ᠦᠢᠯᠡᠴᠢᠯᠡᠭᠡᠨ ᠤ ᠠᠷᠠᠯᠵᠢᠶᠠᠨ ᠤ ᠰᠢᠨ᠎ᠠ ᠶᠢ ᠡᠬᠦᠳᠤᠨ ᠬᠦᠭᠵᠢᠬᠦᠯᠬᠦ ᠳᠤᠷᠰᠢᠯᠳᠠ ᠶᠢᠨ ᠴᠢᠭ᠋ ᠢ ᠬᠦᠨᠵᠡᠭᠡᠶᠢᠷᠡᠬᠦᠯᠬᠦ ᠶᠢ ᠵᠦᠪᠰᠢᠶᠡᠷᠡᠬᠦ ᠳᠤᠬᠠᠢ ᠳᠦᠷᠦ ᠶᠢᠨ ᠶᠠᠪᠤᠳᠠᠯ ᠤᠨ ᠬᠤᠷᠢᠶᠠᠨ ᠤ ᠴᠤᠬᠤᠯᠠᠪᠤᠷᠢ
ᠨᠡᠶᠢᠲᠡᠯᠡᠭᠰᠡᠨ ᠴᠠᠭ᠄
2018-07-17
               ᠤᠯᠤᠰ ᠤᠨ ᠪᠢᠴᠢᠭ ︵2018︶ 79 ᠳ᠋ᠤᠭᠡᠷ ᠳᠤᠭᠠᠳᠤᠪᠡᠭᠡᠵᠢᠩ ᠬᠤᠳᠠ᠂ ᠳᠢᠶᠠᠨᠵᠢᠨ ᠬᠤᠳᠠ᠂ ᠡᠾᠧᠪᠸᠢ ᠮᠤᠵᠢ᠂ ᠬᠠᠷᠠᠮᠦ᠋ᠷᠡᠨ ᠮᠤᠵᠢ᠂ ᠱᠠᠩᠬᠠᠢ ᠬᠤᠳᠠ᠂ ᠵᠢᠶᠠᠩᠰᠤ ᠮᠤᠵᠢ᠂ ᠱᠠᠨᠳᠦ᠋ᠩ ᠮᠤᠵᠢ᠂ ᠬᠤᠪᠸᠢ ᠮᠤᠵᠢ᠂ ᠭᠤᠸᠠᠩᠳᠦ᠋ᠩ ᠮᠤᠵᠢ᠂ ᠬᠠᠶᠢᠨᠠᠨ ᠮᠤᠵᠢ᠂ ᠴᠦᠩᠴᠢᠩ ᠬᠤᠳᠠ᠂ ᠰᠧᠴᠤᠸᠠᠨ ᠮᠤᠵᠢ᠂ ᠬᠦᠢᠵᠸᠤ ᠮᠤᠵᠢ᠂ ᠱᠠᠨᠰᠢ ᠮᠤᠵᠢ ᠶᠢᠨ ᠠᠷᠠᠳ ᠤᠨ ᠵᠠᠰᠠᠭ ᠤᠨ ᠤᠷᠳᠤᠨ᠂ ᠬᠤᠳᠠᠯᠳᠤᠭᠠᠨ ᠤ ᠶᠠᠪᠤᠳᠠᠯ ᠤᠨ ᠶᠠᠮᠤᠨ᠄      ᠬᠤᠳᠠᠯᠳᠤᠭᠠᠨ ᠤ ᠶᠠᠪᠤᠳᠠᠯ ᠤᠨ ᠶᠠᠮᠤᠨ ᠤ ᠦᠢᠯᠡᠴᠢᠯᠡᠭᠡᠨ ᠤ ᠠᠷᠠᠯᠵᠢᠶᠠᠨ ᠤ ᠰᠢᠨ᠎ᠠ ᠶᠢ ᠡᠬᠦᠳᠤᠨ ᠬᠦᠭᠵᠢᠬᠦᠯᠬᠦ ᠳᠤᠷᠰᠢᠯᠳᠠ ᠶᠢᠨ ᠴᠢᠭ᠋ ᠢ ᠬᠦᠨᠵᠡᠭᠡᠶᠢᠷᠡᠬᠦᠯᠬᠦ ᠳᠤᠬᠠᠢ ᠵᠢᠭᠠᠪᠤᠷᠢ ᠠᠪᠬᠤ ᠮᠡᠳᠡᠬᠦᠯᠦᠯᠳᠡ ᠶᠢ ᠬᠤᠷᠢᠶᠠᠨ ᠠᠪᠤᠯ᠎ᠠ᠃ ᠦᠨᠦ ᠳᠤᠤᠷ᠎ᠠ ᠮᠠᠳᠤ ᠴᠤᠬᠤᠯᠠᠪᠤᠷᠢᠯᠠᠪᠠ᠄      ᠨᠢᠭᠡ᠂ ᠬᠤᠳᠠᠯᠳᠤᠭᠠᠨ ᠤ ᠶᠠᠪᠤᠳᠠᠯ ᠤᠨ ᠶᠠᠮᠤᠨ ᠤ ᠳᠤᠷᠠᠳᠤᠭᠰᠠᠨ ︽ᠦᠢᠯᠡᠴᠢᠯᠡᠭᠡᠨ ᠤ ᠠᠷᠠᠯᠵᠢᠶᠠᠨ ᠤ ᠰᠢᠨ᠎ᠠ ᠶᠢ ᠡᠬᠦᠳᠤᠨ ᠬᠦᠭᠵᠢᠬᠦᠯᠬᠦ ᠳᠤᠷᠰᠢᠯᠳᠠ ᠶᠢᠨ ᠴᠢᠭ᠋ ᠢ ᠬᠦᠨᠵᠡᠭᠡᠶᠢᠷᠡᠬᠦᠯᠬᠦ ᠶᠡᠷᠦᠩᠭᠡᠢ ᠳᠦᠰᠦᠯ︾ ᠢ ᠵᠠᠷᠴᠢᠮ ᠶᠤᠰᠤᠭᠠᠷ ᠪᠠᠳᠤᠯᠠᠵᠤ᠂ ᠪᠡᠭᠡᠵᠢᠩ᠂ ᠳᠢᠶᠠᠨᠵᠢᠨ᠂ ᠱᠠᠩᠬᠠᠢ᠂ ᠬᠠᠶᠢᠨᠠᠨ᠂ ᠱᠧᠨᠵᠧᠨ᠂ ᠬᠠᠷᠪᠢᠨ᠂ ᠨᠠᠨᠵᠢᠩ᠂ ᠬᠠᠩᠵᠸᠤ᠂ ᠦᠬᠠᠨ᠂ ᠭᠤᠸᠠᠩᠵᠸᠤ᠂ ᠴᠧᠩᠳᠦ᠋᠂ ᠰᠦᠵᠸᠤ᠂ ᠸᠧᠢᠬᠠᠢ ᠪᠤᠯᠤᠨ ᠡᠾᠧᠪᠸᠢ ᠮᠤᠵᠢ ᠶᠢᠨ ᠰᠢᠶᠦ᠋ᠩ ᠠᠨ ᠰᠢᠨ᠎ᠠ ᠳᠤᠭᠤᠷᠢᠭ᠂ ᠴᠦᠩᠴᠢᠩ ᠤᠨ ᠯᠢᠶᠠᠩᠵᠢᠶᠠᠩ ᠰᠢᠨ᠎ᠠ ᠳᠤᠭᠤᠷᠢᠭ᠂ ᠬᠦᠢᠵᠸᠤ ᠮᠤᠵᠢ ᠶᠢᠨ ᠬᠦᠢ ᠠᠨ ᠰᠢᠨ᠎ᠠ ᠳᠤᠭᠤᠷᠢᠭ᠂ ᠱᠠᠨᠰᠢ ᠮᠤᠵᠢ ᠶᠢᠨ ᠰᠢ ᠰᠢᠶᠠᠨ ᠰᠢᠨ᠎ᠠ ᠳᠤᠭᠤᠷᠢᠭ ᠵᠡᠷᠭᠡ ᠮᠤᠵᠢ ᠬᠤᠳᠠ ︵ᠤᠷᠤᠨ ᠳᠤᠭᠤᠷᠢᠭ︶ ᠶᠢᠨ ᠦᠢᠯᠡᠴᠢᠯᠡᠭᠡᠨ ᠤ ᠠᠷᠠᠯᠵᠢᠶᠠᠨ ᠤ ᠰᠢᠨ᠎ᠠ ᠶᠢ ᠡᠬᠦᠳᠤᠨ ᠬᠦᠭᠵᠢᠬᠦᠯᠬᠦ ᠳᠤᠷᠰᠢᠯᠳᠠ ᠶᠢᠨ ᠴᠢᠭ᠋ ᠢ ᠬᠦᠨᠵᠡᠭᠡᠶᠢᠷᠡᠬᠦᠯᠬᠦ ᠶᠢ ᠵᠦᠪᠰᠢᠶᠡᠷᠡᠪᠡ᠃ ᠳᠤᠷᠰᠢᠯᠳᠠ ᠶᠢᠨ ᠴᠢᠭ ᠢ ᠬᠦᠨᠵᠡᠭᠡᠶᠢᠷᠡᠬᠦᠯᠬᠦ ᠬᠤᠭᠤᠴᠠᠭ᠎ᠠ ᠨᠢ 2018 ᠤᠨ ᠤ 7 ᠳ᠋ᠤᠭᠠᠷ ᠰᠠᠷ᠎ᠠ ᠶᠢᠨ 1 ᠤ ᠡᠳᠤᠷ ᠠᠴᠠ 2020 ᠤᠨ ᠤ 6 ᠳ᠋ᠤᠭᠠᠷ ᠰᠠᠷ᠎ᠠ ᠶᠢᠨ 30 ᠤ ᠡᠳᠤᠷ ᠪᠤᠯᠳᠠᠯᠠᠭᠢ 2 ᠵᠢᠯ ᠤᠨ ᠬᠤᠭᠤᠴᠠᠭ᠎ᠠ ᠪᠤᠯᠤᠨ᠎ᠠ᠃      ᠬᠤᠶᠠᠷ᠂ ᠳᠤᠷᠰᠢᠯᠳᠠ ᠶᠢᠨ ᠴᠢᠭ ᠢ ᠬᠦᠨᠵᠡᠭᠡᠶᠢᠷᠡᠬᠦᠯᠬᠦ ᠳᠤ ᠪᠠᠨ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠮᠵᠢ ᠪᠤᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠤᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠳᠠᠯ᠎ᠠ ᠪᠠᠷ ᠳᠤᠤᠱᠯᠠᠭᠤᠯᠵᠤ᠂ ︽ᠳᠠᠪᠤ ᠶᠢ ᠨᠢᠭᠡ ᠴᠤᠭᠴᠠᠵᠢᠭᠤᠯᠬᠤ︾ ᠶᠡᠷᠦᠩᠭᠡᠢ ᠪᠠᠶᠢᠷᠢᠯᠠᠭᠤᠯᠤᠯᠲᠠ ᠪᠤᠯᠤᠨ ︽ᠳᠦᠷᠪᠡᠨ ᠪᠦᠬᠦ ᠳᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠨᠢᠭᠡᠳᠦᠯᠳᠡᠢ ᠳᠦᠯᠦᠪᠯᠡᠨ ᠠᠬᠢᠭᠤᠯᠵᠤ᠂ ᠰᠢᠨ᠎ᠠ ᠶᠢ ᠡᠬᠦᠳᠬᠦ᠂ ᠵᠤᠬᠢᠴᠠᠩᠭᠤᠢ᠂ ᠪᠤᠬᠢᠷᠳᠤᠯ ᠦᠭᠡᠢ᠂ ᠨᠡᠭᠡᠭᠡᠯᠳᠡᠳᠤ᠂ ᠬᠠᠮᠳᠤᠪᠠᠷ ᠡᠳ᠋ᠯᠡᠬᠦ ᠬᠦᠭᠵᠢᠯᠳᠡ ᠶᠢᠨ ᠤᠶᠢᠯᠠᠭᠠᠭᠳᠠᠬᠤᠨ ᠢ ᠪᠠᠷᠢᠮᠳᠠᠯᠠᠨ᠂ ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷ ᠲᠠᠢ ᠦᠭᠡᠷᠡᠴᠢᠯᠡᠯᠳᠡ ᠪᠠᠷ ᠭᠤᠤᠯ ᠪᠤᠯᠭᠠᠵᠤ᠂ ᠦᠢᠯᠡᠴᠢᠯᠡᠭᠡᠨ ᠤ ᠠᠷᠠᠯᠵᠢᠶᠠᠨ ᠤ ᠰᠢᠨ᠎ᠠ ᠶᠢ ᠡᠬᠦᠳᠤᠨ ᠭᠦᠭᠵᠢᠬᠦᠯᠬᠦ ᠳᠤ ᠵᠤᠬᠢᠴᠠᠬᠤ ᠳᠦᠷᠢᠮ ᠤᠨ ᠳᠤᠭᠳᠠᠴᠠ ᠵᠢᠴᠢ ᠳᠦᠷᠦ ᠶᠢᠨ ᠪᠤᠳᠤᠯᠭ᠎ᠠ ᠠᠷᠭ᠎ᠠ ᠭᠡᠮᠵᠢᠶ᠎ᠡ ᠪᠡ ᠨᠡᠭᠡᠭᠡᠯᠳᠡ ᠶᠢᠨ ᠵᠠᠮ ᠢ ᠬᠦᠨᠵᠡᠭᠡᠢ ᠰᠦᠪᠡᠭᠴᠢᠯᠡᠨ᠂ ᠠᠷᠠᠯᠵᠢᠶ᠎ᠠ ᠬᠤᠳᠠᠯᠳᠤᠭᠠᠨ ᠤ ᠡᠵᠡᠩᠨᠡᠯᠳᠡ ᠶᠢᠨ ᠤᠷᠴᠢᠨ ᠳᠤᠭᠤᠷᠢᠨ ᠢ ᠰᠢᠯᠢᠳᠡᠭᠵᠢᠬᠦᠯᠬᠦ ᠶᠢ ᠳᠦᠷᠭᠡᠳᠭᠡᠵᠤ᠂ ᠵᠠᠬ᠎ᠠ ᠳᠡᠯᠭᠡᠬᠦᠷ ᠤᠨ ᠠᠮᠢᠵᠢᠷᠠᠯ ᠤᠨ ᠬᠦᠴᠦᠨ ᠢ ᠬᠠᠮᠤᠭ ᠤᠨ ᠶᠡᠭᠡᠪᠡᠷ ᠬᠦᠭᠵᠢᠬᠦᠯᠵᠤ᠂ ᠦᠢᠯᠡᠴᠢᠯᠡᠭᠡᠨ ᠤ ᠠᠷᠠᠯᠵᠢᠶᠠᠨ ᠤ ᠳᠦᠷᠢᠮ ᠤᠨ ᠰᠢᠨ᠎ᠠ ᠡᠬᠦᠳᠦᠯᠳᠡ ᠶᠢ ᠰᠢᠨ᠎ᠡ ᠳᠡᠭᠳᠡᠷ ᠲᠤ ᠠᠬᠢᠭᠤᠯᠬᠤ ᠭᠡᠷᠡᠭᠳᠡᠢ᠃      ᠭᠤᠷᠪᠠ᠂ ᠳᠤᠷᠰᠢᠯᠳᠠ ᠶᠢᠨ ᠴᠢᠭ ᠤᠨ ᠭᠠᠵᠠᠷ ᠤᠷᠤᠨ ᠤ ᠠᠷᠠᠳ ᠤᠨ ᠵᠠᠰᠠᠭ ᠤᠨ ᠤᠷᠳᠤᠨ ︵ᠬᠠᠮᠢᠶᠠᠷᠤᠯᠳᠠ ᠶᠢᠨ ᠵᠦᠪᠯᠡᠯ︶ ᠳᠤᠷᠰᠢᠯᠳᠠ ᠶᠢᠨ ᠴᠢᠭ ᠤᠨ ᠠᠵᠢᠯ ᠤᠨ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠳᠤᠷᠰᠢᠯᠳᠠ ᠶᠢᠨ ᠴᠢᠭ ᠤᠨ ᠠᠵᠢᠯ ᠢ ᠳᠦᠯᠬᠢᠨ ᠠᠬᠢᠭᠤᠯᠬᠤ᠂ ᠶᠠᠷᠦᠩᠬᠡᠶᠢᠯᠡᠨ ᠵᠤᠬᠢᠴᠠᠭᠤᠯᠬᠤ ᠵᠢᠴᠢ ᠠᠷᠭ᠎ᠠ ᠭᠡᠮᠵᠢᠶ᠎ᠡ ᠪᠠᠳᠤᠯᠠᠭ᠎ᠠ ᠬᠠᠩᠭᠠᠬᠤ ᠶᠢ ᠬᠠᠷᠢᠭᠤᠴᠠᠨ᠂ ᠭᠤᠤᠯᠳᠠᠭᠤ ᠬᠠᠮᠢᠶᠠᠷᠤᠯᠳᠠ ᠶᠢᠨ ᠪᠠᠶᠢᠭᠤᠯᠤᠮᠵᠢ᠂ ᠨᠡᠭᠡᠭᠡᠯᠳᠡ ᠶᠢᠨ ᠵᠠᠮ᠂ ᠠᠬᠢᠭᠤᠯᠬᠤ ᠳᠤᠭᠳᠠᠴᠠ᠂ ᠳᠦᠷᠦ ᠶᠢᠨ ᠪᠤᠳᠤᠯᠭ᠎ᠠ ᠶᠢᠨ ᠰᠢᠰᠲ᠋ᠧᠮ᠂ ᠬᠢᠨᠠᠨ ᠬᠠᠮᠢᠶᠠᠷᠬᠤ ᠳᠦᠷᠢᠮ᠂ ᠬᠦᠭᠵᠢᠯᠳᠡ ᠶᠢᠨ ᠵᠠᠭᠪᠤᠷ ᠵᠡᠷᠭᠡ ᠳᠠᠯ᠎ᠠ ᠪᠠᠷ ᠤᠷᠢᠳᠠᠪᠠᠷ ᠳᠤᠷᠰᠢᠯᠳᠠ ᠬᠢᠵᠤ᠂ ᠪᠦᠬᠦ ᠤᠯᠤᠰ ᠤᠨ ᠦᠢᠯᠡᠴᠢᠯᠡᠭᠡᠨ ᠤ ᠠᠷᠠᠯᠵᠢᠶᠠᠨ ᠤ ᠰᠢᠨ᠎ᠠ ᠶᠢ ᠡᠬᠦᠳᠤᠨ ᠬᠦᠭᠵᠢᠬᠦᠯᠬᠦ ᠳᠤ ᠵᠠᠮ ᠰᠦᠪᠡᠭᠴᠢᠯᠡᠬᠦ ᠭᠡᠷᠡᠭᠳᠡᠢ᠃ ᠬᠤᠯᠪᠤᠭᠳᠠᠯ ᠪᠦᠬᠦᠢ ᠮᠤᠵᠢ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠠᠴᠠ ᠳᠤᠷᠰᠢᠯᠳᠠ ᠶᠢᠨ ᠴᠢᠭ ᠤᠨ ᠠᠵᠢᠯ ᠤᠨ ᠵᠢᠯᠤᠭᠤᠳᠤᠯᠭ᠎ᠠ ᠪᠠ ᠳᠡᠮᠵᠢᠯᠭᠡ ᠪᠠᠨ ᠴᠢᠩᠭᠠᠳᠬᠠᠵᠤ᠂ ᠳᠤᠷᠰᠢᠯᠳᠠ ᠶᠢᠨ ᠴᠢᠭ ᠤᠨ ᠤᠷᠤᠨ ᠤ ᠵᠤᠷᠢᠭᠳᠠᠢ ᠪᠠᠷ ᠰᠦᠪᠡᠭᠴᠢᠯᠡᠯᠳᠡ ᠬᠢᠬᠦ ᠪᠡ ᠰᠢᠨ᠎ᠠ ᠶᠢ ᠡᠬᠦᠳᠬᠦ ᠶᠢ ᠵᠤᠷᠢᠭᠵᠢᠭᠤᠯᠬᠤ ᠭᠡᠷᠡᠭᠳᠡᠢ᠃      ᠳᠦᠷᠪᠡ᠂ ᠳᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠬᠤᠪᠢᠳᠠᠭᠰᠠᠨ ᠡᠬᠦᠷᠭᠡ ᠳᠤᠰᠢᠶᠠᠯ ᠶᠤᠰᠤᠭᠠᠷ ᠳᠤᠷᠰᠢᠯᠳᠠ ᠶᠢᠨ ᠴᠢᠭ ᠤᠨ ᠠᠵᠢᠯ ᠤᠨ ᠵᠤᠬᠢᠴᠠᠭᠤᠯᠭ᠎ᠠ ᠵᠢᠯᠤᠭᠤᠳᠤᠯᠭ᠎ᠠ ᠪᠤᠯᠤᠨ ᠳᠦᠷᠦ ᠶᠢᠨ ᠪᠤᠳᠤᠯᠭ᠎ᠠ ᠶᠢᠨ ᠳᠡᠮᠵᠢᠯᠭᠡ ᠪᠠᠨ ᠴᠢᠩᠭᠠᠳᠬᠠᠵᠤ᠂ ᠨᠡᠭᠡᠭᠡᠯᠳᠡ ᠬᠢᠬᠦ ᠶᠢ ᠢᠳᠡᠪᠬᠢᠳᠡᠢ ᠵᠢᠯᠤᠭᠤᠳᠤᠨ᠂ ᠳᠦᠷᠦ ᠶᠢᠨ ᠪᠤᠳᠤᠯᠭ᠎ᠠ ᠠᠷᠭ᠎ᠠ ᠭᠡᠮᠵᠢᠶ᠎ᠡ ᠶᠢᠨ ᠰᠢᠨ᠎ᠠ ᠶᠢ ᠡᠬᠦᠳᠴᠤ᠂ ᠦᠢᠯᠡᠴᠢᠯᠡᠭᠡᠨ ᠤ ᠠᠷᠠᠯᠵᠢᠶᠠᠨ ᠤ ᠰᠢᠨ᠎ᠠ ᠶᠢ ᠡᠬᠦᠳᠤᠨ ᠬᠦᠭᠵᠢᠬᠦᠯᠬᠦ ᠶᠢ ᠠᠬᠢᠭᠤᠯᠬᠤ ᠬᠠᠮᠳᠤ ᠶᠢᠨ ᠬᠦᠴᠦᠨ ᠢ ᠪᠤᠢ ᠪᠤᠯᠭᠠᠬᠤ ᠭᠡᠷᠡᠭᠳᠡᠢ᠃ ᠬᠤᠳᠠᠯᠳᠤᠭᠠᠨ ᠤ ᠶᠠᠪᠤᠳᠠᠯ ᠤᠨ ᠶᠠᠮᠤᠨ ᠨᠢᠭᠡᠳᠤᠯᠳᠡᠢ ᠳᠦᠯᠦᠪᠯᠡᠨ ᠵᠤᠬᠢᠴᠠᠭᠤᠯᠬᠤ ᠪᠠ ᠬᠢᠨᠠᠨ ᠵᠢᠯᠤᠭᠤᠳᠴᠤ ᠦᠨᠡᠯᠡᠨ ᠮᠠᠭᠠᠳᠯᠠᠬᠤ  ᠪᠠᠨ ᠴᠢᠩᠭᠠᠳᠬᠠᠵᠤ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠳᠤᠷᠰᠢᠯᠳᠠ ᠶᠢᠨ ᠴᠢᠭ ᠤᠨ ᠳᠤᠷᠰᠢᠯᠭ᠎ᠠ ᠰᠤᠷᠭᠠᠮᠵᠢ ᠶᠢ ᠴᠠᠭ ᠳᠠᠷᠤᠢ ᠳᠤ ᠨᠢ ᠳ᠋ᠦᠩᠨᠡᠨ ᠳᠡᠯᠭᠡᠷᠡᠬᠦᠯᠬᠦ ᠭᠡᠷᠡᠭᠳᠡᠢ᠃      ᠳᠠᠪᠤ᠂ ᠳᠤᠷᠰᠢᠯᠳᠠ ᠶᠢᠨ ᠴᠢᠭ ᠢ ᠬᠦᠨᠵᠡᠭᠡᠶᠢᠷᠡᠬᠦᠯᠬᠦ ᠬᠤᠭᠤᠴᠠᠭᠠᠨ ᠳᠤ᠂ ᠬᠤᠯᠪᠤᠭᠳᠠᠯ ᠪᠦᠬᠦᠢ ᠵᠠᠰᠠᠭ ᠵᠠᠬᠢᠷᠭᠠᠨ ᠤ ᠬᠠᠤᠯᠢ ᠳᠦᠷᠢᠮ᠂ ᠳᠦᠷᠦ ᠶᠢᠨ ᠶᠠᠪᠤᠳᠠᠯ ᠤᠨ ᠬᠤᠷᠢᠶᠠᠨ ᠤ ᠪᠢᠴᠢᠭ ᠮᠠᠲ᠋ᠧᠷᠢᠶᠠᠯ ᠪᠤᠯᠤᠨ ᠳᠦᠷᠦ ᠶᠢᠨ ᠶᠠᠪᠤᠳᠠᠯ ᠤᠨ ᠬᠤᠷᠢᠶ᠎ᠠ ᠪᠠᠷ ᠵᠦᠪᠰᠢᠶᠡᠷᠡᠬᠦᠯᠦᠭᠰᠡᠨ ᠰᠠᠯᠠᠭ᠎ᠠ ᠮᠦᠴᠢᠷ ᠤᠨ ᠳᠦᠷᠢᠮ ᠳᠤᠭᠳᠠᠭᠠᠯ ᠤᠨ ᠭᠡᠰᠡᠭ ᠳᠤᠭᠳᠠᠭᠠᠯ ᠳᠤ ᠳᠦᠷ ᠴᠠᠭ ᠤᠨ ᠳᠤᠬᠢᠷᠠᠭᠤᠯᠤᠯᠳᠠ ᠬᠢᠵᠤ ᠭᠡᠷᠡᠭᠵᠢᠬᠦᠯᠦᠨ᠎ᠠ᠃ ᠪᠤᠳᠠᠳᠠᠢ ᠵᠦᠢᠯ ᠢ ᠳᠦᠷᠦ ᠶᠢᠨ ᠶᠠᠪᠤᠳᠠᠯ ᠤᠨ ᠬᠤᠷᠢᠶ᠎ᠠ ᠠᠴᠠ ᠠᠰ ᠢᠶᠠᠷ ᠨᠢ ᠳᠤᠭᠳᠠᠭᠠᠨ᠎ᠠ᠃ ᠳᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠨᠢ ︽ᠦᠢᠯᠡᠴᠢᠯᠡᠭᠡᠨ ᠤ ᠠᠷᠠᠯᠵᠢᠶᠠᠨ ᠤ ᠰᠢᠨ᠎ᠠ ᠶᠢ ᠡᠬᠦᠳᠤᠨ ᠬᠦᠭᠵᠢᠬᠦᠯᠬᠦ ᠳᠤᠷᠰᠢᠯᠳᠠ ᠶᠢᠨ ᠴᠢᠭ ᠢ ᠬᠦᠨᠵᠡᠭᠡᠶᠢᠷᠡᠬᠦᠯᠬᠦ ᠶᠡᠷᠦᠩᠭᠡᠢ ᠳᠦᠰᠦᠯ︾ ᠢ ᠦᠨᠳᠦᠰᠦᠯᠡᠨ᠂ ᠳᠤᠰ ᠰᠠᠯᠠᠭ᠎ᠠ ᠮᠦᠴᠢᠷ ᠤᠨ ᠳᠤᠭᠳᠠᠭᠠᠭᠰᠠᠨ ᠳᠦᠷᠢᠮ ᠳᠤᠭᠳᠠᠭᠠᠯ ᠪᠤᠯᠤᠨ ᠳᠦᠷᠢᠮᠵᠢᠭᠰᠡᠨ ᠴᠢᠨᠠᠷ ᠲᠠᠢ ᠪᠢᠴᠢᠭ ᠮᠠᠲ᠋ᠧᠷᠢᠶᠠᠯ ᠳᠤ  ᠪᠠᠨ ᠵᠤᠬᠢᠬᠤ ᠳᠤᠬᠢᠷᠠᠭᠤᠯᠤᠯᠳᠠ ᠬᠢᠬᠦ ᠭᠡᠷᠡᠭᠳᠡᠢ᠃ ᠬᠤᠳᠠᠯᠳᠤᠭᠠᠨ ᠤ ᠶᠠᠪᠤᠳᠠᠯ ᠤᠨ ᠶᠠᠮᠤᠨ ᠨᠢ ᠳᠤᠷᠰᠢᠯᠳᠠ ᠶᠢᠨ ᠴᠢᠭ ᠢ ᠬᠦᠨᠵᠡᠭᠡᠶᠢᠷᠡᠬᠦᠯᠬᠦ ᠶᠠᠪᠤᠴᠠ ᠳᠠᠬᠢ ᠴᠢᠬᠤᠯᠠ ᠶᠡᠭᠡ ᠠᠰᠠᠭᠤᠳᠠᠯ ᠢ ᠳᠠᠷᠤᠢ ᠳᠤ ᠨᠢ ᠳᠦᠷᠦ ᠶᠢᠨ ᠶᠠᠪᠤᠳᠠᠯ ᠤᠨ ᠬᠤᠷᠢᠶᠠᠨ ᠳᠤ ᠮᠡᠳᠡᠬᠦᠯᠵᠤ ᠵᠢᠭᠠᠪᠤᠷᠢ ᠠᠪᠬᠤ ᠭᠡᠷᠡᠭᠳᠡᠢ᠃      ᠳᠦᠷᠦ ᠶᠢᠨ ᠶᠠᠪᠤᠳᠠᠯ ᠤᠨ ᠬᠤᠷᠢᠶ᠎ᠠ      2018 ᠤᠨ ᠤ 6 ᠳ᠋ᠤᠭᠠᠷ ᠰᠠᠷ᠎ᠠ ᠶᠢᠨ 1 ᠤ ᠡᠳᠤᠷ
 
ᠢᠷᠡᠯᠲᠡ᠄ ᠦᠪᠤᠷ ᠮᠤᠩᠭᠤᠯ ᠤᠨ ᠠᠷᠠᠤᠨ ᠤᠨ ᠶᠠᠪᠤᠳᠠᠯ ᠤᠨ ᠲᠢᠩᠭᠢᠮ ᠤᠨ ᠭᠢᠳᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号