯᠤᠭᠰᠠᠨ ᠭᠠᠳᠠᠭᠠᠳᠤ ᠤᠯᠤᠰ ᠤᠨ ᠳᠤᠰᠬᠠᠢ ᠮᠡᠷᠭᠡᠵᠢᠯᠳᠡᠨ ᠳᠤ ᠱᠠᠩᠨᠠᠯ ᠭᠠᠷᠳᠠᠭᠤᠯᠤᠭᠰᠠᠨ ᠪᠦᠭᠡᠳ ᠶᠠᠷᠢᠶ᠎ᠠ ᠳᠠᠯᠪᠢᠪᠠ᠃      ᠯᠢᠦ ᠡᠾᠧ ᠳᠤᠮᠳᠠᠳᠤ ᠤᠯᠤᠰ ᠤᠨ ᠵᠠᠰᠠᠭ ᠤᠨ ᠤᠷᠳᠤᠨ ᠢ ᠳᠦᠯᠦᠭᠡᠯᠡᠨ ᠱᠠᠩᠨᠠᠯ ᠤᠯᠤᠭᠰᠠᠨ ᠳᠤᠰᠬᠠᠢ ᠮᠡᠷᠭᠡᠵᠢᠯᠳᠡᠨ ᠳᠤ ᠬᠠᠯᠠᠭᠤᠨ ᠪᠠᠶᠠᠷ ᠬᠦᠷᠭᠡᠵᠤ ᠪᠠᠶᠢᠭ᠎ᠠ ᠪᠠᠨ ᠢᠯᠡᠷᠭᠡᠶᠢᠯᠡᠵᠤ᠂ ᠳᠤᠮᠳᠠᠳᠤ ᠤᠯᠤᠰ ᠲᠤ ᠠᠵᠢᠯᠯᠠᠵᠤ ᠪᠠᠶᠢᠭ᠎ᠠ ᠭᠠᠳᠠᠭᠠᠳᠤ ᠶᠢᠨ ᠳᠤᠰᠬᠠᠢ ᠮᠡᠷᠭᠡᠵᠢᠯᠳᠡᠨ ᠪᠤᠯᠤᠨ ᠭᠡᠷ ᠪᠦᠯᠢ ᠶᠢᠨ ᠬᠢᠨ ᠳᠤ ᠴᠢᠩ ᠰᠡᠳᠬᠢᠯ ᠤᠨ ᠮᠠᠨᠳᠤᠴᠢᠯᠠᠯ ᠳᠠᠯᠠᠷᠬᠠᠯ ᠳᠡᠪᠰᠢᠬᠦᠯᠵᠡᠢ᠃ ᠳᠡᠷᠡ᠂ ᠳᠤᠮᠳᠠᠳᠤ ᠤᠯᠤᠰ ᠦᠭᠡᠷᠡᠴᠢᠯᠡᠯᠳᠡ ᠨᠡᠭᠡᠭᠡᠯᠳᠡ ᠬᠢᠭᠰᠡᠨ 40 ᠵᠢᠯ ᠤᠨ ᠳᠤᠷᠰᠢ ᠳᠤ ᠭᠠᠳᠠᠭᠠᠳᠤ ᠶᠢᠨ ᠳᠤᠩ ᠤᠯᠠᠨ ᠳᠤᠰᠬᠠᠢ ᠮᠡᠷᠭᠡᠵᠢᠯᠳᠡᠨ ᠳᠤᠮᠳᠠᠳᠤ ᠤᠯᠤᠰ ᠲᠤ ᠢᠷᠡᠵᠤ ᠳᠤᠮᠳᠠᠳᠤ ᠶᠢᠨ ᠳᠤᠰᠬᠠᠢ ᠮᠡᠷᠭᠡᠵᠢᠯᠳᠡᠨ ᠪᠤᠯᠤᠨ ᠳᠤᠮᠳᠠᠳᠤ ᠤᠯᠤᠰ ᠤᠨ ᠠᠷᠠᠳ ᠳᠦᠮᠠᠨ ᠲᠠᠢ ᠬᠠᠮᠳᠤᠪᠠᠷ ᠤᠳᠤᠬᠢᠴᠢᠯᠠᠭᠰᠠᠨ ᠪᠦᠳᠦᠭᠡᠨ ᠪᠠᠶᠢᠭᠤᠯᠤᠯᠳᠠ ᠳᠤ ᠤᠷᠤᠯᠴᠠᠵᠤ᠂ ᠳᠡᠯᠡᠭᠡᠢ ᠳ᠋ᠡᠬᠢᠨ ᠳᠤ ᠮᠡᠳᠡᠷᠡᠭᠳᠡᠬᠦ ᠴᠢᠬᠤᠯᠠ ᠶᠡᠭᠡ ᠦᠢᠯᠡᠳᠤᠯ ᠦᠵᠡᠬᠦᠯᠪᠡ ᠭᠡᠵᠤ ᠵᠢᠭᠠᠵᠤ ᠭᠠᠷᠭᠠᠪᠠ᠃      ᠯᠢᠦ ᠡᠾᠧ᠂ ᠳᠡᠷᠢᠬᠦᠯᠡᠭᠴᠢ ᠰᠢ ᠶᠢᠨ ᠫᠢᠩ ᠤᠨ ᠴᠢᠬᠤᠯᠠᠴᠢᠯᠠᠭᠰᠠᠨ ︽ᠬᠦᠭᠵᠢᠬᠦᠯᠬᠦ ᠪᠤᠯ ᠳᠡᠷᠢᠬᠦᠨ ᠴᠢᠬᠤᠯᠠ ᠶᠠᠪᠤᠳᠠᠯ᠂ ᠴᠢᠳᠠᠪᠤᠷᠢᠳᠠᠨ ᠪᠤᠯ ᠨᠢᠭᠡᠳᠦᠭᠡᠷ ᠡᠬᠢ ᠪᠠᠶᠠᠯᠢᠭ᠂ ᠰᠢᠨ᠎ᠠ ᠶᠢ ᠡᠬᠦᠳᠬᠦ ᠪᠤᠯ ᠨᠢᠭᠡᠳᠦᠭᠡᠷ ᠬᠦᠳᠡᠯᠭᠡᠬᠦ ᠬᠦᠴᠦᠨ ᠪᠤᠯᠬᠤ︾ ᠶᠢ ᠡᠷᠡᠰ ᠪᠠᠷᠢᠮᠳᠠᠯᠠᠨ᠎ᠠ᠃ ᠨᠡᠭᠡᠭᠡᠯᠳᠡ ᠬᠢᠭᠰᠡᠨ ᠳᠤᠮᠳᠠᠳᠤ ᠤᠯᠤᠰ ᠤᠨ ᠬᠢᠨ ᠨᠡᠩ ᠤᠯᠠᠨ ᠭᠠᠳᠠᠭᠠᠳᠤ ᠶᠢᠨ ᠳᠤᠰᠬᠠᠢ ᠮᠡᠷᠭᠡᠵᠢᠯᠳᠡᠨ ᠤ ᠳᠤᠮᠳᠠᠳᠤ ᠤᠯᠤᠰ ᠲᠤ ᠢᠷᠡᠵᠤ ᠰᠢᠨ᠎ᠠ ᠶᠢ ᠡᠬᠦᠳᠤᠨ ᠦᠢᠯᠡᠰ ᠪᠦᠳᠦᠭᠡᠬᠦ ᠶᠢ ᠪᠠᠶᠠᠷᠯᠠᠨ ᠤᠭᠳᠤᠨ᠎ᠠ᠂ ᠳᠤᠮᠳᠠᠳᠤ ᠤᠯᠤᠰ ᠤᠨ ᠵᠠᠰᠠᠭ ᠤᠨ ᠤᠷᠳᠤᠨ ᠦᠷᠬᠦᠯᠵᠢᠯᠡᠨ ᠪᠦᠬᠦ ᠪᠦᠮᠪᠦᠷᠴᠡᠭ ᠤᠨ ᠴᠢᠳᠠᠪᠤᠷᠢᠲᠠᠨ ᠳᠤᠮᠳᠠᠳᠤ ᠤᠯᠤᠰ ᠲᠤ ᠢᠷᠡᠵᠤ ᠦᠢᠯᠡᠰ ᠪᠦᠳᠦᠭᠡᠨ ᠬᠦᠭᠵᠢᠭᠦᠯᠬᠦ ᠳᠤ ᠰᠠᠶᠢᠨ ᠰᠠᠶᠢᠬᠠᠨ ᠤᠷᠴᠢᠨ ᠳᠤᠭᠤᠷᠢᠨ ᠢ ᠪᠤᠢ ᠪᠤᠯᠭᠠᠵᠤ ᠦᠭᠬᠦᠨ᠎ᠠ᠃ ᠪᠢᠳᠠ ᠨᠡᠩ ᠢᠳᠡᠪᠬᠢᠳᠡᠢ᠂ ᠨᠡᠩ ᠨᠡᠭᠡᠭᠡᠯᠳᠡ ᠲᠠᠢ᠂ ᠨᠡᠩ ᠪᠦᠳᠦᠮᠵᠢ ᠲᠠᠢ ᠴᠢᠳᠠᠪᠤᠷᠢᠳᠠᠨ ᠤᠷᠤᠭᠤᠯᠤᠨ ᠠᠪᠴᠢᠷᠠᠬᠤ ᠳᠦᠷᠦ ᠶᠢᠨ ᠪᠤᠳᠤᠯᠭ᠎ᠠ ᠶᠢ ᠭᠡᠷᠡᠭᠵᠢᠬᠦᠯᠦᠨ᠂ ᠭᠠᠳᠠᠭᠠᠳᠤ ᠶᠢᠨ ᠴᠢᠳᠠᠪᠤᠷᠢᠳᠠᠨ ᠢ ᠤᠷᠤᠭᠤᠯᠤᠨ ᠠᠪᠴᠢᠷᠠᠬᠤ ᠠᠷᠭ᠎ᠠ ᠭᠡᠯᠪᠡᠷᠢ ᠶᠢᠨ ᠰᠢᠨ᠎ᠠ ᠶᠢ ᠡᠬᠦᠳᠴᠤ᠂ ᠭᠠᠳᠠᠭᠠᠳᠤ ᠶᠢᠨ ᠬᠦᠮᠦᠨ ᠤ ᠳᠤᠮᠳᠠᠳᠤ ᠤᠯᠤᠰ ᠲᠤ ᠢᠷᠡᠵᠤ ᠠᠵᠢᠯᠯᠠᠬᠤ᠂ ᠠᠮᠢᠳᠤᠷᠠᠵᠤ ᠰᠠᠭᠤᠬᠤ ᠵᠡᠷᠭᠡ ᠬᠦᠢᠴᠡᠳᠭᠡᠯ ᠢ ᠤᠯᠠᠮ ᠢᠶᠠᠷ ᠳᠦᠬᠦᠮᠴᠢᠯᠠᠨ᠂ ᠭᠠᠳᠠᠭᠠᠳᠤ ᠶᠢᠨ ᠳᠤᠰᠬᠠᠢ ᠮᠡᠷᠭᠡᠵᠢᠯᠳᠡᠨ ᠢ ᠡᠮᠬᠢ ᠵᠢᠷᠤᠮ ᠲᠠᠢ ᠪᠠᠷ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠳᠤ ᠤᠷᠤᠯᠴᠠᠭᠤᠯᠵᠤ᠂ ᠭᠠᠳᠠᠭᠠᠳᠤ ᠶᠢᠨ ᠴᠢᠳᠠᠪᠤᠷᠢᠳᠠᠨ ᠤ ᠮᠡᠳᠡᠯᠭᠡ ᠶᠢᠨ ᠦᠮᠴᠢᠯᠠᠯ ᠤᠨ ᠡᠷᠭᠡ ᠶᠢᠨ ᠠᠰᠢᠭ ᠤᠯᠵᠠ ᠶᠢ ᠬᠠᠤᠯᠢ ᠶᠤᠰᠤᠭᠠᠷ ᠬᠠᠮᠠᠭᠠᠯᠠᠨ᠂ ᠳᠤᠮᠳᠠᠳᠤ ᠤᠯᠤᠰ ᠲᠤ ᠠᠵᠢᠯᠯᠠᠵᠤ ᠪᠠᠶᠢᠭ᠎ᠠ ᠭᠠᠳᠠᠭᠠᠳᠤ ᠶᠢᠨ ᠨᠦᠬᠦᠳ ᠲᠤ ᠤᠷᠤᠨ ᠰᠠᠭᠤᠴᠠ᠂ ᠦᠷ᠎ᠡ ᠭᠡᠤᠭᠡᠳ ᠤᠨ ᠰᠤᠷᠭᠠᠭᠤᠯᠢ ᠳᠤ ᠤᠷᠤᠬᠤ᠂ ᠬᠠᠨᠢ ᠨᠦᠬᠦᠷ ᠤᠨ ᠬᠢᠨᠢ ᠠᠵᠢᠯ ᠤᠯᠬᠤ᠂ ᠡᠮ ᠡᠮᠨᠡᠯᠭᠡ ᠶᠢᠨ ᠦᠢᠯᠡᠴᠢᠯᠡᠭᠡ ᠵᠡᠷᠭᠡ ᠳᠡᠯ᠎ᠡ ᠪᠠᠷ ᠳᠦᠬᠦᠮ ᠦᠵᠡᠬᠦᠯᠦᠨ᠎ᠡ ᠭᠡᠵᠤ ᠢᠯᠡᠷᠭᠡᠶᠢᠯᠡᠪᠡ᠃      ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠳᠡᠳ᠋ ᠳᠠᠷᠤᠭ᠎ᠠ᠂ ᠤᠯᠤᠰ ᠤᠨ ᠭᠠᠳᠠᠭᠠᠳᠤ ᠤᠯᠤᠰ ᠤᠨ ᠳᠤᠰᠬᠠᠢ ᠮᠡᠷᠭᠡᠵᠢᠯᠳᠡᠨ ᠤ ᠳᠤᠪᠴᠢᠶ᠎ᠠ ᠶᠢᠨ ᠳᠠᠷᠤᠭ᠎ᠠ ᠵᠠᠩ ᠵᠢᠶᠠᠨ ᠬᠦᠸᠧ ᠠᠴᠠ ᠱᠠᠩᠨᠠᠯ ᠤᠯᠭᠤᠬᠤ ᠰᠢᠢᠳᠪᠤᠷᠢ ᠶᠢ ᠨᠡᠶᠢᠳᠡᠯᠡᠪᠡ᠃ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠨᠦᠬᠦᠷᠯᠡᠯ ᠱᠠᠩᠨᠠᠯ ᠪᠤᠯ ᠳᠤᠮᠳᠠᠳᠤ ᠤᠯᠤᠰ ᠤᠨ ᠤᠳᠤᠬᠢᠴᠢᠯᠠᠯᠳᠠ ᠶᠢᠨ ᠪᠦᠳᠦᠭᠡᠨ ᠪᠠᠶᠢᠭᠤᠯᠤᠯᠳᠠ ᠳᠤ ᠯᠤᠳᠤ ᠶᠡᠭᠡ ᠬᠤᠪᠢ ᠨᠡᠮᠡᠷᠢ ᠦᠵᠡᠬᠦᠯᠦᠭᠰᠡᠨ ᠭᠠᠳᠠᠭᠠᠳᠤ ᠶᠢᠨ ᠳᠤᠰᠬᠠᠢ ᠮᠡᠷᠭᠡᠵᠢᠯᠳᠡᠨ ᠢ ᠱᠠᠩᠨᠠᠨ ᠬᠦᠬᠢᠬᠦᠯᠬᠦ ᠬᠠᠮᠤᠭ ᠤᠨ ᠳᠡᠭᠡᠳᠤ ᠱᠠᠩᠨᠠᠯ ᠪᠤᠯᠤᠨ᠎ᠠ᠃ ᠡᠨᠡ ᠵᠢᠯ 21 ᠤᠯᠤᠰ ᠤᠨ 50 ᠳᠤᠰᠬᠠᠢ ᠮᠡᠷᠭᠡᠵᠢᠯᠳᠡᠨ ᠳᠤᠰ ᠱᠠᠩᠨᠠᠯ ᠢ ᠬᠦᠷᠳᠡᠵᠡᠢ᠃
 
ᠢᠷᠡᠯᠲᠡ᠄ ᠦᠪᠤᠷ ᠮᠤᠩᠭᠤᠯ ᠤᠨ ᠠᠷᠠᠤᠨ ᠤᠨ ᠶᠠᠪᠤᠳᠠᠯ ᠤᠨ ᠲᠢᠩᠭᠢᠮ ᠤᠨ ᠭᠢᠳᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号