ᠳᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠳᠢᠩᠬᠢᠮ ᠤᠨ ᠱᠠᠨ ᠰᠢ ᠮᠤᠵᠢ ᠶᠢᠨ ᠲᠠᠢ ᠺᠤᠸᠠᠨ ᠡᠾᠧ ᠭᠤᠤᠯ ᠵᠡᠷᠭᠡ ᠰᠢᠨ᠎ᠠ ᠪᠠᠷ ᠪᠠᠶᠢᠭᠤᠯᠬᠤ ᠤᠯᠤᠰ ᠤᠨ ᠳᠡᠰ ᠤᠨ 5 ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠨᠡᠷᠡᠰ ᠢ ᠨᠡᠶᠢᠳᠡᠯᠡᠬᠦ ᠳᠤᠬᠠᠢ ᠮᠡᠳᠡᠭᠳᠡᠯ
ᠨᠡᠶᠢᠲᠡᠯᠡᠭᠰᠡᠨ ᠴᠠᠭ᠄
2018-07-17
                 ᠳᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠳᠢᠩᠬᠢᠮ ᠳᠠᠷᠬᠠᠭᠠᠬᠤ ︵2018︶ 41 ᠳ᠋ᠤᠭᠡᠷ ᠳᠤᠭᠠᠳᠤᠡᠯ᠎ᠡ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠳᠦᠷᠦ ᠶᠢᠨ ᠶᠠᠪᠤᠳᠠᠯ ᠤᠨ ᠬᠤᠷᠢᠶᠠᠨ ᠤ ᠡᠯ᠎ᠡ ᠭᠡᠯᠳᠡᠰ ᠵᠦᠪᠯᠡᠯ᠂ ᠡᠯ᠎ᠡ ᠰᠢᠭᠤᠳ ᠬᠠᠷᠢᠶ᠎ᠠ ᠪᠠᠶᠢᠭᠤᠯᠤᠮᠵᠢ᠄      ᠱᠠᠨ ᠰᠢ ᠮᠤᠵᠢ ᠶᠢᠨ ᠲᠠᠢ ᠺᠤᠸᠠᠨ ᠡᠾᠧ ᠭᠤᠤᠯ᠂ ᠬᠢᠷᠢᠨ ᠮᠤᠵᠢ ᠶᠢᠨ ᠰᠤᠩᠭᠠᠷᠢ ᠮᠦᠷᠡᠨ ᠤ ᠡᠬᠢᠨ ᠤ ᠭᠡᠰᠡᠭ ᠤᠨ ᠳᠡᠭᠡᠳᠤ ᠤᠷᠤᠰᠬᠠᠯ᠂ ᠬᠢᠷᠢᠨ ᠮᠤᠵᠢ ᠶᠢᠨ ᠽᠧᠩ ᠹᠧᠩ ᠯᠢᠩ᠂ ᠬᠠᠷᠠᠮᠦ᠋ᠷᠡᠨ ᠮᠤᠵᠢ ᠶᠢᠨ ᠰᠢ ᠯᠢᠨ ᠡᠾᠧ ᠭᠤᠤᠯ᠂ ᠬᠦᠢᠵᠸᠤ ᠮᠤᠵᠢ ᠶᠢᠨ ᠳ᠋ᠠ ᠱᠠ ᠡᠾᠧ ᠭᠤᠤᠯ ᠵᠡᠷᠭᠡ 5 ᠭᠠᠵᠠᠷ ᠲᠤ ᠰᠢᠨ᠎ᠠ ᠪᠠᠷ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠪᠠᠶᠢᠭᠤᠯᠬᠤ ᠶᠢ ᠳᠦᠷᠦ ᠶᠢᠨ ᠶᠠᠪᠤᠳᠠᠯ ᠤᠨ ᠬᠤᠷᠢᠶ᠎ᠠ ᠠᠴᠠ ᠨᠢᠭᠡᠨᠳᠡ ᠬᠢᠨᠠᠨ ᠵᠦᠪᠰᠢᠶᠡᠷᠡᠵᠤ᠂ ᠦᠨᠦ ᠨᠡᠷᠡᠰ ᠢ ᠨᠡᠶᠢᠳᠡᠯᠡᠪᠡ᠃ ᠰᠢᠨ᠎ᠠ ᠪᠠᠷ ᠪᠠᠶᠢᠭᠤᠯᠬᠤ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠳᠠᠯᠠᠪᠠᠢ᠂ ᠬᠦᠷᠢᠶ᠎ᠠ ᠭᠡᠪᠴᠢᠶ᠎ᠠ ᠪᠤᠯᠤᠨ ᠴᠢᠳᠠᠪᠬᠢ ᠳᠤᠭᠤᠷᠢᠭ ᠬᠤᠪᠢᠶᠠᠷᠢᠯᠠᠯ ᠵᠡᠷᠭᠡ ᠶᠢ ᠠᠮᠢ ᠠᠬᠤᠢ ᠶᠢᠨ ᠤᠷᠴᠢᠨ ᠳᠤᠭᠤᠷᠢᠨ ᠤ ᠬᠠᠮᠠᠭᠠᠯᠠᠯᠳᠠ ᠶᠢᠨ ᠶᠠᠮᠤᠨ ᠠᠴᠠ ᠠᠰ ᠢᠶᠠᠷ ᠨᠢ ᠨᠡᠶᠢᠳᠡᠯᠡᠨ᠎ᠠ᠃ ᠬᠤᠯᠪᠤᠭᠳᠠᠯ ᠪᠦᠬᠦᠢ ᠭᠠᠵᠠᠷ ᠤᠷᠤᠨ ᠨᠢ ᠵᠦᠪᠰᠢᠶᠡᠷᠡᠭᠰᠡᠨ ᠳᠠᠯᠠᠪᠠᠢ ᠪᠤᠯᠤᠨ ᠬᠦᠷᠢᠶ᠎ᠠ ᠭᠡᠪᠴᠢᠶ᠎ᠠ ᠶᠤᠰᠣᠭᠠᠷ ᠵᠠᠭᠠᠭ ᠱᠤᠭᠤᠮ ᠢᠶᠠᠨ ᠳᠤᠭᠳᠠᠭᠠᠵᠤ᠂ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠭᠠᠵᠠᠷ ᠰᠢᠷᠤᠢ ᠶᠢᠨ ᠬᠠᠷᠢᠶᠠᠯᠠᠯ ᠤᠨ ᠡᠷᠭᠡ ᠶᠢ ᠨᠠᠶᠢᠳᠠᠪᠤᠷᠢᠵᠢᠭᠤᠯᠬᠤ ᠶᠢᠨ ᠬᠠᠮᠳᠤ ᠳᠤᠭᠳᠠᠭᠰᠠᠨ ᠴᠠᠭ ᠲᠤ ᠪᠠᠨ ᠳᠡᠮᠳᠡᠭ ᠫᠠᠶᠢᠰᠠ ᠪᠤᠰᠬᠠᠵᠤ ᠵᠠᠭᠠᠭ ᠱᠤᠭᠤᠮ ᠢᠶᠠᠨ ᠳᠤᠳᠤᠷᠬᠠᠶᠢᠯᠠᠵᠤ ᠨᠡᠶᠢᠳᠡᠯᠡᠬᠦ ᠭᠡᠷᠡᠭᠳᠡᠢ᠃      ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠪᠤᠯ ᠠᠮᠢ ᠠᠬᠤᠢ ᠶᠢᠨ ᠪᠤᠯᠪᠠᠰᠤᠨ ᠢ ᠠᠬᠢᠭᠤᠯᠵᠤ᠂ ᠦᠵᠡᠮᠵᠡᠳᠤ ᠰᠠᠶᠢᠬᠠᠨ ᠳᠤᠮᠳᠠᠳᠤ ᠤᠯᠤᠰ ᠢ ᠪᠠᠶᠢᠭᠤᠯᠬᠤ ᠶᠢᠨ ᠴᠢᠬᠤᠯᠠ ᠠᠴᠢᠶᠠᠯᠠᠪᠤᠷᠢ ᠪᠤᠯᠤᠨ᠎ᠠ᠃ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠪᠦᠳᠦᠭᠡᠨ ᠪᠠᠶᠢᠭᠤᠯᠤᠯᠳᠠ ᠪᠤᠯᠤᠨ ᠬᠠᠮᠠᠭᠠᠯᠠᠯᠳᠠ ᠶᠢ ᠴᠢᠩᠭᠠᠳᠬᠠᠬᠤ ᠨᠢ ᠰᠢᠨ᠎ᠠ ᠬᠦᠭᠵᠢᠯᠳᠡ ᠶᠢᠨ ᠦᠵᠡᠯᠳᠡ ᠶᠢ ᠳᠤᠤᠱᠯᠠᠭᠤᠯᠤᠨ ᠨᠠᠶᠢᠳᠠᠪᠤᠷᠢᠵᠢᠭᠤᠯᠬᠤ ᠪᠤᠳᠠᠳᠤ ᠠᠵᠢᠯᠯᠠᠭ᠎ᠠ ᠪᠤᠯᠬᠤ ᠪᠦᠭᠡᠳ ᠠᠮᠢ ᠠᠬᠤᠢ ᠶᠢᠨ ᠬᠠᠮᠠᠭᠠᠯᠠᠯᠳᠠ ᠶᠢᠨ ᠤᠯᠠᠭᠠᠨ ᠱᠤᠭᠤᠮ ᠢ ᠨᠡᠶᠢᠳᠡᠪᠤᠷᠢᠵᠢᠭᠤᠯᠤᠨ᠂ ᠤᠯᠤᠰ ᠤᠨ ᠠᠮᠢ ᠠᠬᠤᠢ ᠶᠢᠨ ᠠᠮᠤᠷ ᠳᠦᠪᠰᠢᠨ ᠢ ᠬᠠᠮᠠᠭᠠᠯᠠᠬᠤ ᠴᠢᠬᠤᠯᠠ ᠪᠠᠳᠤᠯᠠᠭ᠎ᠠ ᠪᠤᠯᠬᠤ ᠮᠦᠷᠳᠡᠭᠡᠨ ᠠᠮᠢᠳᠤ ᠪᠤᠳᠠᠰ ᠤᠨ ᠤᠯᠠᠨ ᠶᠠᠩᠵᠤᠳᠤ ᠴᠢᠨᠠᠷ ᠢ ᠬᠠᠮᠠᠭᠠᠯᠠᠵᠤ᠂ ᠡᠯ᠎ᠡ ᠳᠦᠷᠦᠯ ᠤᠨ ᠪᠠᠶᠢᠭᠠᠯᠢ ᠶᠢᠨ ᠠᠮᠢ ᠠᠬᠤᠢ ᠶᠢᠨ ᠰᠢᠰᠲ᠋ᠧᠮ ᠤᠨ ᠠᠮᠤᠷ ᠳᠦᠪᠰᠢᠨ ᠪᠤᠯᠤᠨ ᠳᠤᠭᠳᠠᠭᠤᠨ ᠪᠠᠶᠢᠬᠤ ᠶᠢ ᠪᠠᠳᠤᠯᠠᠨ᠂ ᠠᠮᠢ ᠠᠬᠤᠢ ᠶᠢᠨ ᠤᠷᠴᠢᠨ ᠳᠤᠭᠤᠷᠢᠨ ᠤ ᠴᠢᠨᠠᠷ ᠢ ᠰᠠᠶᠢᠵᠢᠷᠠᠭᠤᠯᠬᠤ ᠪᠦᠳᠦᠮᠵᠢᠳᠡᠢ ᠠᠷᠭ᠎ᠠ ᠭᠡᠮᠵᠢᠶ᠎ᠡ ᠪᠤᠯᠤᠨ᠎ᠠ᠃ ᠡᠯ᠎ᠡ ᠬᠤᠯᠪᠤᠭᠳᠠᠯ ᠪᠦᠬᠦᠢ ᠭᠠᠵᠠᠷ ᠤᠷᠤᠨ ᠪᠤᠯᠤᠨ ᠰᠠᠯᠠᠭ᠎ᠠ ᠮᠦᠴᠢᠷ ᠤᠨ ᠬᠢᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠳᠦᠷᠢᠮ ᠵᠡᠷᠭᠡ ᠬᠤᠯᠪᠤᠭᠳᠠᠯ ᠪᠦᠬᠦᠢ ᠳᠦᠷᠢᠮ ᠳᠤᠭᠳᠠᠭᠠᠯ ᠢ ᠴᠢᠩᠭ᠎ᠠ ᠭᠡᠷᠡᠭᠵᠢᠬᠦᠯᠦᠨ᠂ ︽ᠳᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠳᠢᠩᠬᠢᠮ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠬᠠᠮᠢᠶᠠᠷᠤᠯᠳᠠ ᠶᠢᠨ ᠬᠤᠯᠪᠤᠭᠳᠠᠯ ᠪᠦᠬᠦᠢ ᠠᠵᠢᠯ ᠢ ᠰᠠᠶᠢᠳᠤᠷ ᠬᠢᠬᠦ ᠳᠤᠬᠠᠢ ᠮᠡᠳᠡᠭᠳᠡᠯ︾ ︵ᠳᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠳᠢᠩᠬᠢᠮ ᠳᠠᠷᠬᠠᠭᠠᠬᠤ ︿2010﹀ 63 ᠳ᠋ᠤᠭᠠᠷ ᠳᠤᠭᠠᠳᠤ︶ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠭᠡᠷᠡᠭᠵᠢᠬᠦᠯᠵᠤ᠂ ᠠᠮᠢ ᠠᠬᠤᠢ ᠶᠢᠨ ᠤᠷᠴᠢᠨ ᠳᠤᠭᠤᠷᠢᠨ ᠢ ᠬᠠᠮᠠᠭᠠᠯᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠤᠯᠤᠨ ᠬᠠᠮᠵᠢᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠬᠠᠮᠢᠶᠠᠷᠤᠯᠳᠠ ᠶᠢᠨ ᠪᠠᠶᠢᠭᠤᠯᠤᠮᠵᠢ ᠶᠢ ᠪᠠᠶᠢᠭᠤᠯᠵᠤ ᠳᠡᠬᠦᠯᠳᠡᠷᠵᠢᠬᠦᠯᠦᠨ᠂ ᠪᠡᠯᠡ ᠤᠷᠤᠭᠤᠯᠤᠯᠳᠠ ᠪᠠᠨ ᠨᠡᠮᠡᠭᠳᠡᠬᠦᠯᠵᠤ᠂ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠠᠮᠢ ᠠᠬᠤᠢ ᠶᠢᠨ ᠤᠷᠴᠢᠨ ᠳᠤᠭᠤᠷᠢᠨ ᠳᠤ ᠬᠤᠯᠪᠤᠭᠳᠠᠭᠰᠠᠨ ᠡᠯ᠎ᠡ ᠵᠦᠢᠯ ᠤᠨ ᠬᠠᠤᠯᠢ ᠳᠦᠷᠢᠮ ᠢ ᠵᠦᠷᠢᠴᠡᠭᠰᠡᠨ ᠠᠵᠢᠯᠯᠠᠭ᠎ᠠ ᠶᠢ ᠬᠢᠨᠠᠨ ᠬᠠᠮᠢᠶᠠᠷᠬᠤ ᠪᠠ ᠬᠠᠤᠯᠢ ᠭᠡᠷᠡᠭᠵᠢᠬᠦᠯᠬᠦ ᠬᠦᠴᠦᠨ ᠢᠶᠠᠨ ᠴᠢᠩᠭᠠᠷᠠᠭᠤᠯᠤᠨ᠂ ᠪᠠᠶᠢᠭᠠᠯᠢ ᠶᠢᠨ ᠬᠠᠮᠠᠭᠠᠯᠠᠳᠠ ᠶᠢᠨ ᠤᠷᠤᠨ ᠤ ᠬᠠᠮᠢᠶᠠᠷᠤᠯᠳᠠ ᠪᠤᠯᠤᠨ ᠳᠤᠬᠠᠢ ᠶᠢᠨ ᠭᠠᠵᠠᠷ ᠤᠨ ᠨᠡᠶᠢᠭᠡᠮ ᠠᠵᠤ ᠠᠬᠤᠢ ᠶᠢᠨ ᠬᠦᠭᠵᠢᠯᠳᠡ ᠵᠢᠴᠢ ᠰᠠᠭᠤᠭᠠᠯᠢ ᠠᠷᠠᠳ ᠤᠨ ᠦᠢᠯᠡᠳᠪᠤᠷᠢᠯᠡᠯ ᠠᠮᠢᠳᠤᠷᠠᠯ ᠤᠨ ᠬᠠᠷᠢᠴᠠᠭ᠎ᠠ ᠶᠢ ᠵᠤᠬᠢᠰᠳᠠᠢ ᠰᠢᠢᠳᠪᠤᠷᠢᠯᠡᠵᠤ᠂ ᠡᠯ᠎ᠡ ᠵᠦᠢᠯ ᠤᠨ ᠬᠠᠮᠢᠶᠠᠷᠤᠯᠳᠠ ᠶᠢᠨ ᠠᠷᠭ᠎ᠠ ᠭᠡᠮᠵᠢᠶ᠎ᠡ  ᠪᠠᠨ ᠨᠠᠶᠢᠳᠠᠪᠤᠷᠢᠵᠢᠭᠤᠯᠬᠤ ᠶᠢ ᠪᠠᠳᠤᠯᠠᠨ᠂ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠪᠦᠳᠦᠭᠡᠨ ᠪᠠᠶᠢᠭᠤᠯᠤᠯᠳᠠ ᠪᠤᠯᠤᠨ ᠬᠠᠮᠢᠶᠠᠷᠤᠯᠳᠠ ᠶᠢᠨ ᠳᠦᠪᠰᠢᠨ ᠢ ᠳᠠᠰᠤᠷᠠᠯᠳᠠ ᠦᠭᠡᠢ ᠳᠡᠭᠡᠭᠰᠢᠯᠡᠬᠦᠯᠬᠦ ᠭᠡᠷᠡᠭᠳᠡᠢ᠃      ᠳᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠳᠢᠩᠬᠢᠮ      2018 ᠤᠨ ᠤ 5 ᠳ᠋ᠤᠭᠠᠷ ᠰᠠᠷ᠎ᠠ 31 ᠤ ᠡᠳᠤᠷ      ᠰᠢᠨ᠎ᠠ ᠪᠠᠷ ᠪᠠᠶᠢᠭᠤᠯᠬᠤ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠨᠡᠷᠡᠰ      ︵ᠨᠡᠶᠢᠳᠡ 5 ᠭᠠᠵᠠᠷ︶      ᠱᠠᠨ ᠰᠢ ᠮᠤᠵᠢ ᠶᠢᠨ       ᠲᠠᠢ ᠺᠤᠸᠠᠨ ᠡᠾᠧ ᠭᠤᠤᠯ ᠤᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ      ᠬᠢᠷᠢᠨ ᠮᠤᠵᠢ ᠶᠢᠨ      ᠰᠤᠩᠭᠠᠷᠢ ᠮᠦᠷᠡᠨ ᠤ ᠡᠬᠢᠨ ᠤ ᠭᠡᠰᠡᠭ ᠤᠨ ᠳᠡᠭᠡᠳᠤ ᠤᠷᠤᠰᠬᠠᠯ ᠤᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ      ᠽᠧᠩ ᠹᠧᠩ ᠯᠢᠩ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ      ᠬᠠᠷᠠᠮᠦ᠋ᠷᠡᠨ ᠮᠤᠵᠢ ᠶᠢᠨ      ᠰᠢ ᠯᠢᠨ ᠡᠾᠧ ᠭᠤᠤᠯ ᠤᠨ ᠤᠯᠤᠰ ᠤᠨ ᠳᠡᠰ ᠤᠨ ᠪᠠᠶᠢᠭᠠᠯᠠᠢ ᠶᠢᠨ ᠬᠠᠮᠠᠭᠠᠯᠠᠯᠳᠠ ᠶᠢᠨ ᠤᠷᠤᠨ ᠬᠦᠢᠵᠸᠤ ᠮᠤᠵᠢ ᠶᠢᠨ      ᠳ᠋ᠠ ᠱᠠ ᠡᠾᠧ ᠭᠤᠤᠯ ᠤᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ
 
ᠢᠷᠡᠯᠲᠡ᠄ ᠦᠪᠤᠷ ᠮᠤᠩᠭᠤᠯ ᠤᠨ ᠠᠷᠠᠤᠨ ᠤᠨ ᠶᠠᠪᠤᠳᠠᠯ ᠤᠨ ᠲᠢᠩᠭᠢᠮ ᠤᠨ ᠭᠢᠳᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号