ᠬᠤ᠋ ᠴᠦᠨ ᠬᠤᠸᠠ ᠣᠨᠴᠠ ᠶᠠᠳᠠᠭᠤ ᠬᠦᠴᠢᠷᠲᠡᠯ ᠲᠠᠢ ᠭᠠᠵᠠᠷ ᠤᠷᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠤᠨ ᠲᠤᠬᠠᠢ ᠶᠠᠷᠢᠯᠴᠠᠬᠤ ᠬᠤᠷᠠᠯ ᠳᠤ ᠤᠷᠤᠯᠴᠠᠨ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2019/2/20
                         ᠣᠨᠴᠠ ᠶᠠᠳᠠᠭᠤ ᠬᠦᠴᠢᠷᠲᠡᠯ ᠲᠠᠢ ᠭᠠᠵᠠᠷ ᠤᠷᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠤᠨ ᠲᠤᠬᠠᠢ ᠶᠠᠷᠢᠯᠴᠠᠬᠤ ᠬᠤᠷᠠᠯ 13 ᠤ ᠡᠳᠦᠷ ᠭᠤᠸᠠᠩᠰᠢ ᠶᠢᠨ ᠾᠧ ᡂᠢ ᠳᠤ ᠬᠤᠷᠠᠯᠳᠤᠪᠠ ᠂ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠬᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠭᠦᠵᠦ ᠨᠡᠭᠡᠭᠡᠯᠲᠡ ᠬᠢᠬᠦ ᠠᠵᠢᠯ ᠤᠨ ᠤᠳᠤᠷᠢᠳᠬᠤ ᠲᠤᠭᠤᠶᠢᠯᠠᠩ ᠤᠨ ᠲᠠᠷᠤᠭ᠎ᠠ ᠬᠤ᠋ ᠴᠦᠨ ᠬᠤᠸᠠ ᠶᠠᠷᠢᠯᠴᠠᠬᠤ ᠬᠤᠷᠠᠯ ᠳᠤ ᠤᠷᠤᠯᠴᠠᠨ ᠶᠠᠷᠢᠶ᠎ᠠ ᠲᠠᠯᠪᠢᠪᠠ᠃      ᠬᠤ᠋ ᠴᠦᠨ ᠬᠤᠸᠠ ᠣᠨᠴᠠ ᠶᠠᠳᠠᠭᠤ ᠬᠦᠴᠢᠷᠲᠡᠯ ᠲᠠᠢ ᠭᠠᠵᠠᠷ ᠤᠷᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠤᠨ ᠲᠤᠪᠤᠶᠢᠮ᠎ᠠ ᠠᠰᠠᠭᠤᠳᠠᠯ ᠪᠤᠯᠤᠨ ᠭᠤᠤᠯᠳᠠᠯᠭ᠎ᠠ ᠪᠤᠯᠬᠤ ᠡᠭᠦᠷᠭᠡ ᠶᠢ ᠤᠨᠤᠴᠢᠲᠠᠢ ᠣᠯᠵᠤ᠂ ᠠᠷᠭ᠎ᠠ ᠪᠤᠳᠤᠯᠭ᠎ᠠ ᠶᠢ ᠤᠨᠤᠴᠢᠲᠠᠢ ᠬᠡᠷᠡᠭᠵᠢᠭᠦᠯᠵᠦ᠂ ᠬᠦᠴᠦ ᠪᠠᠨ ᠲᠦᠪᠯᠡᠷᠡᠭᠦᠯᠦᠨ ᠪᠤᠭᠤᠮᠲᠠ ᠰᠢᠪᠲᠤᠯᠬᠤ ᠬᠡᠷᠡᠭᠲᠠᠢ᠃ ᠶᠡᠬᠡᠬᠡᠨ ᠬᠦᠴᠦ ᠤᠷᠤᠭᠤᠯᠵᠦ ᠪᠠᠶᠢᠭᠠᠳ ︽ᠬᠤᠶᠠᠷ ᠶᠠᠪᠤᠳᠠᠯ ᠳᠤ ᠵᠤᠪᠠᠭ᠋ᠤ ᠦᠭᠡᠢ ᠭᠤᠷᠪᠠ ᠶᠢ ᠪᠠᠲᠤᠯᠠᠬᠤ︾ ᠶᠢᠨ ᠲᠤᠪᠤᠶᠢᠮ᠎ᠠ ᠠᠰᠠᠭᠤᠳᠠᠯ ᠢ ᠰᠢᠢᠳᠪᠤᠷᠢᠯᠡᠵᠦ᠂ ᠰᠤᠷᠤᠯᠭ᠎ᠠ ᠪᠠᠨ ᠵᠤᠬᠰᠤᠬᠤ ᠶᠢ ᠬᠤᠷᠢᠬᠯᠠᠵᠦ ᠰᠤᠷᠤᠯᠴᠠᠬᠤ ᠶᠢ ᠪᠠᠲᠤᠯᠠᠬᠤ᠂ ᠡᠷᠡᠭᠦᠯ ᠮᠡᠨᠳᠦ ᠶᠢᠨ ᠲᠠᠯ᠎ᠠ ᠪᠠᠷ ᠶᠠᠳᠠᠭᠤ ᠶᠢ ᠲᠡᠳᠭᠦᠬᠦ᠂ ᠨᠤᠷᠠᠬᠤ ᠠᠶᠤᠯᠲᠠᠢ ᠭᠡᠷ ᠪᠠᠶᠢᠰᠢᠩ ᠢ ᠵᠠᠰᠠᠵᠦ ᠰᠢᠨᠡᠳᠭᠡᠬᠦ ᠪᠠ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠬᠤ ᠵᠡᠷᠬᠡ ᠠᠵᠢᠯ ᠢ ᠰᠠᠶᠢᠲᠤᠷ ᠪᠡᠶᠡᠯᠡᠭᠦᠯᠬᠦ ᠬᠡᠷᠡᠭᠲᠠᠢ᠃ ᠭᠠᠵᠠᠷ ᠤᠷᠤᠨ ᠤ ᠪᠠᠨ ᠪᠠᠶᠢᠳᠠᠯ ᠳᠤ ᠲᠤᠬᠢᠷᠠᠭᠤᠯᠤᠨ ᠥᠪᠡᠷᠮᠢᠴᠡ ᠤᠨᠴᠠᠯᠢᠭ ᠲᠠᠢ ᠴᠢᠨᠠᠷ ᠰᠠᠶᠢᠲᠠᠢ ᠪᠦᠲᠦᠮᠵᠢ ᠶᠡᠬᠡᠲᠠᠢ ᠠᠵᠦ ᠦᠢᠯᠡᠰ ᠢ ᠬᠦᠭᠵᠢᠭᠦᠯᠵᠦ᠂ ᠰᠠᠭᠤᠷᠢ ᠲᠦᠬᠦᠭᠡᠷᠦᠮᠵᠢ ᠪᠤᠯᠤᠨ ᠤᠯᠠᠨ ᠨᠡᠶᠢᠲᠡ ᠶᠢᠨ ᠦᠢᠯᠡᠴᠢᠯᠡᠭᠡ ᠶᠢᠨ ᠲᠤᠲᠠᠭᠤᠳᠠᠯ ᠢ ᠨᠦᠬᠦᠪᠤᠷᠢᠯᠡᠨ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠪᠠ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠶᠢ ᠵᠤᠯᠭᠠᠭᠤᠯᠬᠤ ᠠᠵᠢᠯ ᠢ ᠨᠢᠭᠡᠳᠦᠯᠲᠠᠢ ᠲᠦᠯᠦᠪᠯᠡᠵᠦ᠂ ᠶᠠᠳᠠᠭᠤ ᠬᠦᠴᠢᠷᠳᠡᠯ ᠲᠠᠢ ᠤᠯᠠᠨ ᠲᠦᠮᠡᠨ ᠢ ᠯᠠᠪᠳᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠪᠠ ᠶᠠᠳᠠᠭᠤ ᠬᠦᠴᠢᠷᠳᠡᠯ ᠲᠠᠢ ᠭᠠᠵᠠᠷ ᠤᠷᠤᠨ ᠢ ᠦᠷᠭᠦᠯᠵᠢᠯᠡᠨ ᠬᠦᠭᠵᠢᠭᠦᠯᠬᠦ ᠠᠵᠢᠯ ᠢ ᠠᠬᠢᠭᠤᠯᠬᠤ ᠬᠡᠷᠡᠭᠲᠠᠢ᠃ ᠲᠤᠭᠤᠷᠢᠨ ᠪᠠᠶᠢᠴᠠᠭᠠᠬᠤ ᠳᠤ ᠤᠯᠵᠦ ᠮᠡᠳᠡᠭᠰᠡᠨ ᠠᠰᠠᠭᠤᠳᠠᠯ ᠤᠨ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠵᠦ᠂ ᠬᠠᠷᠢᠭᠤᠴᠠᠯᠭ᠎ᠠ ᠶᠢ ᠨᠠᠶᠢᠲᠠᠪᠤᠷᠢᠵᠢᠭᠤᠯᠤᠨ ᠲᠡᠮᠵᠢᠵᠦ ᠪᠠᠲᠤᠯᠠᠬᠤ ᠡᠷᠴᠢᠮ  ᠢᠶᠠᠨ ᠴᠢᠩᠭᠠᠷᠠᠭᠤᠯᠵᠦ᠂ ᠵᠡᠭᠦᠨ ᠤᠷᠤᠨ ᠪᠠᠷᠠᠭᠤᠨ ᠤᠷᠤᠨ ᠤ ᠶᠠᠳᠠᠭᠤ ᠶᠢ ᠲᠡᠳᠭᠦᠬᠦ ᠠᠵᠢᠯ ᠤᠨ ᠬᠠᠮᠵᠢᠯᠴᠠᠭ᠎ᠠ ᠪᠤᠯᠤᠨ ᠠᠵᠢᠯ ᠲᠦᠷᠦᠯ ᠢᠶᠠᠷ ᠲᠤᠰᠠᠯᠠᠬᠤ᠂ ᠲᠦᠪ ᠤᠨ ᠨᠢᠭᠡᠴᠢ ᠴᠢᠭ ᠲᠤᠭᠲᠠᠭᠠᠨ ᠶᠠᠳᠠᠭᠤ ᠶᠢ ᠲᠡᠳᠭᠦᠬᠦ ᠶᠢᠨ ᠦᠢᠯᠡᠳᠦᠯ ᠢ ᠰᠠᠶᠢᠲᠤᠷ ᠪᠠᠳᠠᠷᠠᠭᠤᠯᠤᠨ᠂ ᠶᠠᠳᠠᠭᠤ ᠬᠦᠴᠢᠷᠳᠡᠯ ᠲᠠᠢ ᠤᠯᠠᠨ ᠲᠦᠮᠡᠨ ᠤ ᠲᠤᠲᠤᠭᠠᠳᠦ ᠬᠦᠳᠡᠯᠭᠡᠬᠦ ᠬᠦᠴᠦᠨ ᠢ ᠬᠦᠭᠵᠢᠭᠡᠵᠦ᠂ ᠶᠠᠳᠠᠭᠤ ᠶᠢ ᠲᠡᠳᠭᠦᠬᠦ ᠠᠵᠢᠯ ᠤᠨ ᠪᠤᠭᠤᠮᠲᠠ ᠰᠢᠪᠲᠤᠯᠤᠯᠲᠠ ᠶᠢᠨ ᠶᠠᠰᠤ ᠴᠢᠨᠠᠷ ᠴᠢᠨᠰᠠᠭ᠎ᠠ ᠪᠤᠯᠤᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠲᠡᠭᠡᠭᠰᠢᠯᠡᠭᠦᠯᠬᠦ ᠬᠡᠷᠡᠭᠲᠠᠢ ᠭᠡᠵᠦ ᠵᠢᠭᠠᠵᠦ ᠭᠠᠷᠭᠠᠵᠠᠢ᠃      ᠶᠠᠷᠢᠯᠴᠠᠬᠤ ᠬᠤᠷᠠᠯ ᠠᠴᠠ ᠡᠮᠦᠨ᠎ᠡ᠂ ᠬᠤ᠋ ᠴᠦᠨ ᠬᠤᠸᠠ ᠾᠧ ᡂᠢ ᠬᠤᠲᠠ ᠶᠢᠨ ᠶᠤᠤ ᠦᠨᠳᠦᠰᠦᠲᠡᠨ ᠤ ᠥᠪᠡᠷᠳᠡᠭᠡᠨ ᠵᠠᠰᠠᠬᠤ ᠰᠢᠶᠠᠨ ᠤ ᠶᠠᠯᠦ᠋ᠩ ᠰᠢᠶᠠᠩ᠂ ᠳ᠋ᠥ᠋ ᠠᠨ ᠤ ᠶᠤᠤ ᠦᠨᠳᠦᠰᠦᠲᠡᠨ ᠤ ᠥᠪᠡᠷᠳᠡᠭᠡᠨ ᠵᠠᠰᠠᠬᠤ ᠰᠢᠶᠠᠨ ᠤ ᠳ᠋ᠦᠩ ᠮᠢᠶᠤᠤ ᠰᠢᠶᠠᠩ ᠵᠡᠷᠭᠡ ᠭᠠᠵᠠᠷ ᠲᠤ ᠬᠦᠷᠴᠤ᠂ ᠶᠠᠳᠠᠭᠤ ᠬᠦᠴᠢᠷᠳᠡᠯ ᠲᠠᠢ ᠤᠯᠠᠨ ᠲᠦᠮᠡᠨ ᠢ ᠡᠷᠭᠢᠨ ᠦᠵᠡᠵᠦ ᠲᠤᠬᠤᠨᠢᠭᠤᠯᠤᠨ᠂ ᠣᠨᠴᠠ ᠶᠠᠳᠠᠭᠤ ᠬᠦᠴᠢᠷᠳᠡᠯ ᠲᠠᠢ ᠭᠠᠵᠠᠷ ᠤᠷᠤᠨ ᠤ ︽ᠬᠤᠶᠠᠷ ᠶᠠᠪᠤᠳᠠᠯ ᠳᠤ ᠵᠤᠪᠠᠭ᠋ᠤ ᠦᠭᠡᠢ ᠭᠤᠷᠪᠠ ᠶᠢ ᠪᠠᠲᠤᠯᠠᠬᠤ︾᠂ ᠠᠵᠦ ᠦᠢᠯᠡᠰ ᠢᠶᠠᠷ ᠶᠠᠳᠠᠭᠤ ᠶᠢ ᠲᠡᠳᠭᠦᠬᠦ᠂ ᠶᠠᠳᠠᠭᠤ ᠶᠢ ᠲᠡᠳᠭᠦᠬᠦ  ᠪᠠᠷ ᠤᠨᠳᠤᠤ ᠭᠠᠵᠠᠷ ᠨᠡᠭᠦᠯᠭᠡᠬᠦ ᠵᠡᠷᠭᠡ ᠠᠵᠢᠯ ᠤᠨ ᠠᠬᠢᠴᠠ ᠶᠢᠨ ᠪᠠᠶᠢᠳᠠᠯ ᠢ ᠤᠶᠢᠯᠠᠭᠠᠵᠠᠢ᠃
 
ᠢᠷᠡᠯᠲᠡ᠄ ᠠᠷᠠᠳ ᠤᠨ ᠶᠠᠪᠣᠳᠠᠯ ᠤᠨ ᠲᠢᠩᠭᠢᠮ ᠤᠨ ᠬᠢᠳᠡᠳ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号