ᠯᠢ ᠺᠧ ᠴᠢᠶᠠᠩ ᠳᠦᠷᠦ ᠶᠢᠨ ᠶᠠᠪᠤᠳᠠᠯ ᠤᠨ ᠬᠤᠷᠢᠶᠠᠨ ᠤ ᠵᠠᠷᠯᠢᠭ ᠲᠤ ᠭᠠᠷ ᠤᠨ ᠦᠰᠦᠭ ᠵᠢᠷᠤᠵᠤ ︽ᠬᠦᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠬᠦᠷ ᠤᠨ ᠳᠦᠷ ᠭᠡᠷᠡᠭᠵᠢᠬᠦᠯᠬᠦ ᠳᠦᠷᠢᠮ︾ ᠢ ᠨᠡᠶᠢᠳᠡᠯᠡᠪᠡ
ᠨᠡᠶᠢᠲᠡᠯᠡᠭᠰᠡᠨ ᠴᠠᠭ᠄
2018-11-08
                     ᠰᠢᠨᠬᠤᠸᠠ ᠬᠤᠷᠢᠶᠠᠨ ᠤ ᠪᠡᠭᠡᠵᠢᠩ ᠤᠨ 7 ᠳ᠋ᠤᠭᠠᠷ ᠰᠠᠷ᠎ᠠ ᠶᠢᠨ 17 ᠤ ᠴᠠᠬᠢᠯᠭᠠᠨ ᠮᠡᠳᠡᠭᠡ᠂ ᠳᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠭᠡᠢ ᠰᠠᠶᠢᠳ ᠯᠢ ᠺᠧ ᠴᠢᠶᠠᠩ ᠳᠦᠷᠦᠬᠦᠭᠡᠨ ᠳᠦᠷᠦ ᠶᠢᠨ ᠶᠠᠪᠤᠳᠠᠯ ᠤᠨ ᠬᠤᠷᠢᠶᠠᠨ ᠤ ᠵᠠᠷᠯᠢᠭ ᠲᠤ ᠭᠠᠷ ᠤᠨ ᠦᠰᠦᠭ ᠵᠢᠷᠤᠵᠤ᠂ ︽ᠬᠦᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠬᠦᠷ ᠤᠨ ᠳᠦᠷ ᠭᠡᠷᠡᠭᠵᠢᠬᠦᠯᠬᠦ ᠳᠦᠷᠢᠮ︾ ᠢ ᠨᠡᠶᠢᠳᠡᠯᠡᠪᠡ᠂ ︵ᠳᠤᠷᠤᠭᠰᠢ ︽ᠳᠦᠷᠢᠮ︾ ᠭᠡᠵᠤ ᠳᠦᠭᠦᠮᠴᠢᠯᠡᠨ᠎ᠡ︶ 2018 ᠤᠨ ᠤ 10 ᠳ᠋ᠤᠭᠠᠷ ᠰᠠᠷ᠎ᠠ ᠶᠢᠨ 1 ᠤ ᠡᠳᠤᠷ ᠠᠴᠠ ᠡᠬᠢᠯᠡᠵᠤ ᠭᠡᠷᠡᠭᠵᠢᠬᠦᠯᠦᠨ᠎ᠠ᠃      ᠳᠤᠰ ︽ᠳᠦᠷᠢᠮ︾ ᠪᠤᠯ ᠮᠠᠨ ᠤ ᠤᠯᠤᠰ ᠤᠨ ᠬᠢᠯᠢ ᠳᠤᠳᠤᠷᠠᠬᠢ ᠬᠦᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠬᠦᠷ ᠢᠶᠠᠷ ᠳᠠᠮᠵᠢᠵᠤ ᠠᠵᠢᠯ ᠡᠷᠢᠬᠦ᠂ ᠠᠵᠢᠯᠳᠠᠨ ᠤᠷᠢᠬᠤ ᠪᠠ ᠬᠦᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠢᠯᠯᠠᠭ᠎ᠠ ᠦᠷᠨᠢᠬᠦᠯᠬᠦ ᠶᠢ ᠰᠢᠰᠲ᠋ᠧᠮᠵᠢᠬᠦᠯᠵᠤ ᠵᠢᠷᠤᠮᠵᠢᠭᠤᠯᠬᠤ ᠠᠩᠬᠠᠨ ᠤ ᠵᠠᠰᠠᠭ ᠵᠠᠬᠢᠷᠭᠠᠨ ᠤ ᠬᠠᠤᠯᠢ ᠳᠤᠭᠳᠠᠭᠠᠯ ᠪᠤᠯᠤᠨ᠎ᠠ᠂ ᠡᠨᠡ ᠨᠢ ᠨᠢᠭᠡᠳᠤᠯᠳᠠᠢ ᠨᠡᠭᠡᠭᠡᠯᠳᠡ ᠬᠢᠭᠰᠡᠨ᠂ ᠦᠷᠢᠰᠦᠯᠳᠦᠭᠡᠨ ᠨᠢ ᠡᠮᠬᠢ ᠵᠢᠷᠤᠮ ᠲᠠᠢ ᠬᠦᠮᠦᠨ ᠤ ᠬᠦᠴᠦᠨ ᠤ ᠡᠬᠢ ᠪᠡᠶᠠᠯᠢᠭ ᠤᠨ ᠵᠠᠬ᠎ᠠ ᠳᠡᠯᠭᠡᠬᠦᠷ ᠢ ᠪᠠᠶᠢᠭᠤᠯᠬᠤ᠂ ᠠᠵᠢᠯ ᠤᠯᠭᠤᠬᠤ ᠦᠢᠯᠡᠰ ᠪᠤᠰᠬᠠᠬᠤ ᠪᠠ ᠴᠢᠨᠠᠷ ᠰᠠᠶᠢᠳᠠᠢ ᠬᠦᠭᠵᠢᠯᠳᠡ ᠳᠤ ᠨᠡᠩ ᠰᠠᠶᠢᠳᠤᠷ ᠦᠢᠯᠡᠴᠢᠯᠡᠬᠦ᠂ ᠠᠵᠢᠯ ᠤᠯᠭᠤᠯᠳᠠ ᠶᠢ ᠳᠡᠷᠢᠬᠦᠨ ᠪᠠᠶᠢᠷᠢᠨ ᠳᠤ ᠳᠠᠯᠪᠢᠬᠤ ᠪᠠᠶᠢᠯᠳᠤᠬᠤ ᠪᠤᠳᠤᠯᠭ᠎ᠠ ᠪᠠ ᠴᠢᠳᠠᠪᠤᠷᠢᠳᠠᠨ ᠢᠶᠠᠷ ᠤᠯᠤᠰ ᠢᠶᠠᠨ ᠬᠦᠴᠦᠷᠭᠡᠭᠵᠢᠬᠦᠯᠬᠦ ᠪᠠᠶᠢᠯᠳᠤᠬᠤ ᠪᠤᠳᠤᠯᠭ᠎ᠠ ᠶᠢ ᠭᠡᠷᠡᠭᠵᠢᠬᠦᠯᠬᠦ ᠳᠤ ᠴᠢᠬᠤᠯᠠ ᠶᠡᠭᠡ ᠠᠴᠢ ᠬᠤᠯᠪᠤᠭᠳᠠᠯ ᠲᠠᠢ ᠶᠤᠮ᠃ ︽ᠳᠦᠷᠢᠮ︾ ᠨᠢ ᠬᠦᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠬᠦᠷ ᠢ ᠪᠤᠶᠢᠵᠢᠭᠤᠯᠬᠤ᠂ ᠬᠦᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ᠂ ᠬᠦᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠬᠦᠷ ᠤᠨ ᠠᠵᠢᠯᠯᠠᠭ᠎ᠠ ᠶᠢ ᠵᠢᠷᠤᠮᠵᠢᠭᠤᠯᠬᠤ᠂ ᠬᠦᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠬᠦᠷ  ᠲᠠᠬᠢ ᠬᠢᠨᠠᠯᠳᠠ ᠬᠠᠮᠢᠶᠠᠷᠤᠯᠳᠠ ᠵᠢᠴᠢ ᠬᠠᠤᠯᠢ ᠴᠠᠭᠠᠵᠠ ᠬᠠᠷᠢᠭᠤᠴᠠᠯᠭ᠎ᠠ ᠵᠡᠷᠭᠡ ᠳᠤ ᠪᠦᠬᠦ ᠳᠠᠯ᠎ᠠ ᠶᠢᠨ ᠳᠤᠭᠳᠠᠭᠠᠯ ᠭᠠᠷᠭᠠᠵᠠᠢ᠃      ᠨᠢᠭᠡ ᠳᠤ ᠵᠠᠰᠠᠭ ᠤᠨ ᠤᠷᠳᠤᠨ ᠤ ᠦᠢᠯᠡᠳᠤᠯ ᠢ ᠨᠡᠩ ᠰᠠᠶᠢᠨ ᠪᠠᠳᠠᠷᠠᠭᠤᠯᠵᠤ᠂ ᠬᠦᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠬᠦᠷ ᠢ ᠪᠤᠶᠢᠵᠢᠭᠤᠯᠬᠤ ᠶᠢ ᠴᠢᠩᠭᠠᠳᠬᠠᠨ᠎ᠠ᠃ ᠤᠯᠤᠰ ᠠᠴᠠ ᠵᠠᠰᠠᠭ ᠤᠨ ᠤᠷᠳᠤᠨ ᠤ ᠬᠤᠷᠸ᠎ᠠ ᠡᠵᠡᠮᠰᠢᠯ ᠳᠤᠬᠢᠷᠠᠭᠤᠯᠭ᠎ᠠ᠂ ᠵᠠᠬ᠎ᠠ ᠳᠡᠯᠭᠡᠬᠦᠷ ᠤᠨ ᠳᠦᠪ ᠭᠤᠤᠯᠴᠢ ᠦᠷᠢᠰᠦᠯᠳᠦᠭᠡᠨ᠂ ᠨᠢᠭᠡᠴᠢ ᠶᠢᠨ ᠡᠵᠡᠨ ᠮᠡᠳᠡᠵᠤ ᠬᠦᠮᠦᠨ ᠭᠡᠷᠡᠭᠯᠡᠬᠦ᠂ ᠬᠤᠪᠢ ᠬᠦᠮᠦᠨ ᠪᠡᠶ᠎ᠡ ᠪᠠᠨ ᠳᠠᠭᠠᠭᠠᠵᠤ ᠠᠵᠢᠯ ᠰᠤᠩᠭᠤᠬᠤ᠂ ᠬᠦᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠦᠨᠡᠨᠴᠢ ᠢᠳᠡᠭᠡᠮᠵᠢᠳᠡᠢ ᠦᠢᠯᠡᠴᠢᠯᠡᠬᠦ ᠬᠦᠮᠦᠨ ᠤ ᠬᠦᠴᠦᠨ ᠤ ᠡᠬᠢ ᠪᠠᠶᠠᠯᠢᠭ ᠢ ᠰᠢᠯᠵᠢᠬᠦᠯᠦᠨ ᠳᠤᠬᠢᠷᠠᠭᠤᠯᠬᠤ ᠳᠤᠭᠳᠠᠴᠠ ᠶᠢ ᠪᠠᠶᠢᠭᠤᠯᠤᠨ᠎ᠠ᠃ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠨᠢ ᠤᠷᠤᠨ ᠪᠦᠰᠡ᠂ ᠠᠵᠤ ᠦᠢᠯᠡᠰ᠂ ᠭᠠᠵᠠᠷ ᠰᠢᠷᠤᠢ ᠵᠡᠷᠭᠡ ᠳᠦᠷᠦ ᠶᠢᠨ ᠪᠤᠳᠤᠯᠭ᠎ᠠ ᠶᠢ ᠠᠰᠢᠭᠯᠠᠨ᠂ ᠬᠦᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠬᠦᠷ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠵᠤ᠂ ᠬᠤᠳᠠ ᠬᠦᠳᠡᠭᠡ ᠪᠡ ᠡᠯ᠎ᠡ ᠠᠵᠢᠯ ᠳᠦᠷᠦᠯ ᠢ ᠬᠠᠮᠤᠷᠤᠭᠰᠠᠨ ᠬᠦᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠬᠦᠷ ᠤᠨ ᠬᠠᠩᠭᠠᠯᠭ᠎ᠠ ᠭᠡᠷᠡᠭᠴᠡᠭᠡᠨ ᠤ ᠮᠡᠳᠡᠭᠡ ᠵᠠᠩᠬᠢ ᠶᠢᠨ ᠰᠢᠰᠲ᠋ᠧᠮ ᠢ ᠪᠠᠶᠢᠭᠤᠯᠤᠨ᠎ᠠ᠃ ᠬᠦᠮᠦᠨ ᠤ ᠬᠦᠴᠦᠨ ᠤ ᠡᠬᠢ ᠪᠠᠶᠠᠯᠢᠭ ᠢ ᠵᠤᠬᠢᠰᠳᠠᠢ ᠰᠢᠯᠵᠢᠬᠦᠯᠬᠦ ᠶᠢ ᠠᠬᠢᠭᠤᠯᠤᠨ ᠵᠢᠯᠣᠭᠤᠳᠴᠤ᠂ ᠶᠠᠮᠠᠷᠪᠠ ᠭᠠᠵᠠᠷ ᠤᠷᠤᠨ ᠪᠤᠶᠤ ᠨᠢᠭᠡᠴᠢ ᠤᠯᠤᠰ ᠤᠨ ᠳᠤᠭᠳᠠᠭᠠᠯ ᠢ ᠵᠦᠷᠢᠴᠠᠨ ᠬᠦᠮᠦᠨ ᠤ ᠬᠦᠴᠦᠨ ᠤ ᠡᠬᠢ ᠪᠠᠶᠠᠯᠢᠭ ᠢ ᠰᠢᠯᠵᠢᠬᠦᠯᠬᠦ ᠶᠢ ᠬᠤᠷᠢᠭᠯᠠᠵᠤ ᠪᠤᠯᠬᠤ ᠦᠭᠡᠢ᠃ ᠡᠷᠭᠡ ᠳᠡᠭᠰᠢ᠂ ᠬᠠᠷᠢᠯᠴᠠᠨ ᠠᠰᠢᠭᠳᠠᠢ ᠬᠦᠮᠦᠨ ᠤ ᠬᠦᠴᠦᠨ ᠤ ᠡᠬᠢ ᠪᠠᠶᠠᠯᠢᠭ ᠤᠨ ᠳᠡᠯᠡᠭᠡᠢ ᠶᠢᠨ ᠬᠠᠮᠳᠤᠷᠠᠯᠴᠠᠭ᠎ᠠ ᠰᠤᠯᠢᠯᠴᠠᠭ᠎ᠠ ᠶᠢ ᠬᠦᠭᠵᠢᠬᠦᠯᠬᠦ ᠵᠢᠴᠢ ᠳᠡᠯᠡᠭᠡᠢ ᠶᠢᠨ ᠪᠠ ᠤᠯᠤᠰ ᠤᠨ ᠳᠤᠳᠤᠭᠠᠳᠤ ᠶᠢᠨ ᠬᠦᠮᠦᠨ ᠤ ᠬᠦᠴᠦᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠵᠤᠷᠢᠬᠵᠢᠭᠤᠯᠤᠨ᠎ᠠ᠃      ᠬᠤᠶᠠᠷ ᠲᠤ ᠦᠭᠡᠷᠡᠴᠢᠯᠡᠯᠳᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠬᠦᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠬᠦᠷ ᠤᠨ ᠬᠦᠷᠢᠶ᠎ᠡ ᠴᠠᠷᠠᠭ᠎ᠠ ᠳᠠᠬᠢ ︽ᠳᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠳᠡ ᠶᠢ ᠠᠬᠢᠭᠤᠯᠤᠨ᠎ᠠ᠃ ᠤᠯᠠᠨ ᠨᠡᠶᠢᠳᠡ ᠶᠢᠨ ᠬᠦᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠳᠦᠯᠦᠪᠦᠷᠢ ᠦᠭᠡᠢ ᠪᠠᠷ ᠬᠠᠩᠭᠠᠬᠤ ᠵᠤᠬᠢᠰᠳᠠᠢ ᠦᠢᠯᠡᠴᠢᠯᠡᠭᠡᠨ ᠤ ᠵᠦᠢᠯᠡᠰ ᠢ ᠳᠤᠳᠤᠷᠬᠠᠶᠢᠯᠠᠨ᠎ᠠ᠃ ᠡᠵᠡᠩᠨᠡᠯᠳᠡ ᠶᠢᠨ ᠴᠢᠨᠠᠷ ᠲᠠᠢ ᠬᠦᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠠᠵᠢᠯ ᠮᠡᠷᠭᠡᠵᠢᠯ ᠤᠨ ᠵᠠᠭᠤᠴᠢᠯᠠᠬᠤ ᠠᠵᠢᠯᠯᠠᠭ᠎ᠠ ᠡᠷᠬᠢᠯᠡᠬᠦ ᠳᠤ ᠵᠠᠰᠠᠭ ᠤᠨ ᠤᠷᠳᠤᠨ ᠤ ᠵᠦᠪᠰᠢᠶᠡᠷᠡᠯ ᠢ ᠤᠯᠬᠤ ᠶᠢ ᠭᠡᠷᠡᠭᠵᠢᠬᠦᠯᠵᠤ᠂ ᠪᠤᠰᠤᠳ ᠬᠦᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ ᠦᠷᠨᠢᠬᠦᠯᠬᠦ ᠳᠤ ᠳᠠᠩᠰᠠᠯᠠᠨ ᠬᠠᠮᠢᠶᠠᠷᠬᠤ ᠶᠢ ᠭᠡᠷᠡᠭᠵᠢᠬᠦᠯᠦᠨ᠎ᠠ︔ ᠬᠤᠪᠢᠶᠠᠷᠢ ᠪᠠᠶᠢᠭᠤᠯᠤᠮᠵᠢ ᠪᠠᠶᠢᠭᠤᠯᠬᠤ᠂ ᠨᠡᠷᠡᠶᠢᠳᠤᠯ᠂ ᠤᠷᠤᠨ ᠰᠠᠭᠤᠴᠠ᠂ ᠬᠠᠤᠯᠢ ᠶᠢᠨ ᠡᠷᠭᠡᠳᠡᠨ ᠤ ᠳᠦᠯᠦᠭᠡᠯᠡᠭᠴᠢ ᠶᠢ ᠬᠤᠪᠢᠷᠠᠭᠤᠯᠬᠤ ᠪᠤᠶᠤ ᠡᠰᠡᠬᠦᠯ᠎ᠡ ᠡᠵᠡᠩᠨᠡᠬᠦ ᠪᠠᠨ ᠵᠤᠭᠰᠤᠭᠠᠬᠤ ᠳᠤ ᠪᠢᠴᠢᠭ ᠤᠨ ᠮᠡᠳᠡᠬᠦᠯᠦᠯᠳᠡ ᠳᠤᠰᠢᠶᠠᠨ᠎ᠠ᠃ ᠵᠠᠰᠠᠭ ᠵᠠᠬᠢᠷᠭᠠᠨ ᠤ ᠵᠦᠪᠰᠢᠶᠡᠷᠡᠯ ᠢ ᠤᠯᠤᠭᠰᠠᠨ ᠡᠰᠡᠬᠦᠯ᠎ᠡ ᠮᠡᠳᠡᠬᠦᠯᠦᠨ ᠳᠠᠩᠰᠠᠯᠠᠭᠤᠯᠤᠭᠰᠠᠨ ᠡᠵᠡᠩᠨᠡᠯᠳᠡ ᠶᠢᠨ ᠴᠢᠨᠠᠷ ᠲᠠᠢ ᠬᠦᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠨᠡᠷ᠎ᠡ ᠵᠢᠴᠢ ᠨᠡᠷ᠎ᠠ ᠶᠢ ᠨᠢ ᠰᠤᠯᠢᠬᠤ᠂ ᠦᠷᠬᠦᠯᠵᠢᠯᠡᠬᠦᠯᠬᠦ ᠵᠡᠷᠭᠡ ᠪᠠᠶᠢᠳᠠᠯ ᠢ ᠴᠠᠭ ᠳᠠᠷᠤᠢ ᠳᠤ ᠨᠢ ᠨᠡᠶᠢᠭᠡᠮ ᠨᠡᠶᠢᠳᠡ ᠳᠤ ᠵᠠᠷᠯᠠᠨ ᠮᠡᠳᠡᠬᠦᠯᠦᠨ᠎ᠡ᠃      ᠭᠤᠷᠪᠠ ᠳᠤ ᠬᠦᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠬᠦᠷ ᠤᠨ ᠠᠵᠢᠯᠯᠠᠭᠠᠨ ᠤ ᠵᠢᠷᠤᠮᠵᠢᠯ ᠢ ᠳᠤᠳᠤᠷᠬᠠᠶᠢᠯᠠᠨ᠂ ᠵᠠᠬ᠎ᠠ ᠳᠡᠯᠭᠡᠬᠦᠷ ᠤᠨ ᠭᠤᠤᠯ ᠴᠤᠭᠴᠠ ᠶᠢᠨ ᠦᠨᠡᠨᠴᠢ ᠢᠳᠡᠭᠡᠮᠵᠢᠳᠡᠢ ᠪᠠᠶᠢᠵᠤ ᠬᠠᠤᠯᠢ ᠶᠢ ᠰᠠᠬᠢᠬᠤ ᠶᠢ ᠠᠬᠢᠭᠤᠯᠤᠨ᠎ᠠ᠃ ᠬᠤᠪᠢ ᠬᠦᠮᠦᠨ ᠠᠵᠢᠯ ᠡᠷᠢᠬᠦ ᠳᠤ ᠪᠠᠨ ᠦᠨᠡᠨᠴᠢ ᠭᠤᠤᠯᠴᠢ ᠪᠠᠶᠢᠵᠤ᠂ ᠬᠦᠮᠦᠨ ᠭᠡᠷᠡᠭᠯᠡᠬᠦ ᠨᠢᠭᠡᠴᠢ ᠬᠠᠤᠯᠢ ᠶᠤᠰᠤᠭᠠᠷ ᠦᠨᠠᠨ ᠪᠤᠳᠠᠳᠠᠢ ᠪᠠᠷ ᠠᠵᠢᠯᠳᠠᠨ ᠡᠯᠰᠡᠬᠦ ᠮᠡᠳᠡᠭᠡ ᠵᠠᠩᠬᠢ ᠨᠡᠶᠢᠳᠡᠯᠡᠬᠦ ᠪᠤᠶᠤ ᠬᠠᠩᠭᠠᠵᠤ᠂ ᠬᠦᠮᠦᠨ ᠤ ᠬᠦᠴᠦᠨ ᠤ ᠡᠬᠢ ᠪᠠᠶᠠᠯᠢᠭ ᠢ ᠬᠠᠤᠯᠢ ᠶᠤᠰᠤᠭᠠᠷ ᠰᠢᠯᠵᠢᠬᠦᠯᠪᠡᠯ ᠵᠤᠬᠢᠨ᠎ᠠ᠃ ᠬᠦᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠳᠤᠬᠠᠢ ᠶᠢᠨ ᠳᠠᠯᠠᠪᠠᠢ ᠳᠤ ᠠᠵᠢᠯᠳᠠᠨ ᠡᠯᠰᠡᠬᠦ ᠴᠤᠭᠯᠠᠭᠠᠨ ᠬᠢᠬᠦ᠂ ᠬᠦᠮᠦᠨ ᠤ ᠬᠦᠴᠦᠨ ᠤ ᠡᠬᠢ ᠪᠠᠶᠠᠯᠢᠭ ᠤᠨ ᠬᠠᠩᠭᠠᠯᠭ᠎ᠠ ᠭᠡᠷᠡᠭᠴᠡᠭᠡᠨ ᠤ ᠮᠡᠳᠡᠭᠡ ᠵᠠᠩᠬᠢ ᠶᠢ ᠬᠤᠷᠢᠶᠠᠵᠤ ᠳᠠᠷᠬᠠᠭᠠᠬᠤ᠂ ᠢᠨᠲ᠋ᠧᠷ ᠰᠦᠯᠵᠢᠶ᠎ᠠ ᠪᠠᠷ ᠳᠠᠮᠵᠢᠭᠤᠯᠤᠨ ᠬᠦᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ ᠬᠢᠬᠦ ᠳᠤ ᠪᠠᠨ ᠡᠷᠭᠡᠪᠰᠢ ᠬᠠᠤᠯᠢ ᠴᠠᠭᠠᠵᠠ ᠶᠢᠨ ᠳᠤᠭᠳᠠᠭᠠᠯ ᠢ ᠴᠢᠩᠭ᠎ᠠ ᠰᠠᠬᠢᠵᠤ᠂ ᠮᠡᠭᠡᠯᠡᠬᠦ᠂ ᠬᠦᠴᠦᠷᠭᠡᠭᠯᠡᠬᠦ᠂ ᠰᠢᠬᠠᠮᠳᠠᠭᠤᠯᠬᠤ ᠪᠤᠶᠤ ᠪᠤᠰᠤᠳ ᠵᠦᠢ ᠵᠤᠬᠢᠰ ᠦᠭᠡᠢ ᠠᠷᠭ᠎ᠠ ᠭᠡᠮᠵᠢᠶ᠎ᠡ ᠠᠪᠴᠤ ᠪᠤᠯᠬᠤ ᠦᠭᠡᠢ ᠪᠦᠭᠡᠳ ᠬᠠᠤᠯᠢ ᠪᠤᠰᠤ ᠠᠵᠢᠯᠯᠠᠭ᠎ᠠ ᠬᠢᠵᠤ ᠪᠤᠯᠬᠤ ᠦᠭᠡᠢ︔ ᠬᠠᠤᠯᠢ ᠪᠤᠰᠤ ᠪᠠᠷ ᠳᠤᠬᠠᠶᠢᠯᠠᠭᠰᠠᠨ ᠠᠵᠢᠯ ᠦᠷᠨᠢᠬᠦᠯᠦᠭᠰᠡᠳ ᠬᠠᠤᠯᠢ ᠶᠢᠨ ᠬᠠᠷᠢᠭᠤᠴᠠᠯᠭ᠎ᠠ ᠡᠬᠦᠷᠭᠡᠯᠡᠪᠡᠯ ᠵᠤᠬᠢᠨ᠎ᠠ᠃      ᠳᠦᠷᠪᠡ ᠳᠤ ᠤᠴᠢᠷ ᠶᠠᠪᠤᠳᠠᠯ ᠤᠨ ᠳᠤᠮᠳᠠᠬᠢ ᠪᠠ ᠳᠠᠷᠠᠭᠠᠬᠢ ᠬᠢᠨᠠᠨ ᠬᠠᠮᠢᠶᠠᠷᠤᠯᠳᠠ ᠶᠢ ᠴᠢᠩᠭᠠᠳᠬᠠᠵᠤ᠂ ᠬᠦᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠬᠦᠷ ᠤᠨ ᠡᠮᠬᠢ ᠵᠢᠷᠤᠮ ᠢ ᠬᠠᠮᠠᠭᠠᠯᠠᠨ᠎ᠠ᠃ ᠬᠦᠮᠦᠨ ᠤ ᠬᠦᠴᠦᠨ ᠤ ᠡᠬᠢ ᠪᠠᠶᠠᠯᠢᠭ ᠪᠡ ᠨᠡᠶᠢᠭᠡᠮ ᠤᠨ ᠪᠠᠳᠤᠯᠠᠪᠤᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ︽ᠬᠤᠶᠠᠷ ᠢ ᠳᠤᠭᠳᠠᠮᠠᠯ ᠪᠤᠰᠤ ᠪᠠᠷ ᠰᠤᠭᠤᠴᠢᠨ ᠪᠠᠶᠢᠴᠠᠭᠠᠬᠤ ᠨᠢᠭᠡ ᠨᠢ ᠢᠯᠡ ᠪᠤᠯᠭᠠᠬᠤ︾ ᠠᠷᠭ᠎ᠠ ᠭᠡᠯᠪᠡᠷᠢ ᠪᠠᠷ ᠬᠢᠨᠠᠯᠳᠠ ᠳᠠᠯᠪᠢᠵᠤ ᠪᠠᠶᠢᠴᠠᠭᠠᠬᠤ ᠶᠢ ᠭᠡᠷᠡᠭᠵᠢᠬᠦᠯᠦᠨ᠎ᠠ᠃ ᠡᠵᠡᠩᠨᠡᠯᠳᠡ ᠶᠢᠨ ᠴᠢᠨᠠᠷ ᠲᠠᠢ ᠬᠦᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠨᠢ ᠡᠵᠡᠩᠨᠡᠯᠳᠡ ᠶᠢᠨ ᠪᠠᠶᠢᠳᠠᠯ ᠤᠨ ᠵᠢᠯ ᠤᠨ ᠮᠡᠳᠡᠬᠦᠯᠦᠯᠳᠡ ᠪᠠᠨ ᠳᠤᠰᠢᠶᠠᠨ᠎ᠠ᠂ ᠭᠡᠬᠦ ᠳᠤ ᠮᠡᠳᠡᠭᠡ ᠵᠠᠩᠬᠢ ᠶᠢ ᠬᠠᠮᠳᠤᠪᠠᠷ ᠬᠦᠷᠳᠡᠬᠦ ᠪᠠᠷ ᠳᠠᠮᠵᠢᠨ ᠤᠯᠵᠤ ᠳᠡᠶᠢᠯᠬᠦ ᠮᠡᠳᠡᠭᠡ ᠵᠠᠩᠬᠢ ᠶᠢ ᠪᠤᠯ ᠵᠠᠰᠠᠭ ᠵᠠᠬᠢᠷᠠᠭᠠᠨ ᠤ ᠪᠠᠶᠢᠭᠤᠯᠭ᠎ᠠ ᠨᠢᠭᠡᠴᠢ ᠨᠢ ᠳᠠᠪᠳᠠᠨ ᠮᠡᠳᠡᠬᠦᠯᠬᠦ ᠶᠢ ᠱᠠᠭᠠᠷᠳᠠᠵᠤ ᠪᠤᠯᠬᠤ ᠦᠭᠡᠢ᠃ ᠬᠦᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠬᠦᠷ ᠤᠨ ᠦᠨᠡᠨᠴᠢ ᠢᠳᠡᠭᠡᠮᠵᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠢᠳᠡᠭᠡᠮᠵᠢ ᠶᠢ ᠳᠦᠷᠦᠯ ᠬᠤᠪᠢᠶᠠᠨ ᠬᠢᠨᠠᠨ ᠬᠠᠮᠢᠶᠠᠷᠬᠤ ᠶᠢ ᠭᠡᠷᠡᠭᠵᠢᠬᠦᠯᠦᠨ᠎ᠠ᠃ ᠬᠦᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠷᠢᠮᠵᠢᠶᠠᠵᠢᠯᠳᠠ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠬᠦᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠢᠯ ᠳᠦᠷᠦᠯ ᠤᠨ ᠨᠡᠶᠢᠭᠡᠮᠯᠢᠭ ᠤᠨ ᠦᠢᠯᠡᠳᠤᠯ ᠢ ᠪᠠᠳᠠᠷᠠᠭᠤᠯᠤᠨ᠎ᠠ᠃
 
ᠢᠷᠡᠯᠲᠡ᠄ ᠦᠪᠤᠷ ᠮᠤᠩᠭᠤᠯ ᠤᠨ ᠠᠷᠠᠤᠨ ᠤᠨ ᠶᠠᠪᠤᠳᠠᠯ ᠤᠨ ᠲᠢᠩᠭᠢᠮ ᠤᠨ ᠭᠢᠳᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号