ᠯᠢ ᠺᠧ ᠴᠢᠶᠠᠩ᠄ ᠪᠦᠬᠦ ᠤᠯᠤᠰ ᠤᠨ ᠬᠤᠶᠠᠷ ᠬᠤᠷᠠᠯ ᠤᠨ ᠰᠠᠨᠠᠯ ᠲᠤᠷᠠᠳᠤᠯᠭ᠎ᠠ ᠶᠢ ᠰᠠᠶᠢᠲᠤᠷ ᠰᠢᠢᠳᠪᠤᠷᠢᠯᠡᠬᠦ ᠪᠤᠯ ᠵᠠᠰᠠᠭ ᠤᠨ ᠤᠷᠳᠤᠨ ᠤ ᠵᠠᠪᠠᠯ ᠭᠦᠢᠴᠡᠳᠭᠡᠬᠦ ᠬᠠᠤᠯᠢ ᠳᠤ ᠲᠤᠭᠲᠠᠭᠠᠭᠰᠠᠨ ᠡᠭᠦᠷᠭᠡ ᠬᠠᠷᠢᠭᠤᠴᠠᠯᠭ᠎ᠠ ᠮᠦᠨ
ᠨᠡᠶᠢᠲᠡᠯᠡᠭᠰᠡᠨ ᠴᠠᠭ᠄
2019/2/15
                   2 ᠳ᠋ᠤᠭᠠᠷ ᠰᠠᠷ᠎ᠠ ᠶᠢᠨ 11 ᠤ ᠡᠳᠦᠷ ᠬᠤᠷᠠᠯᠳᠤᠭᠰᠠᠨ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ  ᠶᠢᠨ ᠬᠤᠷᠠᠯᠳᠤᠭᠠᠨ ᠳᠡᠭᠡᠷ᠎ᠡ᠂ ᠯᠢ ᠺᠧ ᠴᠢᠶᠠᠩ ᠬᠤᠷᠠᠯᠳᠤᠭᠠᠨ ᠳᠤ ᠰᠤᠯᠠ ᠣᠷᠣᠯᠴᠠᠭᠰᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠦᠷᠦ ᠶᠢᠨ ᠵᠦᠪᠯᠡᠯᠭᠡᠨ ᠤ ᠨᠥᠬᠦᠳ  ᠢ ᠤᠷᠢᠵᠦ ᠬᠠᠮᠤᠭ ᠤᠨ ᠲᠦᠷᠦᠭᠦᠨ ᠳᠤ ᠦᠭᠡ ᠶᠠᠷᠢᠭᠤᠯᠪᠠ᠃      ᠲᠤᠰ ᠡᠳᠦᠷ ᠤᠨ ᠬᠤᠷᠠᠯᠳᠤᠭᠠᠨ ᠨᠢ 2018 ᠤᠨ ᠤ ᠪᠦᠬᠦ ᠤᠯᠤᠰ ᠤᠨ ᠬᠤᠶᠠᠷ ᠬᠤᠷᠠᠯ ᠤᠨ ᠰᠠᠨᠠᠯ ᠲᠤᠷᠠᠳᠤᠯᠭ᠎ᠠ ᠶᠢ ᠰᠢᠢᠳᠪᠤᠷᠢᠯᠡᠭᠰᠡᠨ ᠬᠠᠷᠢᠭᠤ ᠮᠡᠳᠡᠭᠦᠯᠦᠯᠲᠡ ᠶᠢ ᠰᠤᠨᠤᠰᠴᠠᠢ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠦᠷᠦ ᠶᠢᠨ ᠵᠦᠪᠯᠡᠯᠭᠡᠨ ᠤ ᠬᠤᠯᠪᠤᠭᠳᠠᠯ ᠪᠦᠬᠦᠢ ᠬᠠᠷᠢᠭᠤᠴᠠᠯᠭᠠᠲᠠᠨ ᠨᠠᠷ ᠠᠴᠠ ᠴᠠᠭᠠᠨ ᠰᠠᠷ᠎ᠠ ᠶᠢᠨ ᠳᠠᠷᠠᠭᠠᠬᠢ ᠠᠵᠢᠯᠯᠠᠵᠦ ᠡᠬᠢᠯᠡᠭᠰᠡᠨ ᠲᠦᠷᠦᠭᠦᠦ ᠡᠳᠦᠷ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠬᠢᠵᠤ᠂ ᠡᠨᠡᠬᠦ ᠠᠵᠢᠯ ᠢ ᠲᠤᠰᠬᠠᠶᠢᠯᠠᠨ ᠰᠤᠳᠤᠯᠤᠭᠰᠠᠨ ᠨᠢ ᠪᠦᠬᠦ ᠤᠯᠤᠰ ᠤᠨ ᠬᠤᠶᠠᠷ ᠬᠤᠷᠠᠯ ᠤᠨ ᠰᠠᠨᠠᠯ ᠲᠤᠷᠠᠳᠤᠯᠭ᠎ᠠ ᠶᠢ ᠶᠡᠬᠡᠳᠡ ᠴᠢᠬᠤᠯᠠᠴᠢᠯᠠᠵᠦ ᠪᠠᠶᠢᠬᠤ ᠶᠢ ᠬᠠᠷᠠᠭᠤᠯᠵᠦ ᠪᠠᠶᠢᠨ᠎ᠠ ᠭᠡᠵᠤ ᠦᠵᠡᠵᠡᠢ᠃      ᠯᠢ ᠺᠧ ᠴᠢᠶᠠᠩ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠪᠤᠯᠤᠨ ᠤᠯᠤᠰ ᠲᠦᠷᠦ ᠶᠢᠨ ᠵᠦᠪᠯᠡᠯᠭᠡᠨ ᠤ ᠬᠡᠰᠢᠭᠦᠳ ᠤᠨ ᠰᠠᠨᠠᠯ ᠲᠤᠷᠠᠳᠤᠯᠭ᠎ᠠ ᠶᠢ ᠰᠢᠢᠳᠪᠤᠷᠢᠯᠡᠬᠦ ᠨᠢ ᠵᠠᠰᠠᠭ  ᠤᠨ ᠤᠷᠳᠤᠨ ᠤ ᠬᠠᠤᠯᠢ ᠶᠤᠰᠤᠭᠠᠷ ᠲᠤᠰᠢᠶᠠᠯ ᠢᠶᠠᠨ ᠭᠦᠢᠴᠡᠳᠭᠡᠬᠦ᠂ ᠠᠷᠠᠳ ᠲᠦᠮᠡᠨ ᠤ ᠬᠢᠨᠠᠯᠲᠠ ᠶᠢ ᠬᠦᠯᠢᠶᠡᠨ ᠠᠪᠬᠤ ᠴᠢᠬᠤᠯᠠ ᠠᠭᠤᠯᠭ᠎ᠠ ᠮᠥᠨ ᠭᠡᠪᠡ᠃ ︽ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠤᠳᠠᠯ ᠦᠭᠡᠢ ᠬᠤᠷᠠᠯᠳᠤᠬᠤ ᠭᠡᠵᠦ ᠪᠤᠢ᠂ ᠰᠠᠨᠠᠯ ᠲᠤᠷᠠᠳᠤᠯᠭ᠎ᠠ ᠶᠢᠨ ᠰᠢᠢᠳᠪᠤᠷᠢᠯᠡᠬᠦ ᠠᠵᠢᠯ ᠢ ᠦᠷᠭᠦᠯᠵᠢᠯᠡᠨ ᠶᠡᠬᠡᠲᠡ ᠴᠢᠬᠤᠯᠠᠴᠢᠯᠠᠨ ᠦᠵᠡᠵᠦ᠂ ᠠᠷᠭ᠎ᠠ ᠮᠠᠶ᠋ᠢᠭ ᠢᠶᠠᠨ ᠰᠢᠨᠡᠴᠢᠯᠡᠵᠦ᠂ ᠰᠠᠨᠠᠯ ᠲᠤᠷᠠᠳᠤᠯᠭ᠎ᠠ ᠶᠢ ᠰᠢᠢᠳᠪᠤᠷᠢᠯᠡᠬᠦ ᠠᠵᠢᠯ  ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠵᠦ᠂ ᠰᠠᠨᠠᠯ ᠳᠤᠷᠠᠳᠤᠯᠭ᠎ᠠ ᠶᠢ ᠨᠠᠷᠢᠨ ᠬᠢᠨᠠᠮᠠᠭᠠᠢ ᠰᠤᠳᠤᠯᠵᠦ᠂ ᠰᠢᠨᠵᠢᠯᠠᠬᠦ ᠤᠬᠠᠭᠠᠨᠴᠢ ᠪᠠᠷ ᠠᠷᠠᠳᠴᠢᠯᠠᠯ ᠢᠶᠠᠷ ᠰᠢᠢᠳᠪᠤᠷᠢᠲᠦ ᠪᠤᠳᠤᠯᠭ᠎ᠠ ᠲᠤᠭᠲᠠᠭᠠᠬᠤ ᠶᠢ ᠠᠬᠢᠭᠤᠯᠵᠦ᠂ ᠠᠷᠠᠳ ᠲᠦᠮᠡᠨ ᠳᠤ ᠨᠡᠩ ᠰᠠᠶᠢᠨ ᠪᠤᠳᠠᠲᠦ ᠶᠠᠪᠤᠳᠠᠯ ᠢ ᠪᠦᠲᠦᠭᠡᠵᠦ ᠦᠭᠬᠦ ᠬᠡᠷᠡᠭᠲᠠᠢ︾ ᠭᠡᠵᠦ ᠶᠡᠷᠦᠩᠬᠡᠢ ᠰᠠᠶᠢᠳ ᠬᠡᠯᠡᠵᠠᠢ᠃      ᠲᠦᠯᠦᠭᠡᠯᠡᠭᠴᠢ ᠪᠠ ᠬᠡᠰᠢᠭᠦᠨ ᠤ ᠰᠠᠨᠠᠯ ᠲᠤᠷᠠᠳᠤᠯᠭ᠎ᠠ ᠨᠢ ᠦᠨᠳᠦᠰᠦᠨ ᠱᠠᠳᠤ ᠪᠤᠯᠤᠨ ᠠᠷᠠᠳ ᠲᠦᠮᠡᠨ ᠤ ᠬᠦᠰᠡᠯ ᠱᠠᠭᠠᠷᠳᠠᠯᠭ᠎ᠠ ᠮᠦᠨ      ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠬᠤᠯᠪᠤᠭᠳᠠᠯ ᠪᠦᠬᠦᠢ ᠬᠠᠷᠢᠭᠤᠴᠠᠯᠭᠠᠲᠠᠨ ᠤ ᠬᠠᠷᠢᠭᠤ ᠮᠡᠳᠡᠭᠦᠯᠦᠯᠲᠡ ᠳᠤ ᠪᠠᠨ᠂ ᠨᠢᠳᠤᠨᠤᠨ ᠲᠦᠷᠦ ᠶᠢᠨ ᠶᠠᠪᠤᠳᠠᠯ ᠤᠨ ᠬᠤᠷᠢᠶᠠᠨ ᠤ ᠰᠠᠯᠠᠭ᠎ᠠ ᠮᠥᠴᠢᠷ ᠲᠦᠷᠦᠭᠦᠯᠡᠨ 6319 ᠵᠣᠶᠢᠯ ᠤᠨ ᠰᠠᠨᠠᠭᠤᠯᠭ᠎ᠠ᠂ 3863 ᠵᠤᠶᠢᠯ ᠤᠨ ᠰᠠᠨᠠᠯ ᠲᠤᠷᠠᠳᠤᠯᠭ᠎ᠠ ᠶᠢ ᠰᠢᠢᠳᠪᠤᠷᠢᠯᠡᠵᠠᠢ᠂ ᠡᠨᠡ ᠨᠢ ᠶᠡᠷᠦᠩᠬᠡᠢ ᠲᠤᠭᠠᠨ ᠤ 85.5% ᠪᠠ 87% ᠶᠢ ᠲᠤᠰ ᠲᠤᠰ ᠡᠵᠡᠯᠡᠪᠡ᠃ ᠲᠡᠷᠡᠴᠢᠯᠡᠨ ᠪᠦᠬᠦᠳᠡ ᠶᠢ ᠲᠤᠭᠲᠠᠭᠰᠠᠨ ᠴᠠᠭ ᠲᠠᠭᠠᠨ ᠰᠢᠢᠳᠪᠤᠷᠢᠯᠡᠬᠦ ᠶᠢ ᠳᠠᠭᠠᠯᠳᠤᠨ 1400 ᠭᠠᠷᠤᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠳᠣᠭᠲᠠᠭᠠᠭᠠᠳ᠂ ᠦᠭᠡᠷᠡᠴᠢᠯᠡᠯᠲᠡ ᠬᠥᠭᠵᠢᠯᠲᠡ ᠪᠤᠯᠤᠨ ᠠᠷᠠᠳ ᠤᠨ ᠠᠮᠢᠳᠤᠷᠠᠯ ᠤᠨ ᠰᠠᠶᠢᠵᠢᠷᠠᠯᠲᠠ  ᠶᠢ ᠠᠬᠢᠭᠤᠯᠤᠭᠰᠠᠨ ᠪᠠᠶᠢᠨ᠎ᠠ ᠭᠡᠵᠠᠢ᠃      ᠯᠢ ᠺᠧ ᠴᠢᠶᠠᠩ ︽ᠮᠠᠨ ᠤ ᠤᠯᠤᠰ ᠪᠤᠯ ᠬᠠᠤᠯᠢ ᠪᠠᠷ ᠵᠠᠰᠠᠬᠤ ᠤᠯᠤᠰ᠂ ᠵᠠᠰᠠᠭ ᠤᠨ ᠤᠷᠳᠤᠨ ᠪᠤᠯ ᠠᠷᠠᠳ ᠲᠦᠮᠡᠨ ᠤ ᠵᠠᠰᠠᠭ ᠤᠨ ᠤᠷᠳᠤᠨ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠦᠷᠢᠮ ᠪᠤᠯᠤᠨ ᠤᠯᠤᠰ ᠲᠦᠷᠦ ᠶᠢᠨ ᠵᠦᠪᠯᠡᠯᠭᠡᠨ ᠤ ᠳᠦᠷᠢᠮ ᠪᠤᠯ ᠦᠨᠳᠦᠰᠦᠨ ᠬᠠᠤᠯᠢ ᠶᠢᠨ ᠬᠡᠪᠴᠢᠶᠡᠨ ᠳᠤ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠲᠤᠩ ᠴᠢᠬᠤᠯᠠ᠂ ᠤᠷᠤᠯᠠᠭᠤᠯᠵᠦ ᠪᠤᠯᠤᠰᠢ ᠦᠭᠡᠢ ᠭᠤᠤᠯ ᠠᠷᠭ᠎ᠠ ᠵᠠᠮ ᠪᠤᠯᠤᠨ᠎ᠠ︾ ᠭᠡᠵᠦ ᠴᠢᠬᠤᠯᠠᠴᠢᠯᠠᠪᠠ᠃ ᠶᠡᠷᠦᠩᠬᠡᠢ ᠰᠠᠶᠢᠳ ᠪᠠᠰᠠ ︽ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠤᠯᠤᠨ ᠤᠯᠤᠰ ᠲᠦᠷᠦ ᠶᠢᠨ ᠵᠦᠪᠯᠡᠯᠭᠡᠨ ᠤ ᠬᠡᠰᠢᠭᠦᠳ ᠤᠨ ᠰᠠᠨᠠᠯ ᠲᠤᠷᠠᠳᠤᠯᠭ᠎ᠠ ᠶᠢ ᠨᠠᠷᠢᠨ ᠬᠢᠨᠠᠮᠠᠭᠠᠢ ᠰᠤᠳᠤᠯᠵᠦ᠂ ᠬᠦᠯᠢᠶᠡᠨ ᠠᠪᠴᠤ ᠰᠢᠢᠳᠪᠤᠷᠢᠯᠡᠵᠤ ᠪᠠᠷᠠᠪᠠᠯ ᠬᠠᠷᠢᠭᠤᠯᠲᠠ ᠦᠭᠭᠦ ᠬᠡᠷᠡᠭᠲᠠᠢ᠂ ᠡᠨᠡ  ᠨᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠡᠷᠬᠡᠪᠰᠢ ᠭᠦᠢᠴᠡᠳᠭᠡᠬᠦ ᠬᠠᠤᠯᠢ ᠳᠤ ᠲᠤᠭᠲᠠᠭᠠᠭᠰᠠᠨ ᠡᠭᠦᠷᠭᠡ ᠮᠦᠨ᠂ ᠨᠡᠩ ᠴᠤ ᠬᠠᠤᠯᠢ ᠶᠤᠰᠤᠭᠠᠷ ᠵᠠᠰᠠᠭ ᠶᠠᠪᠤᠭᠤᠯᠵᠦ ᠪᠠᠶᠢᠬᠤ ᠶᠢᠨ ᠴᠢᠬᠤᠯᠠ ᠢᠯᠡᠷᠡᠯ ᠮᠦᠨ︾ ᠭᠡᠵᠤ ᠬᠡᠯᠡᠵᠠᠢ᠃      ᠯᠢ ᠺᠧ ᠴᠢᠶᠠᠩ᠄ ︽ᠲᠦᠯᠦᠭᠡᠯᠡᠭᠴᠢ ᠪᠠ ᠬᠡᠰᠢᠭᠦᠨ ᠤ ᠰᠠᠨᠠᠯ ᠲᠤᠷᠠᠳᠤᠯᠭ᠎ᠠ ᠳᠤ ᠲᠤᠰᠬᠠᠬᠰᠠᠨ ᠨᠢ ᠨᠡᠶᠢᠭᠡᠮ  ᠤᠨ ᠡᠯ᠎ᠡ ᠡᠲᠡᠭᠡᠳ ᠤᠨ ᠪᠤᠳᠤᠯ ᠰᠠᠨᠠᠭ᠎ᠠ᠂ ᠦᠨᠳᠦᠰᠦᠨ ᠱᠠᠲᠤᠨ ᠤ ᠤᠯᠠᠨ ᠲᠦᠮᠡᠨ ᠤ ᠬᠦᠰᠡᠯ ᠱᠠᠭᠠᠷᠳᠠᠯᠭ᠎ᠠ ᠮᠦᠨ᠂ ᠪᠢᠳᠡ ᠰᠠᠶᠢᠨ ᠤᠯᠠᠮᠵᠢᠯᠠᠯ ᠢᠶᠠᠨ ᠪᠠᠷᠢᠮᠲᠠᠯᠠᠬᠤ ᠬᠡᠷᠡᠭᠲᠠᠢ ᠮᠦᠷᠲᠡᠭᠡᠨ ᠰᠠᠨᠠᠭᠤᠯᠭ᠎ᠠ ᠰᠠᠨᠠᠯ ᠲᠤᠷᠠᠳᠤᠯᠭ᠎ᠠ ᠶᠢ ᠰᠢᠢᠳᠪᠤᠷᠢᠯᠡᠬᠦ ᠠᠵᠢᠯ ᠢ ᠤᠯᠠᠮ ᠰᠠᠶᠢᠵᠢᠷᠠᠭᠤᠯᠤᠨ ᠲᠡᠭᠡᠭᠰᠢᠯᠡᠭᠦᠯᠵᠦ᠂ ᠨᠡᠩ ᠬᠤᠯᠠ ᠬᠠᠷᠠᠯᠲᠠ ᠲᠡᠰᠢ ᠤᠷᠤᠭᠰᠢᠯᠠᠬᠤ ᠬᠡᠷᠡᠭᠲᠠᠢ︾ ᠭᠡᠵᠦ ᠬᠡᠯᠡᠪᠡ᠃      ᠡᠯ᠎ᠡ ᠲᠠᠯ᠎ᠠ ᠶᠢᠨ ᠰᠠᠨᠠᠯ ᠳᠤᠷᠠᠳᠤᠯᠭ᠎ᠠ ᠶᠢ ᠭᠦᠢᠴᠡᠳ ᠰᠤᠨᠤᠰᠴᠤ᠂ ᠠᠷᠠᠳ ᠤᠨ ᠠᠮᠢᠳᠤᠷᠠᠯ ᠤᠨ ᠲᠦᠪᠡᠭᠲᠠᠢ ᠠᠰᠠᠭᠤᠳᠠᠯ ᠢ ᠰᠠᠶᠢᠲᠤᠷ ᠰᠢᠢᠳᠪᠤᠷᠢᠯᠡᠬᠦ ᠬᠡᠷᠡᠭᠲᠠᠢ      ︽ᠲᠦᠯᠣᠭᠡᠯᠡᠭᠴᠢ ᠪᠤᠯᠤᠨ ᠭᠡᠰᠢᠭᠦᠨ ᠨᠢ ᠡᠯ᠎ᠡ ᠠᠵᠢᠯ ᠲᠦᠷᠦᠯ ᠤᠨ ᠨᠢᠭᠡᠴᠢ ᠠᠴᠠ ᠢᠷᠡᠯᠲᠡ ᠲᠠᠢ ᠪᠤᠯᠬᠤᠷ ᠦᠨᠳᠦᠰᠦᠨ ᠱᠠᠲᠦ ᠶᠢ ᠤᠶᠢᠯᠠᠭᠠᠨ᠎ᠠ᠃ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠦᠬᠦ ᠤᠯᠤᠰ ᠤᠨ ᠬᠤᠶᠠᠷ ᠬᠤᠷᠠᠯ ᠳᠤ ᠤᠷᠤᠯᠴᠠᠬᠤ ᠪᠠᠷ ᠲᠠᠮᠵᠢᠨ᠂ ᠲᠦᠯᠦᠭᠡᠯᠡᠭᠴᠢ ᠪᠠ ᠬᠡᠰᠢᠭᠦᠨ ᠤ ᠰᠠᠨᠠᠯ ᠲᠤᠷᠠᠳᠤᠯᠭ᠎ᠠ ᠶᠢ ᠨᠠᠷᠢᠨ ᠬᠢᠨᠠᠮᠠᠭᠠᠢ ᠰᠤᠨᠤᠰᠴᠤ᠂ ᠰᠢᠨ᠎ᠡ ᠰᠠᠨᠠᠯ ᠲᠤᠷᠠᠳᠤᠯᠭ᠎ᠠ ᠶᠢ ᠨᠠᠷᠢᠨ ᠨᠢᠮᠪᠠᠢ ᠰᠢᠢᠳᠪᠤᠷᠢᠯᠡᠬᠦ ᠬᠡᠷᠡᠭᠲᠠᠢ︾ ᠭᠡᠵᠦ ᠯᠢ ᠺᠧ ᠴᠢᠶᠠᠩ ᠬᠡᠯᠡᠵᠠᠢ᠃      ᠶᠡᠷᠦᠩᠬᠡᠢ ᠰᠠᠶᠢᠳ ᠬᠡᠯᠡᠬᠦ ᠳᠡᠭᠡᠨ᠂ ᠵᠢᠯ ᠪᠦᠷᠢ ᠶᠢᠨ ᠪᠦᠬᠦ ᠤᠯᠤᠰ ᠤᠨ ᠬᠤᠶᠠᠷ ᠬᠤᠷᠠᠯ ᠳᠡᠭᠡᠷ᠎ᠡ᠂ ᠲᠦᠷᠦ  ᠶᠢᠨ ᠶᠠᠪᠤᠳᠠᠯ ᠤᠨ ᠬᠤᠷᠢᠶ᠎ᠠ ᠪᠦᠷ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ︽ᠵᠠᠰᠠᠭ ᠤᠨ ᠤᠷᠳᠤᠨ ᠤ ᠠᠵᠢᠯ ᠤᠨ ᠢᠯᠡᠳᠭᠡᠯ︾ ᠬᠢᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠩᠴᠢᠳ ᠢᠶᠠᠷ ᠬᠢᠨᠠᠭᠤᠯᠤᠨ ᠵᠦᠪᠯᠡᠭᠦᠯᠵᠦ᠂ ᠤᠯᠤᠰ ᠲᠦᠷᠦ ᠶᠢᠨ ᠵᠦᠪᠯᠡᠯᠭᠡᠨ ᠤ ᠬᠡᠰᠢᠭᠦᠳ ᠢᠶᠠᠷ ᠰᠠᠨᠠᠯ ᠲᠤᠷᠠᠳᠤᠭᠤᠯᠳᠠᠭ᠂ ᠡᠨᠡ ᠨᠢ ᠦᠨᠡᠨᠳᠡᠭᠡᠨ ᠵᠠᠰᠠᠭ ᠤᠨ ᠤᠷᠳᠤᠨ ᠤ ᠠᠵᠢᠯ ᠳᠤ ᠬᠢᠨᠠᠯᠲᠠ ᠲᠠᠯᠪᠢᠵᠦ ᠪᠠᠶᠢᠬᠤ ᠶᠠᠪᠤᠳᠠᠯ ᠮᠦᠨ᠂ ᠠᠷᠠᠳ ᠤᠨ ᠰᠠᠨᠠᠭ᠎ᠠ ᠶᠢ ᠲᠤᠰᠬᠠᠵᠦ ᠪᠠᠶᠢᠬᠤ ᠶᠠᠪᠤᠳᠠᠯ ᠮᠦᠨ᠃      ︽ᠡᠨᠡ ᠵᠢᠯ ᠤᠨ ᠬᠤᠶᠠᠷ ᠬᠤᠷᠠᠯ ᠤᠨ ᠬᠤᠭᠤᠴᠠᠭᠠᠨ ᠳᠤ᠂ ᠡᠯ᠎ᠡ ᠰᠠᠯᠠᠭ᠎ᠠ ᠮᠥᠴᠢᠷ ᠲᠦᠯᠣᠭᠡᠯᠡᠭᠴᠢ ᠪᠠ ᠬᠡᠰᠢᠭᠦᠨ ᠤ ᠰᠠᠨᠠᠯ ᠲᠤᠷᠠᠳᠤᠯᠭ᠎ᠠ ᠶᠢ ᠰᠠᠶᠢᠲᠤᠷ ᠴᠢᠬᠤᠯᠠᠴᠢᠯᠠᠨ ᠦᠵᠡᠬᠦ ᠬᠡᠷᠡᠭᠲᠠᠢ ᠪᠠᠷ ᠪᠠᠷᠠᠬᠤ ᠦᠭᠡᠢ᠂ ᠰᠠᠨᠠᠯ ᠲᠤᠷᠠᠳᠤᠯᠭ᠎ᠠ ᠪᠤᠯᠵᠦ ᠲᠡᠶᠢᠯᠦᠭᠡᠳᠦᠢ ᠵᠠᠷᠢᠮ ᠶᠡᠷᠢᠶ᠎ᠠ ᠪᠤᠯᠤᠨ ᠳᠤᠰᠬᠠᠯ ᠢ ᠴᠤ ᠰᠠᠶᠢᠲᠤᠷ ᠰᠤᠨᠤᠰᠴᠤ᠂ ᠤᠷᠤᠰᠢᠵᠦ ᠪᠠᠶᠢᠬᠤ ᠪᠤᠳᠠᠲᠠᠢ ᠠᠰᠠᠭᠤᠳᠠᠯ ᠢ ᠨᠡᠩ ᠴᠤ ᠰᠤᠨᠤᠰᠬᠤ ᠬᠡᠷᠡᠭᠲᠠᠢ︾ ᠭᠡᠵᠠᠢ᠃ ᠲᠡᠷᠡ ᠪᠠᠰᠠ ︽ᠵᠠᠷᠢᠮ ᠠᠰᠠᠭᠤᠳᠠᠯ  ᠤᠳ ᠨᠢ ᠦᠵᠡᠬᠦ ᠳᠤ ᠶᠠᠯᠢᠮ ᠦᠭᠡᠢ ᠶᠠᠪᠤᠳᠠᠯ ᠪᠤᠯᠪᠠᠴᠤ ᠤᠯᠠᠨ ᠲᠦᠮᠡᠨ ᠳᠤ ᠠᠪᠴᠤ ᠬᠡᠯᠡᠪᠡᠯ᠂ ᠠᠮᠢᠳᠤᠷᠠᠯ ᠤᠨ ᠬᠢᠨᠢ ᠲᠤᠮᠳᠠᠬᠢ ᠨᠢᠭᠡ ᠲᠠᠪᠠᠵᠦ ᠭᠠᠷᠤᠰᠢ ᠦᠭᠡᠢ ︿ᠲᠠᠪᠠᠭ᠎ᠠ﹀ ᠪᠠᠶᠢᠵᠦ ᠮᠡᠳᠡᠨ᠎ᠡ︾ ᠭᠡᠵᠦ ᠬᠡᠯᠡᠵᠠᠢ᠃      ᠯᠢ ᠺᠧ ᠴᠢᠶᠠᠩ ᠡᠯ᠎ᠡ ᠰᠠᠯᠠᠭ᠎ᠠ ᠮᠥᠴᠢᠷ ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠢᠶᠠᠷ ᠠᠵᠠ ᠲᠤᠬᠢᠶᠠᠯ ᠪᠤᠯᠭᠠᠵᠦ᠂ ᠠᠷᠠᠳ ᠤᠨ ᠰᠠᠨᠠᠭ᠎ᠠ᠂ ᠤᠬᠠᠭᠠᠨ ᠢ ᠭᠦᠢᠴᠡᠳ ᠬᠦᠯᠢᠶᠡᠨ ᠠᠪᠴᠤ᠂ ᠵᠠᠰᠠᠭ ᠤᠨ ᠤᠷᠳᠤᠨ ᠤ ᠪᠦᠬᠦ ᠵᠢᠯ ᠤᠨ ᠠᠵᠢᠯ ᠢ ᠰᠠᠶᠢᠲᠤᠷ ᠬᠢᠬᠦ ᠳᠤ ᠰᠠᠭᠤᠷᠢ ᠲᠠᠯᠪᠢᠬᠤ ᠬᠡᠷᠡᠭᠲᠠᠢ ᠭᠡᠵᠦ ᠱᠠᠭᠠᠷᠳᠠᠪᠠ᠃ ᠲᠡᠷᠨ ᠪᠠᠰᠠ᠄ ︽ᠮᠠᠨ ᠤ ᠤᠯᠤᠰ ᠮᠦᠨ ᠬᠦᠭᠵᠢᠵᠦ ᠪᠠᠶᠢᠭ᠎ᠠ ᠤᠯᠤᠰ ᠪᠠᠶᠢᠬᠰᠠᠭᠠᠷ ᠪᠦᠭᠡᠳ ᠨᠡᠶᠢᠭᠡᠮ ᠵᠢᠷᠤᠮ ᠤᠨ ᠠᠩᠬᠠᠨ ᠤ ᠱᠠᠲᠤᠨ ᠳᠤ ᠤᠷᠤᠰᠢᠵᠦ ᠪᠤᠢ᠂ ᠬᠦᠭᠵᠢᠯᠲᠡ ᠶᠢᠨ ᠵᠠᠮ ᠪᠤᠯᠤᠨ ᠠᠷᠠᠳ ᠤᠨ ᠠᠮᠢᠳᠤᠷᠠᠯ ᠳᠤ ᠮᠠᠰᠢ ᠤᠯᠠᠨ ᠲᠤᠯᠭᠠᠮ ᠰᠢᠢᠳᠪᠤᠷᠢᠯᠡᠬᠦ ᠴᠢᠬᠤᠯᠠᠲᠠᠢ ᠠᠰᠠᠭᠤᠳᠠᠯ ᠤᠷᠤᠰᠢᠵᠦ ᠪᠠᠶᠢᠳᠠᠭ᠂ ᠡᠷᠬᠡᠪᠰᠢ ᠡᠯ᠎ᠡ ᠲᠠᠯ᠎ᠠ ᠶᠢᠨ ᠰᠠᠨᠠᠯ ᠢ ᠭᠦᠢᠴᠡᠳ ᠰᠤᠨᠤᠰᠴᠤ᠂ ᠠᠷᠠᠳ ᠤᠨ ᠠᠮᠢᠳᠤᠷᠠᠯ ᠳᠤᠮᠳᠠᠬᠢ ᠬᠦᠴᠢᠷ ᠲᠠᠢ ᠲᠦᠪᠡᠭᠲᠠᠢ ᠠᠰᠠᠭᠤᠳᠠᠯ ᠢ ᠰᠠᠶᠢᠲᠤᠷ ᠰᠢᠢᠳᠪᠤᠷᠢᠯᠡᠵᠦ᠂ ᠴᠢᠳᠠᠯ ᠤᠨ ᠢᠶᠠᠨ ᠴᠢᠨᠡᠭᠡ ᠪᠠᠷ ᠴᠢᠷᠮᠠᠶᠢᠵᠦ᠂ ᠬᠥᠨᠵᠢᠯᠡ ᠶᠢᠨ ᠢᠶᠠᠨ ᠬᠢᠷᠢ ᠪᠠᠷ ᠬᠦᠯ ᠢᠶᠠᠨ ᠵᠢᠬᠢᠵᠤ᠂ ᠵᠠᠰᠠᠭ ᠤᠨ ᠤᠷᠳᠤᠨ ᠤ ᠭᠦᠢᠴᠡᠳᠭᠡᠪᠡᠰᠦ ᠵᠤᠬᠢᠬᠤ ᠬᠠᠷᠢᠭᠤᠴᠠᠯᠭ᠎ᠠ ᠪᠠᠨ ᠭᠦᠢᠴᠡᠳᠭᠡᠬᠦ ᠬᠡᠷᠡᠭᠲᠠᠢ︾ ᠭᠡᠵᠡᠢ᠃
 
ᠢᠷᠡᠯᠲᠡ᠄ ᠠᠷᠠᠳ ᠤᠨ ᠶᠠᠪᠣᠳᠠᠯ ᠤᠨ ᠲᠢᠩᠭᠢᠮ ᠤᠨ ᠬᠢᠳᠡᠳ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号