ᠦᠬᠠᠶ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠯᠣᠲᠲ᠋ᠧᠷᠢ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠪᠠᠷ ᠲᠤᠰᠠᠯᠠᠭᠰᠠᠨ ᠲᠥᠷᠥᠯ ᠵᠦᠢᠯ᠂ ᠠᠷᠠᠳ ᠤᠨ ᠶᠠᠪᠤᠳᠠᠯ ᠤᠨ ᠬᠦᠷᠢᠶᠡᠨ ᠳᠠᠬᠢ ᠶᠠᠳᠠᠭᠤ ᠠᠴᠠ ᠠᠩᠬᠢᠵᠢᠷᠠᠭᠤᠯᠬᠤ ᠪᠣᠭᠤᠮᠲᠠ ᠰᠢᠪᠲᠤᠯᠤᠯᠲᠠ  ᠶᠢᠨ ᠲᠥᠷᠥ  ᠶᠢᠨ ᠪᠣᠳᠣᠯᠭ᠎ᠠ  ᠶᠢᠨ ᠨᠠᠶᠢᠳᠠᠪᠤᠷᠢᠵᠢᠭᠤᠯᠤᠭᠰᠠᠨ ᠪᠠᠶᠢᠳᠠᠯ ᠢ  ᠪᠠᠶᠢᠴᠠᠭᠠᠨ ᠰᠤᠳᠤᠯᠪᠡ
ᠨᠡᠶᠢᠲᠡᠯᠡᠭᠰᠡᠨ ᠴᠠᠭ᠄
2020/10/27
     4 ᠳ᠋ᠤᠭᠡᠷ ᠰᠠᠷ᠎ᠠ ᠶᠢᠨ 15 ᠤ ᠡᠳᠦᠷ ᠠᠴᠠ 16 ᠤ ᠡᠳᠦᠷ ᠪᠣᠯᠲᠠᠯ᠎ᠠ ᠦᠬᠠᠶ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠸᠠᠩ ᠶᠦᠩ ᠯᠢᠶᠠᠩ ᠪᠠᠶᠢᠴᠠᠭᠠᠨ ᠰᠤᠳᠤᠯᠬᠤ ᠳᠤᠭᠤᠶᠢᠯᠠᠩ ᠢᠶᠠᠨ ᠳᠠᠭᠠᠭᠤᠯᠤᠨ᠂ ᠤᠷᠢᠳ ᠬᠤᠵᠢᠳ ᠬᠠᠶᠢᠷᠤᠪ ᠤᠨ ᠲᠣᠬᠤᠶ ᠲᠣᠭᠤᠷᠢᠭ᠂ ᠤᠳᠠ ᠲᠣᠭᠤᠷᠢᠭ ᠲᠤ ᠬᠦᠷᠴᠦ᠂ 2020 ᠣᠨ ᠤ ᠯᠣᠲᠲ᠋ᠧᠷᠢ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠪᠠᠷ ᠳᠤᠰᠠᠯᠠᠭᠰᠠᠨ ᠲᠥᠷᠥᠯ ᠵᠦᠢᠯ ᠤᠨ ᠪᠣᠯᠤᠮᠵᠢᠲᠤ ᠴᠢᠨᠠᠷ᠂ ᠠᠷᠠᠳ ᠤᠨ ᠶᠠᠪᠤᠳᠠᠯ ᠤᠨ ᠬᠦᠷᠢᠶᠡᠨ ᠳᠠᠬᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠲᠥᠷᠥ ᠶᠢᠨ ᠪᠣᠳᠣᠯᠭ᠎ᠠ ᠪᠠᠷ ᠦᠨᠳᠦᠰᠦᠨ ᠵᠦᠢᠯ ᠢ ᠪᠠᠲᠤᠯᠠᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃   ᠪᠠᠶᠢᠴᠠᠭᠠᠨ ᠰᠤᠳᠤᠯᠤᠯᠲᠠ ᠨᠢ ᠬᠠᠶᠢᠷᠤᠪ ᠤᠨ ᠲᠤᠬᠤᠢ ᠲᠣᠭᠤᠷᠢᠭ ᠤᠨ 6 ᠪᠠᠯᠭᠠᠰᠤ ︵ᠵᠡᠭᠡᠯᠢ ᠭᠤᠳᠤᠮᠵᠢ︶ ᠶᠢᠨ 18 ᠨᠡᠶᠢᠭᠡᠮ ᠲᠣᠭᠤᠷᠢᠭ᠂ ᠤᠳᠠ ᠲᠣᠭᠤᠷᠢᠭ ᠤᠨ 9 ᠪᠠᠯᠭᠠᠰᠤ ︵ᠵᠡᠭᠡᠯᠢ ᠭᠤᠳᠤᠮᠵᠢ︶ ᠶᠢᠨ 12 ᠨᠡᠶᠢᠭᠡᠮ ᠲᠣᠭᠤᠷᠢᠭ ᠲᠤ ᠬᠦᠷᠴᠦ  ᠪᠠᠶᠢᠴᠠᠭᠠᠨ ᠰᠤᠷᠪᠤᠯᠵᠢᠯᠠᠭᠰᠠᠨ ᠪᠠᠶᠢᠨ᠎ᠠ᠃ ᠡᠯ᠎ᠡ ᠨᠡᠶᠢᠭᠡᠮ ᠲᠣᠭᠤᠷᠢᠭ ᠤᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠬᠡᠤᠬᠡᠳ ᠤᠨ ᠭᠡᠷ ᠪᠦᠯᠢ᠂ ᠵᠡᠮᠳᠡᠭᠴᠦᠳ ᠢ ᠲᠤᠰᠠᠯᠠᠬᠤ ᠲᠥᠪ᠂ ᠨᠠᠰᠤᠲᠠᠶᠢᠴᠤᠳ ᠢ ᠡᠳᠦᠷ ᠢᠶᠠᠷ ᠬᠠᠷᠠᠭᠠᠯᠵᠠᠬᠤ ᠲᠥᠪ ᠵᠡᠷᠭᠡ ᠲᠦᠷᠣᠯ ᠵᠦᠢᠯ   ᠤᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠴᠢᠨᠠᠷ᠂ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ᠂ ᠪᠠᠷᠢᠯᠭ᠎ᠠ ᠶᠢᠨ ᠠᠬᠢᠴᠠ ᠪᠣᠯᠤᠨ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠨᠠᠷᠢᠨ ᠦᠢᠯᠠᠭᠠᠪᠠ᠃    ᠳᠠᠷᠠᠭ᠎ᠠ ᠨᠢ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠡᠷᠦᠬᠡ ᠳᠤ ᠣᠷᠣᠵᠤ᠂ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠨᠡᠶᠢᠭᠡᠮ ᠤᠨ ᠳᠤᠰᠠᠯᠠᠮᠵᠢ ᠶᠢᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠦᠢᠯᠠᠭᠠᠵᠠᠢ᠃    
 
ᠢᠷᠡᠯᠲᠡ᠄ ᠠᠷᠠᠳ ᠤᠨ ᠶᠠᠪᠤᠳᠠᠯ ᠤᠨ ᠲᠢᠩᠬᠢᠮ ᠤᠨ ᠬᠢᠲᠠᠳ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号