ᠯᠢ ᠺᠧ ᠴᠢᠶᠠᠩ᠄ ᠶᠠᠳᠠᠭᠤ ᠠᠴᠠ ᠠᠩᠬᠢᠵᠢᠷᠠᠭᠤᠯᠬᠤ ᠠᠵᠢᠯ ᠤᠨ ᠶᠠᠰᠤ ᠴᠢᠨᠠᠷ ᠪᠠ ᠰᠠᠭᠤᠷᠢ ᠶᠢ ᠪᠠᠲᠤᠳᠬᠠᠬᠤ ᠳᠡᠭᠡᠷ᠎ᠡ ᠦᠨᠡᠨᠬᠦ ᠭᠦᠴᠤ ᠪᠠᠨ ᠲᠠᠯᠪᠢᠬᠤ ᠬᠡᠷᠡᠭᠲᠠᠢ
ᠨᠡᠶᠢᠲᠡᠯᠡᠭᠰᠡᠨ ᠴᠠᠭ᠄
2019/2/20
                   ᠶᠠᠳᠠᠭᠤ ᠶᠢ ᠳᠡᠳᠬᠦᠬᠦ ᠠᠵᠢᠯ ᠳᠡᠭᠡᠷ᠎ᠡ ᠣᠳᠣ ᠶᠢᠨ ︿ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ﹀ ᠪᠠᠷᠢᠮᠵᠢᠶ᠎ᠠ᠂ ᠳᠠᠷᠤᠢ ᠢᠳᠡᠬᠦ ᠵᠣᠪᠠᠭ᠋ᠤ ᠦᠭᠡᠢ᠂ ᠡᠮᠤᠰᠬᠦ ᠵᠣᠪᠠᠭ᠋ᠤ ᠦᠭᠡᠢ᠂ ᠠᠯᠪᠠᠨ ᠵᠢᠷᠤᠮ ᠤᠨ ᠰᠤᠷᠭᠠᠨ ᠬᠦᠮᠤᠵᠢᠯ᠂ ᠦᠨᠳᠤᠰᠤᠨ ᠡᠮ ᠡᠮᠨᠡᠯᠭᠡ᠂ ᠣᠷᠣᠨ ᠰᠠᠭᠤᠴᠠ ᠶᠢᠨ ᠪᠠᠲᠤᠯᠠᠭ᠎ᠠ ᠲᠠᠢ ᠪᠠᠶᠢᠬᠤ ᠶᠢ ᠪᠠᠷᠢᠮᠲᠠᠯᠠᠬᠤ ᠬᠡᠷᠡᠭᠲᠠᠢ᠃ ᠡᠨᠡᠬᠦ ᠰᠠᠭᠤᠷᠢᠨ ᠳᠡᠭᠡᠷ᠎ᠡ᠂ ᠶᠠᠳᠠᠭᠤ ᠶᠢ ᠳᠡᠳᠬᠦᠬᠦ ᠠᠵᠢᠯ ᠤᠨ ᠶᠠᠰᠤ ᠴᠢᠨᠠᠷ ᠪᠠ ᠰᠠᠭᠤᠷᠢ ᠶᠢ ᠪᠠᠲᠤᠳᠬᠠᠬᠤ ᠳᠡᠭᠡᠷ᠎ᠡ ᠦᠨᠡᠨᠬᠦ ᠭᠦᠴᠤ ᠪᠠᠨ ᠲᠠᠯᠪᠢᠬᠤ ᠬᠡᠷᠡᠭᠲᠠᠢ ᠭᠡᠵᠤ ᠯᠢ ᠺᠧ ᠴᠢᠶᠠᠩ ᠶᠡᠷᠤᠩᠬᠡᠢ ᠰᠠᠶᠢᠳ 2 ᠳ᠋ᠤᠭᠠᠷ ᠰᠠᠷ᠎ᠠ ᠶᠢᠨ 11 ᠤ ᠡᠳᠤᠷ ᠤᠨ ᠲᠦᠷᠤ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠳᠡᠭᠡᠷ᠎ᠡ ᠬᠡᠯᠡᠪᠡ᠃      ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠬᠠᠷᠢᠭᠤ ᠮᠡᠳᠡᠭᠦᠯᠵᠤ᠂ ᠨᠢᠳᠣᠨᠣᠨ ᠵᠢᠯ ᠪᠠᠰᠠ 1386 ᠲᠦᠮᠡᠨ ᠬᠦᠮᠤᠨ ᠶᠠᠳᠠᠭᠤ ᠠᠴᠠ ᠠᠩᠬᠢᠵᠢᠷᠠᠭᠰᠠᠨ ᠪᠠᠶᠢᠪᠠ᠃      ᠯᠢ ᠺᠧ ᠴᠢᠶᠠᠩ ᠠᠴᠠ 2020 ᠣᠨ ᠪᠣᠯᠬᠤ ᠳᠤ ᠮᠠᠨ ᠤ ᠤᠯᠤᠰ ᠣᠳᠣ ᠶᠢᠨ ᠪᠠᠷᠢᠮᠵᠢᠶ᠎ᠠ ᠪᠠᠷ ᠬᠦᠳᠡᠭᠡ ᠳᠤᠰᠬᠤᠨ ᠤ ᠶᠠᠳᠠᠭᠤ ᠬᠦᠴᠢᠷᠳᠡᠯ ᠲᠠᠢ ᠬᠦᠮᠤᠰ ᠶᠠᠳᠠᠭᠤ ᠠᠴᠠ ᠠᠩᠬᠢᠵᠢᠷᠠᠵᠤ᠂ ᠶᠠᠳᠠᠭᠤ ᠬᠦᠴᠢᠷᠲᠡᠯ ᠲᠠᠢ ᠰᠢᠶᠡᠨ ᠪᠦᠬᠦᠨ ᠶᠠᠳᠠᠭᠤ ᠬᠦᠴᠢᠷᠲᠡᠯ ᠲᠠᠢ ᠰᠢᠶᠡᠨ ᠬᠡᠬᠦ ᠮᠠᠯᠠᠭᠠᠢ ᠪᠠᠨ ᠠᠪᠴᠤ ᠬᠠᠶᠠᠬᠤ ᠬᠡᠷᠡᠭᠲᠠᠢ᠃ ᠣᠷᠣᠨ ᠪᠦᠰᠡ ᠶᠢᠨ ᠴᠢᠨᠠᠷᠲᠠᠢ ᠪᠦᠬᠦᠯᠢ ᠴᠣᠭᠴᠠ ᠶᠢᠨ ᠶᠠᠳᠠᠭᠤ ᠬᠦᠴᠢᠷᠳᠡᠯ ᠢ ᠰᠢᠢᠳᠪᠤᠷᠢᠯᠡᠬᠦ ᠶᠠᠪᠤᠳᠠᠯ ᠪᠤᠯ ᠨᠠᠮ ᠪᠠ ᠲᠦᠷᠤ ᠶᠢᠨ ᠨᠡᠶᠢᠬᠡᠮ ᠳᠠᠶᠠᠭᠠᠷ ᠲᠤ ᠠᠮᠠᠯᠳᠤᠭᠰᠠᠨ ᠲᠦᠪ ᠴᠢᠩᠭ᠎ᠠ ᠠᠮᠠᠯᠠᠯᠲᠠ ᠪᠣᠯᠬᠤ ᠶᠤᠮ᠃ ᠡᠯ᠎ᠡ ᠱᠠᠲᠤᠨ ᠤ ᠵᠠᠰᠠᠭ ᠤᠨ ᠤᠷᠳᠤᠨ ᠡᠷᠬᠡᠪᠰᠢ ᠡᠯ᠎ᠡ ᠲᠦᠷᠣᠯ ᠤᠨ ᠠᠵᠢᠯ ᠢᠶᠠᠨ ᠴᠢᠩᠭ᠎ᠠ ᠠᠳᠬᠤᠨ ᠰᠠᠶᠢᠲᠤᠷ ᠪᠣᠳᠠᠲᠠᠶᠢᠵᠢᠭᠤᠯᠵᠤ᠂ ᠡᠨᠡ ᠵᠢᠯ  ᠤᠨ ᠶᠠᠳᠠᠭᠤ ᠠᠴᠠ ᠠᠩᠬᠢᠵᠢᠷᠠᠭᠤᠯᠬᠤ ᠡᠭᠦᠷᠭᠡ ᠪᠠᠨ ᠪᠠᠲᠤᠲᠠᠢ ᠪᠡᠶᠡᠯᠡᠭᠦᠯᠤᠨ᠂ ᠶᠠᠳᠠᠭᠤ ᠠᠴᠠ ᠠᠩᠬᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠠᠢ᠃      ᠳᠤᠰ ᠡᠳᠤᠷ ᠤᠨ ᠬᠤᠷᠠᠯ ᠳᠡᠭᠡᠷ᠎ᠡ ᠡᠨᠡ ᠵᠢᠯ ᠶᠠᠳᠠᠭᠤ ᠬᠦᠴᠢᠷᠳᠡᠯ ᠲᠠᠢ ᠭᠠᠵᠠᠷ ᠣᠷᠣᠨ ᠢ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠨᠡᠩ ᠭᠦᠨᠵᠡᠭᠡᠶᠢᠷᠡᠭᠦᠯᠤᠨ ᠠᠳᠬᠤᠵᠤ᠂ ᠲᠦᠪ ᠤᠨ ᠡᠳ᠋ ᠤᠨ ᠵᠠᠰᠠᠭ ᠤᠨ ᠰᠢᠨ᠎ᠡ ᠪᠠᠷ ᠨᠡᠮᠡᠭᠳᠡᠭᠦᠯᠤᠭ᠍ᠰᠡᠨ ᠶᠠᠳᠠᠭᠤ ᠶᠢ ᠳᠡᠳᠬᠦᠬᠦ ᠪᠡᠯᠡ ᠮᠦᠩᠭᠦ ᠶᠢ ᠡᠳᠡᠭᠡᠷ ᠭᠠᠵᠠᠷ ᠣᠷᠣᠨ ᠳᠤ ᠵᠠᠷᠤᠵᠤ᠂ 《ᠠᠷᠪᠠᠨ ᠭᠤᠷᠪᠠᠳᠤᠭᠠᠷ ᠲᠠᠪᠤᠨ ᠵᠢᠯ 》 ᠤᠨ ᠲᠦᠯᠣᠪᠵᠢᠭᠦᠯᠭᠡ ᠶᠢ ᠪᠡᠶᠡᠯᠡᠭᠦᠯᠬᠦ ᠳᠤ ᠶᠠᠳᠠᠭᠤ ᠬᠦᠴᠢᠷᠳᠡᠯ ᠲᠠᠢ ᠭᠠᠵᠠᠷ ᠣᠷᠣᠨ ᠤ ᠳᠤᠲᠠᠭᠤᠳᠠᠯ ᠢ ᠨᠦᠬᠦᠪᠤᠷᠢᠯᠠᠬᠤ ᠲᠦᠷᠣᠯ ᠵᠦᠢᠯ ᠢ ᠤᠷᠢᠳ ᠢᠶᠠᠷ ᠬᠡᠷᠡᠭᠵᠢᠭᠦᠯᠵᠤ᠂ ᠶᠠᠳᠠᠭᠤ ᠶᠢ ᠳᠡᠳᠬᠦᠬᠦ ᠬᠠᠮᠵᠢᠯᠴᠠᠭᠠᠨ ᠪᠠ ᠴᠢᠭ ᠳᠣᠭᠲᠠᠭᠠᠨ ᠶᠠᠳᠠᠭᠤ ᠶᠢ ᠳᠡᠳᠬᠦᠬᠦ ᠠᠵᠢᠯ ᠢᠶᠠᠨ ᠤᠯᠠᠮ ᠴᠢᠩᠭᠠᠳᠬᠠᠨ᠂ ᠣᠳᠣ ᠶᠢᠨ ᠪᠠᠷᠢᠮᠵᠢᠶ᠎ᠠ ᠪᠠᠨ ᠪᠠᠷᠢᠮᠲᠠᠯᠠᠡ ᠶᠠᠳᠠᠭᠤ ᠶᠢ ᠳᠡᠳᠬᠦᠬᠦ ᠶᠠᠰᠤ ᠴᠢᠨᠠᠷ ᠢᠶᠠᠨ ᠳᠡᠭᠡᠭᠰᠢᠯᠡᠭᠦᠯᠵᠤ᠂ ᠶᠠᠳᠠᠭᠤ ᠬᠦᠴᠢᠷᠳᠡᠯ ᠲᠠᠢ ᠬᠦᠮᠤᠨ ᠠᠮᠠ ᠶᠢᠨ 《ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ》 ᠳᠤ ᠣᠷᠣᠰᠢᠵᠤ ᠪᠠᠶᠢᠭ᠎ᠠ ᠢ ᠺᠧ ᠴᠢᠶᠠ᠊ ᠠᠰᠠᠭᠤᠳᠠᠯ ᠢ ᠰᠢᠢᠳᠪᠦᠷᠢᠯᠡᠬᠦ ᠬᠡᠷᠡᠭᠲᠠᠢ᠃ ᠰᠢᠪᠲᠤᠯᠤᠯᠲᠠ  ᠶᠢᠨ ᠬᠤᠭᠤᠴᠠᠭᠠᠨ ᠳᠤ ᠶᠠᠳᠠᠭᠤ ᠬᠦᠴᠢᠷᠲᠡᠯ ᠲᠠᠢ ᠮᠠᠯᠠᠭᠠᠢ ᠪᠠᠨ ᠠᠪᠴᠤ ᠬᠠᠶᠠᠭᠰᠠᠨ ᠰᠢᠶᠡᠨ ᠪᠣᠯᠣᠨ ᠶᠠᠳᠠᠭᠤ  ᠠᠴᠠ ᠠᠩᠬᠢᠵᠢᠷᠠᠭᠰᠠᠨ ᠬᠦᠮᠤᠨ ᠠᠮᠠ ᠦᠷᠭᠦᠯᠵᠢᠯᠡᠨ ᠶᠠᠳᠠᠭᠤ ᠶᠢ ᠳᠡᠳᠬᠦᠬᠦ ᠲᠦᠷᠤ ᠶᠢᠨ ᠪᠣᠳᠣᠯᠭ᠎ᠠ ᠶᠢ ᠬᠦᠷᠲᠡᠵᠤ ᠂ ᠳᠠᠬᠢᠨ ᠶᠠᠳᠠᠭᠤ ᠪᠣᠯᠬᠤ ᠪᠠ ᠶᠠᠳᠠᠭᠤ ᠬᠦᠴᠢᠷᠲᠡᠯ ᠲᠠᠢ ᠬᠦᠮᠤᠨ ᠠᠮᠠ ᠰᠢᠨ᠎ᠡ ᠪᠠᠷ ᠡᠭᠦᠰᠪᠡᠯ ᠴᠠᠭ ᠳᠤᠬᠠᠢ ᠳᠤ ᠨᠢ ᠳᠠᠩᠰᠠ ᠺᠠᠷᠲ ᠪᠠᠶᠢᠭᠤᠯᠤᠨ ᠳᠤᠰᠠᠯᠠᠵᠤ᠂ ᠡᠨᠡ ᠵᠢᠯ ᠤᠨ 1000 ᠲᠦᠮᠡᠨ ᠠᠴᠠ ᠳᠡᠭᠡᠭᠰᠢ ᠬᠦᠮᠤᠨ ᠢ ᠶᠠᠳᠠᠭᠤ  ᠠᠴᠠ ᠠᠩᠬᠢᠵᠢᠷᠠᠭᠤᠯᠬᠤ ᠡᠭᠦᠷᠭᠡ ᠪᠠᠨ ᠡᠷᠬᠡᠪᠰᠢ ᠪᠡᠶᠡᠯᠡᠭᠦᠯᠬᠦ ᠬᠡᠷᠡᠭᠲᠠᠢ᠃      《ᠣᠳᠣᠬᠠᠨ ᠤ ᠶᠠᠳᠠᠭᠤ ᠶᠢ ᠳᠡᠳᠬᠦᠬᠦ ᠡᠷᠴᠢᠮ ᠪᠠᠭ᠎ᠠ ᠦᠭᠡᠢ᠂ ᠭᠡᠪᠡᠴᠤ ᠭᠤᠣᠯ ᠨᠢ ᠦᠷ᠎ᠡ ᠠᠰᠢᠭ ᠨᠢ ᠶᠠᠮᠠᠷ ᠭᠡᠰᠡᠨ ᠢ ᠦᠵᠡᠬᠦ ᠳᠤ ᠪᠣᠢ᠃ ᠡᠭᠦᠨ ᠳᠤ ᠡᠷᠬᠡᠪᠰᠢ ᠬᠡᠯᠪᠡᠷᠢ ᠶᠢᠨ ᠦᠵᠡᠯ ᠪᠠ ᠣᠷᠣᠯᠠᠵᠤ ᠦᠩᠭᠡᠯᠡᠬᠦ ᠠᠷᠭ᠎ᠠ ᠪᠠᠷᠢᠯ ᠢ ᠡᠷᠡᠰ ᠬᠤᠷᠢᠭᠯᠠᠬᠤ ᠬᠡᠷᠡᠭᠲᠠᠢ᠃ ᠶᠠᠳᠠᠭᠤ ᠶᠢ ᠳᠡᠳᠬᠦᠬᠦ ᠪᠡᠯᠡ ᠮᠦᠩᠭᠦ ᠶᠢ ᠦᠨᠡᠨᠬᠦ ᠢᠯᠡ ᠳᠣᠲᠣ ᠬᠡᠷᠡᠭᠯᠡᠨ ᠂ ᠮᠦᠩᠭᠦ ᠪᠦᠷᠢ ᠶᠢ ᠣᠨᠢᠨ ᠳᠡᠭᠡᠷ᠎ᠡ ᠨᠢ ᠵᠠᠷᠤᠴᠠᠭᠤᠯᠬᠤ ᠬᠡᠷᠡᠭᠲᠠᠢ》 ᠭᠡᠵᠤ ᠶᠡᠷᠤᠩᠬᠡᠢ ᠰᠠᠶᠢᠳ ᠯᠩ ᠬᠡᠯᠡᠪᠡ᠃

 
ᠢᠷᠡᠯᠲᠡ᠄ ᠠᠷᠠᠳ ᠤᠨ ᠶᠠᠪᠣᠳᠠᠯ ᠤᠨ ᠲᠢᠩᠭᠢᠮ ᠤᠨ ᠬᠢᠳᠡᠳ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号