ᠪᠦᠭᠦᠳᠡ ᠨᠠᠶᠢᠷᠠᠮᠳᠠᠬᠤ ᠲᠣᠮᠳᠠᠳᠣ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ 2020 ᠣᠨ ᠤ ᠲᠣᠮᠳᠠᠳᠣ ᠤᠯᠤᠰ ᠤᠨ ᠣᠯᠠᠨ ᠤᠯᠤᠰ ᠤᠨ ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ ᠤ ᠪᠦᠬᠦ ᠪᠦᠮᠪᠦᠷᠴᠡᠭ ᠤᠨ ᠦᠢᠯᠡᠴᠢᠯᠡᠭᠡᠨ ᠤ ᠠᠷᠠᠯᠵᠢᠶᠠᠨ ᠤ ᠲᠦᠷᠦᠭᠦᠴᠦᠳ ᠤᠨ ᠬᠤᠷᠠᠯ ᠲᠡᠭᠡᠷᠡᠬᠢ ᠪᠠᠶᠠᠷ ᠤᠨ ᠦᠭᠡ ᠳᠤ ᠪᠠᠨ ᠲᠤᠷᠠᠳᠤᠭᠰᠠᠨ 3 ᠰᠠᠨᠠᠭᠠᠴᠢᠯᠠᠭ᠎ᠠ᠄
ᠨᠡᠶᠢᠲᠡᠯᠡᠭᠰᠡᠨ ᠴᠠᠭ᠄
2020/10/16
 ᠨᠢᠭᠡᠳᠦᠭᠡᠷ ᠲᠤ᠂ ᠨᠡᠭᠡᠬᠡᠯᠳᠡᠳᠠᠢ ᠪᠠᠭᠳᠠᠭᠠᠮᠵᠢᠳᠠᠢ ᠬᠠᠮᠳᠤᠷᠠᠯᠴᠠᠭᠠᠨ ᠤ ᠣᠷᠴᠢᠨ ᠲᠤᠭᠤᠷᠢᠨ ᠢ ᠬᠠᠮᠳᠤ ᠪᠠᠷ ᠴᠤᠭᠴᠠᠯᠠᠨ ᠪᠠᠶᠢᠭᠤᠯᠤᠶ᠎ᠠ᠃ ᠬᠦᠮᠦᠨ ᠲᠦᠷᠦᠯᠬᠢᠳᠡᠨ ᠤ ᠨᠡᠶᠢᠭᠡᠮ ᠤᠨ ᠬᠦᠭᠵᠢᠯᠳᠡ ᠶᠢᠨ ᠲᠡᠦᠬᠡ ᠶᠢ ᠡᠷᠭᠢᠴᠡᠭᠦᠯᠬᠦ  ᠳᠤ᠂ ᠲᠡᠯᠡᠬᠡᠢ ᠶᠢᠨ ᠠᠵᠦ ᠠᠬᠤᠢ ᠶᠢ ᠴᠢᠯᠦᠭᠡᠳᠠᠢ ᠪᠣᠯᠭᠠᠪᠠᠰᠦ ᠮᠠᠨᠳᠤᠵᠦ᠂ ᠪᠢᠳᠡᠭᠦᠮᠵᠢᠯᠡᠪᠡᠰᠦ ᠣᠷᠣᠭᠤᠳᠠᠨ᠎ᠠ᠃ ᠦᠢᠯᠡᠴᠢᠯᠡᠭᠡᠨ ᠤ ᠦᠢᠯᠡᠰ ᠨᠢ ᠲᠡᠭᠦᠨ ᠤ ᠣᠨᠴᠠ ᠪᠠᠶᠢᠳᠠᠭ ᠬᠦᠩᠭᠡᠨ ᠬᠦᠷᠦᠩᠭᠡ᠂ ᠵᠦᠭᠡᠯᠡᠨ ᠡᠯᠧᠮᠧᠨ᠋ᠲ ᠵᠡᠷᠭᠡ ᠣᠨᠴᠠᠯᠢᠭ ᠠᠴᠠ ᠪᠠᠨ ᠪᠣᠯᠵᠦ ᠨᠡᠭᠡᠬᠡᠯᠳᠡᠳᠠᠢ᠂ ᠢᠯᠡᠴᠡ ᠲᠠᠢ᠂ ᠪᠠᠭᠳᠠᠭᠠᠮᠵᠢᠳᠠᠢ᠂ ᠭᠠᠳᠠᠭᠤᠷᠴᠢᠯᠠᠬᠤ ᠪᠣᠰᠣ ᠠᠵᠢᠯ ᠲᠦᠷᠦᠯ ᠤᠨ ᠬᠦᠭᠵᠢᠯᠳᠡ ᠶᠢᠨ ᠠᠮᠢ ᠠᠬᠤᠢ ᠶᠢ ᠨᠡᠩ ᠴᠢᠬᠤᠯᠠᠴᠢᠯᠠᠵᠦ᠂ ᠡᠯ᠎ᠡ ᠤᠯᠤᠰ ᠤᠨ ᠬᠢᠨ ᠡᠯᠧᠮᠧᠨ᠋ᠲ ᠤᠨ ᠰᠢᠯᠵᠢᠬᠦ ᠶᠢ ᠬᠢᠵᠠᠭᠠᠷᠯᠠᠵᠦ ᠪᠠᠶᠢᠭ᠎ᠠ ︽ᠬᠢᠯᠢ ᠲᠡᠭᠡᠷᠡᠬᠢ︾ ᠪᠠ ︽ᠬᠢᠯᠢ ᠶᠢᠨ ᠲᠠᠷᠠᠭᠠᠬᠢ︾ ᠬᠤᠷᠢᠭ᠎ᠠ ᠪᠣᠭᠤᠮᠳᠠ ᠶᠢ ᠴᠢᠷᠮᠠᠶᠢᠨ ᠠᠷᠢᠯᠭᠠᠵᠦ᠂ ᠬᠢᠯᠢ ᠠᠯᠤᠰᠯᠠᠨ ᠬᠤᠯᠪᠣᠯᠴᠠᠨ ᠨᠡᠪᠳᠡᠷᠡᠯᠴᠡᠬᠦ ᠶᠢ ᠴᠢᠬᠤᠯᠠᠴᠢᠯᠠᠳᠠᠭ᠃ ᠲᠣᠮᠳᠠᠳᠣ ᠤᠯᠤᠰ ᠡᠷᠡᠰ ᠭᠤᠶᠢᠪᠢᠰᠢ ᠦᠭᠡᠢ ᠪᠠᠷ ᠭᠠᠳᠠᠭᠠᠳᠣ ᠨᠡᠭᠡᠬᠡᠯᠳᠡ ᠶᠢ ᠦᠷᠭᠡᠳᠬᠡᠵᠦ᠂ ᠬᠢᠯᠢ ᠠᠯᠤᠰᠯᠠᠭᠰᠠᠨ ᠦᠢᠯᠡᠴᠢᠯᠡᠭᠡᠨ ᠤ ᠠᠷᠠᠯᠵᠢᠶ᠎ᠠ ᠶᠢᠨ ᠨᠠᠵᠠᠭᠠᠢ ᠨᠠᠷᠢᠨ ᠲᠠᠩᠰᠠ ᠶᠢᠨ ᠬᠠᠮᠢᠶᠠᠷᠤᠯᠳᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠦᠢᠯᠡᠴᠢᠯᠡᠭᠡᠨ ᠤ ᠠᠷᠠᠯᠵᠢᠶᠠᠨ ᠤ ᠰᠢᠨ᠎ᠡ ᠶᠢ ᠡᠭᠦᠳᠬᠦ ᠬᠦᠭᠵᠢᠯᠳᠡ ᠶᠢᠨ ᠲᠤᠷᠰᠢᠯᠳᠠ ᠶᠢᠨ ᠨᠡᠭᠡᠬᠡᠯᠳᠡᠳᠦ ᠲᠠᠪᠴᠠᠩ ᠤᠨ ᠪᠠᠶᠢᠭᠤᠯᠤᠯᠳᠠ ᠶᠢ ᠠᠬᠢᠭᠤᠯᠵᠦ᠂ ᠦᠢᠯᠡᠴᠢᠯᠡᠭᠡᠨ ᠤ ᠦᠢᠯᠡᠰ ᠤᠨ ᠵᠠᠬ᠎ᠠ ᠲᠡᠯᠭᠡᠭᠦᠷ ᠲᠤ ᠣᠷᠣᠬᠤ ᠶᠢ ᠵᠦᠪᠰᠢᠶᠡᠷᠡᠬᠦ ᠶᠢ ᠦᠷᠭᠦᠯᠵᠢᠯᠡᠨ ᠠᠭᠤᠵᠢᠮ ᠪᠣᠯᠭᠠᠵᠦ᠂ ᠰᠢᠯᠢᠳᠡᠭ ᠦᠢᠯᠡᠴᠢᠯᠡᠭᠡᠨ ᠤ ᠭᠠᠳᠠᠭᠠᠳᠤ ᠣᠷᠣᠭᠤᠯᠣᠯᠳᠠ ᠶᠢ ᠰᠠᠨᠠᠭᠠᠴᠢᠯᠠᠭ᠎ᠠ ᠠᠴᠠ ᠪᠠᠨ ᠦᠷᠭᠡᠳᠭᠡᠨ᠎ᠡ᠃ ᠲᠣᠮᠳᠠᠳᠣ ᠤᠯᠤᠰ ᠦᠢᠯᠡᠴᠢᠯᠡᠭᠡᠨ ᠤ ᠠᠷᠠᠯᠵᠢᠶᠠᠨ ᠤ ᠬᠦᠭᠵᠢᠯᠳᠡ ᠶᠢᠨ ᠪᠣᠳᠠᠳᠣ ᠬᠡᠷᠡᠭᠴᠡᠭᠡ ᠶᠢ ᠢᠳᠡᠪᠬᠢᠳᠠᠢ ᠡᠶᠡᠳᠡᠨ ᠲᠠᠭᠠᠵᠦ᠂ ᠣᠯᠠᠨ ᠲᠠᠯ᠎ᠠ ᠶᠢᠨ᠂ ᠣᠷᠣᠨ ᠪᠦᠰᠡ ᠶᠢᠨ ᠵᠡᠷᠭᠡ ᠲᠠᠪᠬᠤᠷᠭ᠎ᠠ ᠶᠢᠨ ᠦᠢᠯᠡᠴᠢᠯᠡᠭᠡᠨ ᠤ ᠲᠦᠷᠢᠮ ᠤᠨ ᠵᠣᠬᠢᠴᠠᠭᠤᠯᠭ᠎ᠠ ᠶᠢ ᠠᠬᠢᠭᠤᠯᠵᠦ᠂ ᠪᠦᠬᠦ ᠪᠦᠮᠪᠦᠷᠴᠡᠭ ᠤᠨ ᠠᠵᠦ ᠠᠬᠤᠢ ᠶᠢᠨ ᠵᠠᠰᠠᠯᠳᠠ ᠶᠢ ᠲᠠᠰᠤᠷᠠᠯ ᠦᠭᠡᠢ ᠲᠡᠭᠦᠯᠳᠡᠷᠵᠢᠭᠦᠯᠵᠦ᠂ ᠲᠡᠯᠡᠬᠡᠢ ᠶᠢᠨ ᠠᠵᠦ ᠠᠬᠤᠢ ᠶᠢᠨ ᠪᠠᠭᠳᠠᠭᠠᠮᠵᠢᠳᠦ ᠴᠢᠨᠠᠷᠳᠠᠢ ᠨᠡᠮᠡᠭᠳᠡᠯ ᠢ ᠠᠬᠢᠭᠤᠯᠤᠨ᠎ᠠ᠃  ᠬᠤᠶᠠᠳᠤᠭᠠᠷ ᠲᠤ᠂ ᠰᠢᠨ᠎ᠡ ᠶᠢ ᠡᠭᠦᠳᠬᠦ ᠪᠠᠷ ᠬᠦᠳᠦᠯᠦᠨ ᠲᠠᠭᠠᠭᠤᠯᠤᠭᠰᠠᠨ ᠬᠠᠮᠳᠤᠷᠠᠯᠴᠠᠭᠠᠨ ᠤ ᠬᠦᠳᠡᠯᠭᠡᠬᠦ ᠡᠨᠧᠷᠭᠢ ᠶᠢ ᠬᠠᠮᠳᠤ ᠪᠠᠷ ᠠᠮᠢᠯᠠᠭᠤᠯᠤᠶ᠎ᠠ᠃ ᠪᠢᠳᠡ ᠲᠣᠭᠠᠴᠢᠯᠠᠭᠰᠠᠨ᠂ ᠰᠦᠯᠵᠢᠶᠡᠵᠢᠭᠰᠡᠨ᠂ ᠤᠶᠤᠨᠴᠢᠯᠠᠭᠰᠠᠨ ᠬᠦᠭᠵᠢᠯᠳᠡ ᠶᠢᠨ ᠬᠠᠨᠳᠤᠰᠢ ᠯᠤᠭ᠎ᠠ ᠵᠣᠬᠢᠴᠠᠵᠦ᠂ ︽ᠲᠤᠭᠠᠨ ᠤ ᠤᠨᠠᠭᠤᠯᠢ︾ ᠶᠢ ᠠᠷᠢᠯᠭᠠᠬᠤ ᠪᠠᠷ ᠬᠠᠮᠳᠣ ᠪᠠᠷ ᠬᠦᠴᠦᠯᠡᠨ᠂ ᠦᠢᠯᠡᠴᠢᠯᠡᠭᠡᠨ ᠤ ᠠᠷᠠᠯᠵᠢᠶᠠᠨ ᠤ ᠲᠣᠭᠠᠴᠢᠯᠠᠯᠳᠠ ᠶᠢᠨ ᠠᠬᠢᠴᠠ ᠶᠢ ᠠᠬᠢᠭᠤᠯᠤᠶ᠎ᠠ᠃ ᠲᠣᠮᠳᠠᠳᠣ ᠤᠯᠤᠰ ᠣᠨᠴᠠᠯᠢᠭᠳᠦ ᠦᠢᠯᠡᠴᠢᠯᠡᠭᠡᠨ ᠤ ᠭᠠᠳᠠᠭᠠᠳᠤ ᠳᠤ ᠭᠠᠷᠭᠠᠬᠤ ᠰᠠᠭᠤᠷᠢᠨ ᠢᠶᠠᠨ ᠦᠷᠭᠡᠳᠭᠡᠵᠦ᠂ ᠦᠢᠯᠡᠴᠢᠯᠡᠭᠡᠨ ᠤ ᠠᠷᠠᠯᠵᠢᠶᠠᠨ ᠤ ᠰᠢᠨ᠎ᠡ ᠡᠵᠡᠩᠨᠡᠯᠳᠡ ᠶᠢᠨ ᠬᠡᠯᠪᠡᠷᠢ ᠰᠢᠨ᠎ᠡ ᠬᠡᠪ ᠵᠠᠭᠪᠦᠷ ᠢ ᠬᠦᠭᠵᠢᠭᠦᠯᠦᠨ᠎ᠡ᠃ ᠲᠣᠮᠳᠠᠳᠣ ᠤᠯᠤᠰ ᠲᠤᠷᠠᠳᠠᠶ᠎ᠠ ᠡᠯ᠎ᠡ ᠤᠯᠤᠰ ᠲᠠᠢ ᠬᠠᠮᠳᠤ ᠪᠠᠷ᠂ ᠬᠤᠷᠸ᠎ᠠ ᠲᠦᠷᠦ ᠶᠢᠨ ᠪᠣᠳᠣᠯᠭ᠎ᠠ ᠶᠢᠨ ᠵᠣᠬᠢᠴᠠᠭᠤᠯᠭ᠎ᠠ ᠪᠠᠨ ᠴᠢᠩᠭᠠᠳᠬᠠᠵᠦ᠂ ᠲᠣᠭᠠᠴᠢᠯᠠᠭᠰᠠᠨ ᠬᠦᠷᠢᠶᠡᠨ ᠤ ᠣᠯᠠᠨ ᠤᠯᠤᠰ ᠤᠨ ᠬᠠᠮᠳᠤᠷᠠᠯᠴᠠᠭ᠎ᠠ ᠶᠢ ᠲᠦᠷᠭᠡᠳᠭᠡᠨ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠠᠮᠠᠭᠠᠯᠠᠯᠳᠠ ᠶᠢ ᠴᠢᠩᠭᠠᠳᠬᠠᠵᠦ᠂ ᠲᠣᠭᠠᠴᠢᠯᠠᠭᠰᠠᠨ ᠠᠵᠦ ᠠᠬᠤᠢ᠂ ᠬᠠᠮᠳᠣ ᠪᠠᠷ ᠡᠳ᠋ᠯᠡᠬᠦ ᠠᠵᠦ ᠠᠬᠤᠢ ᠶᠢᠨ ᠦᠷᠨᠢᠨ ᠬᠦᠭᠵᠢᠬᠦ ᠶᠢ ᠢᠳᠡᠪᠬᠢᠳᠠᠢ ᠠᠬᠢᠭᠤᠯᠤᠨ᠂ ᠲᠡᠯᠡᠬᠡᠢ ᠶᠢᠨ ᠠᠵᠦ ᠠᠬᠤᠢ ᠶᠢᠨ ᠠᠮᠢᠵᠢᠷᠠᠯ ᠤᠨ ᠬᠦᠴᠦᠨ ᠢ ᠲᠠᠰᠤᠷᠠᠯ ᠦᠭᠡᠢ ᠪᠠᠳᠠᠷᠠᠭᠤᠯᠬᠤ ᠶᠢ ᠠᠬᠢᠭᠤᠯᠤᠨ᠎ᠠ᠃  ᠭᠤᠷᠪᠠᠳᠤᠭᠠᠷ ᠲᠤ᠂ ᠬᠠᠷᠢᠯᠴᠠᠨ ᠠᠰᠢᠭᠳᠠᠢ ᠬᠠᠮᠳᠤ ᠪᠠᠷ ᠠᠰᠢᠭ ᠬᠦᠷᠳᠡᠬᠦ ᠬᠠᠮᠳᠤᠷᠠᠯᠴᠠᠭᠠᠨ ᠤ ᠪᠠᠶᠢᠳᠠᠯ ᠢ ᠬᠠᠮᠳᠤ ᠪᠠᠷ ᠨᠡᠭᠡᠬᠡᠶ᠎ᠡ᠃ ᠠᠵᠦ ᠠᠬᠤᠢ ᠶᠢᠨ ᠲᠡᠯᠡᠬᠡᠶᠢᠵᠢᠯᠳᠠ ᠶᠢᠨ ᠠᠬᠤᠢ ᠪᠠᠶᠢᠳᠠᠯ ᠲᠣᠣᠷ᠎ᠠ᠂ ᠡᠯ᠎ᠡ ᠤᠯᠤᠰ ᠤᠨ ᠠᠵᠦ ᠠᠬᠤᠢ ᠬᠠᠷᠢᠯᠴᠠᠨ ᠲᠦᠰᠢᠭᠯᠡᠯᠴᠡᠨ ᠣᠷᠣᠰᠢᠵᠦ᠂ ᠠᠰᠢᠭ ᠲᠤᠰᠠ ᠶᠢᠨ ᠠᠭᠤᠰᠤᠯᠴᠠᠯ ᠣᠷᠢᠳ ᠡᠮᠦᠨ᠎ᠡ ᠪᠠᠶᠢᠭ᠎ᠠ ᠦᠭᠡᠢ ᠪᠠᠶᠢᠵᠦ᠂ ᠦᠨᠡᠨᠴᠢ ᠪᠠᠷ ᠬᠠᠨᠳᠤᠬᠤ᠂ ᠲᠦᠭᠡᠮᠡᠯ ᠠᠰᠢᠭ ᠬᠦᠷᠳᠡᠭᠡᠵᠦ ᠬᠠᠮᠳᠤ ᠪᠠᠷ ᠡᠳ᠋ᠯᠡᠬᠦ ᠪᠣᠯ ᠦᠨᠳᠦᠰᠦᠨ ᠠᠷᠭ᠎ᠠ ᠪᠣᠳᠣᠯᠭ᠎ᠠ ᠪᠣᠯᠣᠨ᠎ᠠ᠃ ᠡᠯ᠎ᠡ ᠤᠯᠤᠰ ᠤᠨ ᠬᠢᠨ ᠦᠢᠯᠡᠴᠢᠯᠡᠭᠡᠨ ᠤ ᠠᠷᠠᠯᠵᠢᠶ᠎ᠠ ᠶᠢᠨ ᠬᠦᠭᠵᠢᠯᠳᠡ ᠶᠢᠨ ᠵᠣᠯᠭᠠᠯᠴᠠᠭ᠎ᠠ ᠪᠠᠨ ᠴᠢᠩᠭᠠᠳᠬᠠᠵᠦ᠂ ᠬᠠᠮᠳᠤᠷᠠᠯᠴᠠᠭᠠᠨ ᠤ ᠠᠷᠭ᠎ᠠ ᠬᠡᠯᠪᠡᠷᠢ ᠪᠠᠨ ᠰᠢᠨᠡᠴᠢᠯᠡᠨ᠂ ᠬᠠᠮᠳᠤᠷᠠᠯᠴᠠᠭᠠᠨ ᠤ ᠬᠦᠷᠢᠶ᠎ᠡ ᠪᠠᠨ ᠭᠦᠨᠵᠡᠭᠡᠶᠢᠷᠡᠭᠦᠯᠵᠦ᠂ ᠬᠦᠭᠵᠢᠯᠳᠡ ᠶᠢᠨ ᠠᠰᠢᠭ ᠲᠤᠰᠠ ᠶᠢᠨ ᠬᠠᠮᠤᠭ ᠤᠨ ᠶᠡᠭᠡ ᠶᠡᠷᠦᠩᠬᠡᠢ ᠬᠤᠷᠢᠶᠠᠭᠴᠢ ᠲᠤᠭ᠎ᠠ ᠶᠢ ᠢᠳᠡᠪᠬᠢᠳᠠᠢ ᠡᠷᠢᠯᠬᠢᠯᠡᠨ᠂ ︽ᠪᠣᠭᠤᠷᠰᠤᠭ︾ ᠢᠶᠠᠨ ᠲᠠᠰᠤᠷᠠᠯ ᠦᠭᠡᠢ ᠶᠡᠭᠡᠰᠭᠡᠶ᠎ᠡ ᠃ ᠲᠣᠮᠳᠠᠳᠣ ᠤᠯᠤᠰ ᠤᠨ ᠬᠢᠨ ᠲᠣᠮᠳᠠᠳᠣ ᠤᠯᠤᠰ ᠤᠨ ᠣᠯᠠᠨ ᠤᠯᠤᠰ ᠤᠨ ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ᠂ ᠲᠣᠮᠳᠠᠳᠣ ᠤᠯᠤᠰ ᠤᠨ ᠣᠯᠠᠨ ᠤᠯᠤᠰ ᠤᠨ ᠭᠠᠳᠠᠭᠠᠳᠣ ᠣᠷᠣᠭᠤᠯᠣᠯᠳᠠ ᠶᠢᠨ ᠦᠵᠡᠰᠭᠦᠯᠡᠩ ᠤᠨ ᠴᠤᠭᠯᠠᠭᠠᠨ ᠵᠡᠷᠭᠡ ᠡᠯ᠎ᠡ ᠲᠦᠷᠦᠯ ᠤᠨ ᠲᠠᠪᠴᠠᠩ ᠢ ᠭᠦᠢᠴᠡᠳ ᠠᠰᠢᠭᠯᠠᠵᠦ᠂ ᠲᠦᠷᠦ ᠶᠢᠨ ᠪᠣᠳᠣᠯᠭ᠎ᠠ ᠪᠣᠯᠣᠨ ᠲᠤᠷᠰᠢᠯᠭ᠎ᠠ ᠶᠢᠨ ᠰᠣᠯᠢᠯᠴᠠᠭ᠎ᠠ ᠦᠷᠨᠢᠭᠦᠯᠬᠦ ᠶᠢ ᠠᠬᠢᠭᠤᠯᠤᠨ᠂ ᠵᠠᠰᠠᠭ ᠤᠨ ᠣᠷᠳᠣᠨ ᠤ ᠬᠤᠭᠤᠷᠣᠨᠳᠣᠬᠢ᠂ ᠣᠯᠠᠨ ᠤᠯᠤᠰ ᠤᠨ ᠵᠣᠬᠢᠶᠠᠨ ᠪᠠᠶᠢᠭᠤᠯᠤᠯᠳᠠ᠂ ᠬᠤᠳᠠᠯᠳᠣᠭᠠᠨ ᠤ ᠨᠡᠶᠢᠭᠡᠮᠯᠢᠭ ᠵᠢᠴᠢ ᠠᠵᠦ ᠠᠬᠤᠶᠢᠯᠠᠯ ᠤᠨ ᠬᠤᠭᠤᠷᠣᠨᠳᠣᠬᠢ ᠣᠯᠠᠨ ᠡᠰᠢᠵᠢᠭ᠍ᠰᠡᠨ ᠬᠠᠨᠢᠳᠠᠨ ᠤ ᠬᠠᠷᠢᠯᠴᠠᠭ᠎ᠠ ᠶᠢ ᠪᠠᠶᠢᠭᠤᠯᠤᠨ ᠬᠦᠭᠵᠢᠭᠦᠯᠵᠦ᠂ ᠪᠦᠬᠦ ᠪᠦᠮᠪᠦᠷᠴᠡᠭ ᠤᠨ ᠦᠢᠯᠡᠴᠢᠯᠡᠭᠡᠨ ᠤ ᠠᠷᠠᠯᠵᠢᠶᠠᠨ ᠤ ᠬᠤᠯᠪᠣᠭ᠎ᠠ ᠶᠢ ᠵᠣᠬᠢᠶᠠᠨ ᠪᠠᠶᠢᠭᠤᠯᠬᠤ ᠶᠢ ᠲᠡᠮᠵᠢᠨ᠂ ᠨᠡᠩ ᠣᠯᠠᠨ ᠪᠣᠳᠠᠳᠠᠢ ᠶᠢ ᠡᠷᠬᠢᠮᠯᠡᠭᠰᠡᠨ ᠬᠠᠮᠳᠤᠷᠠᠯᠴᠠᠭᠠᠨ ᠤ ᠦᠷ᠎ᠡ ᠪᠦᠳᠦᠭᠡᠯ ᠢ ᠲᠠᠰᠤᠷᠠᠯ ᠦᠭᠡᠢ ᠪᠦᠷᠢᠯᠳᠦᠭᠦᠯᠵᠦ᠂ ᠡᠯ᠎ᠡ ᠤᠯᠤᠰ ᠤᠨ ᠠᠷᠠᠳ ᠲᠦᠮᠡᠨ ᠳᠤ ᠦᠢᠯᠡᠴᠢᠯᠡᠭᠡᠨ ᠤ ᠠᠷᠠᠯᠵᠢᠶᠠᠨ ᠤ ᠨᠡᠮᠡᠭᠳᠡᠯ ᠤᠨ ᠦᠷ᠎ᠡ ᠪᠦᠳᠦᠭᠡᠯ ᠢ ᠬᠠᠮᠳᠤ  ᠪᠠᠷ ᠡᠳ᠋ᠯᠡᠭᠦᠯᠬᠦ ᠪᠣᠯᠣᠨ᠎ᠠ᠃
 
ᠢᠷᠡᠯᠲᠡ᠄ ᠦᠪᠤᠷ ᠮᠤᠩᠭᠤᠯ ᠤᠨ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号