ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠰᠦᠯᠵᠢᠶ᠎ᠡ ᠶᠢᠨ ᠮᠤᠩᠭᠤᠯ ᠭᠡᠯᠡᠨ ᠤ ᠦᠷᠳᠡᠭᠡ ᠶᠢᠨ ᠵᠤᠬᠢᠶᠠᠨ ᠪᠠᠶᠢᠭᠤᠯᠤᠯᠳᠠ
ᠨᠡᠶᠢᠲᠡᠯᠡᠭᠰᠡᠨ ᠴᠠᠭ᠄
2020/11/16
    ᠰᠦᠯᠵᠢᠶᠡᠨ ᠤ ᠦᠷᠳᠡᠬᠡᠨ ᠤ ᠲᠠᠷᠤᠭ᠎ᠠ ︵ᠶᠡᠷᠤᠩᠭᠡᠢ ᠨᠠᠶᠢᠷᠠᠭᠤᠯᠤᠬᠴᠢ︶᠄     ᠬᠠᠷᠢᠭᠤᠴᠠᠯᠭ᠎ᠠ᠄ ᠦᠷᠳᠡᠬᠡᠨ ᠤ ᠲᠠᠷᠤᠭ᠎ᠠ᠂ ᠶᠡᠷᠤᠩᠭᠡᠢ ᠨᠠᠶᠢᠷᠠᠭᠤᠯᠤᠬᠴᠢ ᠰᠦᠯᠵᠢᠶᠡᠨ ᠳᠤ ᠨᠡᠶᠢᠳᠡᠯᠡᠬᠦ ᠪᠦᠳᠦᠬᠡᠯ ᠤᠨ ᠡᠴᠤᠰ ᠤᠨ ᠬᠢᠨᠠᠯᠳᠠ ᠶᠢ ᠰᠠᠶᠢᠳᠤᠷ ᠬᠢᠵᠤ᠂ ᠦᠵᠡᠯ ᠤᠬᠠᠮᠰᠠᠷ ᠤᠨ ᠡᠬᠦᠷᠬᠡ ᠬᠠᠷᠢᠭᠤᠴᠠᠯᠭ᠎ᠠ ᠪᠠᠨ ᠦᠨᠡᠨ ᠬᠦ ᠬᠦᠢᠴᠡᠳᠬᠡᠵᠤ᠂ ᠵᠦᠪ ᠤᠯᠤᠰ ᠲᠦᠷᠤ ᠶᠢᠨ ᠴᠢᠭᠯᠡᠯ᠂ ᠵᠤᠬᠢᠶᠠᠨ ᠪᠦᠳᠦᠬᠡᠯᠬᠡ ᠶᠢᠨ ᠬᠦᠳᠤᠯᠤᠮᠵᠢ ᠪᠠ ᠦᠷᠳᠡᠭ ᠤᠨ ᠬᠠᠨᠳᠤᠰᠢ ᠶᠢ ᠡᠵᠡᠮᠳᠡᠨ᠂ ᠴᠢᠩᠭ᠎ᠠ ᠬᠢᠨᠠᠵᠤ᠂ ᠤᠯᠤᠰ ᠲᠦᠷᠤ ᠶᠢᠨ ᠪᠤᠭᠤᠮᠳᠠ ᠶᠢ ᠴᠢᠩᠭ᠎ᠠ ᠠᠳᠬᠤᠵᠤ᠂ ᠰᠦᠯᠵᠢᠶᠡᠨ ᠳᠤ ᠦᠵᠡᠯ ᠤᠬᠠᠮᠰᠠᠷ ᠤᠨ ᠠᠰᠠᠭᠤᠳᠠᠯ ᠭᠠᠷᠬᠤ ᠦᠬᠡᠢ ᠪᠠᠶᠢᠬᠤ ᠶᠢ ᠦᠨᠡᠨ ᠬᠦ ᠪᠠᠳᠤᠯᠠᠬᠤ ᠬᠡᠷᠡᠭᠳᠡᠢ᠃ ᠭᠤᠤᠯᠳᠠᠯᠭ᠎ᠠ ᠲᠠᠢ ᠪᠦᠳᠦᠬᠡᠯ ᠪᠠ ᠮᠠᠷᠭᠤᠭᠠᠨ ᠲᠠᠢ ᠪᠦᠳᠦᠬᠡᠯ ᠢ ᠬᠢᠨᠠᠮᠠᠭᠠᠢ ᠬᠢᠨᠠᠵᠤ ᠰᠤᠳᠤᠯᠬᠤ ᠬᠡᠷᠡᠭᠳᠡᠢ᠃ ᠡᠴᠤᠰ ᠤᠨ ᠬᠢᠨᠠᠯᠳᠠ ᠬᠢᠬᠦ ᠳᠤ ᠪᠠᠨ ᠠᠵᠢᠯ ᠤᠨ ᠭᠤᠤᠯᠳᠠᠯᠭ᠎ᠠ ᠪᠠᠨ ᠵᠤᠬᠢᠶᠠᠯ ᠪᠦᠳᠦᠬᠡᠯ  ᠤᠨ ᠦᠵᠡᠯ ᠤᠬᠠᠮᠰᠠᠷ ᠤᠨ ᠠᠰᠠᠭᠤᠳᠠᠯ ᠲᠡᠬᠡᠷ᠎ᠡ ᠲᠠᠯᠪᠢᠵᠤ᠂ ᠵᠤᠬᠢᠶᠠᠯ ᠪᠦᠳᠦᠬᠡᠯ ᠤᠨ ᠠᠭᠤᠯᠭ᠎ᠠ ᠦᠵᠡᠯ ᠰᠠᠨᠠᠭ᠎ᠠ  ᠳᠤ ᠦᠵᠡᠯ ᠤᠬᠠᠮᠰᠠᠷ ᠤᠨ ᠠᠰᠠᠭᠤᠳᠠᠯ ᠪᠠᠶᠢᠬᠤ ᠡᠰᠡᠬᠦ ᠶᠢ ᠬᠢᠨᠠᠵᠤ᠂ ᠰᠢᠢᠳᠪᠤᠷᠢᠯᠡᠬᠦ ᠰᠠᠨᠠᠯ ᠢᠶᠠᠨ ᠵᠠᠪᠠᠯ ᠲᠤᠳᠤᠷᠬᠠᠢ ᠪᠢᠴᠢᠬᠦ ᠬᠡᠷᠡᠭᠳᠡᠢ᠃ ᠶᠡᠷᠤᠩᠭᠡᠢ ᠨᠠᠶᠢᠷᠠᠭᠤᠯᠤᠬᠴᠢ ᠪᠤᠯ ᠪᠦᠬᠦ ᠬᠠᠷᠢᠭᠤᠴᠠᠯᠭ᠎ᠠ ᠶᠢ ᠡᠬᠦᠷᠬᠡᠯᠡᠭᠴᠢ ᠨᠢᠬᠡᠳᠤᠬᠡᠷ ᠬᠠᠷᠢᠭᠤᠴᠠᠯᠭᠠᠳᠠᠨ ᠶᠤᠮ᠂ ᠡᠶᠢᠮᠤ ᠠᠴᠠ ᠦᠵᠡᠯ ᠤᠬᠠᠮᠰᠠᠷ ᠤᠨ ᠠᠰᠠᠭᠤᠳᠠᠯ ᠢ ᠤᠯᠵᠤ ᠢᠯᠡᠷᠡᠬᠦᠯᠪᠡᠯ ᠨᠡᠶᠢᠳᠡᠯᠡᠬᠦ ᠶᠢ ᠡᠷᠡᠰ ᠬᠤᠷᠢᠬᠯᠠᠨ ᠲᠡᠷᠨ ᠲᠠᠷᠤᠢ ᠳᠤ ᠨᠢ ᠵᠤᠬᠰᠤᠭᠠᠬᠤ ᠬᠡᠷᠡᠭᠳᠡᠢ᠃     ᠰᠦᠯᠵᠢᠶ᠎ᠡ ᠶᠢᠨ ᠠᠵᠢᠯ ᠢ ᠬᠦᠢᠴᠡᠳᠬᠡᠭᠴᠢ ︵ᠰᠦᠯᠵᠢᠶᠡᠨ ᠤ ᠨᠠᠶᠢᠷᠠᠭᠤᠯᠤᠬᠴᠢ︶     ᠬᠠᠷᠢᠭᠤᠴᠠᠯᠭ᠎ᠠ᠄ ᠰᠦᠯᠵᠢᠶᠡᠨ ᠤ ᠠᠵᠢᠯ ᠢ ᠬᠦᠢᠴᠡᠳᠭᠡᠭᠴᠢ ︵ᠰᠦᠯᠵᠢᠶᠡᠨ ᠤ ᠨᠠᠶᠢᠷᠠᠭᠤᠯᠤᠬᠴᠢ︶ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠰᠦᠯᠵᠢᠶᠡᠨ ᠤ ᠮᠤᠩᠭᠤᠯ ᠬᠡᠯᠡᠨ ᠤ ᠦᠷᠳᠡᠭᠡ ᠶᠢᠨ ᠲᠦᠰᠦᠪᠯᠡᠯ᠂ ᠨᠡᠬᠡᠬᠡᠯᠳᠡ᠂ ᠡᠵᠡᠩᠨᠡᠯᠳᠡ᠂ ᠰᠡᠯᠪᠢᠬᠦ᠂ ᠡᠬᠡ ᠪᠢᠴᠢᠭ ᠢ ᠨᠠᠶᠢᠷᠠᠭᠤᠯᠬᠤ᠂ ᠰᠦᠯᠵᠢᠶᠡᠨ  ᠳᠤ ᠨᠡᠶᠢᠳᠡᠯᠡᠬᠦ ᠬᠠᠮᠢᠶᠠᠷᠤᠯᠳᠠ ᠪᠠ ᠨᠡᠶᠢᠳᠡᠯᠡᠬᠦ ᠪᠠᠷ ᠪᠤᠯᠤᠬᠰᠠᠨ ᠪᠦᠳᠦᠬᠡᠯ ᠤᠨ ᠠᠩᠬᠠᠨ ᠤᠨ ᠬᠢᠨᠠᠯᠳᠠ᠂  ᠬᠤᠶᠠᠳᠡᠬᠢ ᠬᠢᠨᠠᠯᠳᠠ ᠶᠢ ᠬᠢᠨ᠎ᠡ᠃ ᠪᠤᠯᠤᠩ ᠳᠤ ᠨᠡᠶᠢᠴᠡᠭᠰᠡᠨ᠂ ᠠᠷᠠᠳ ᠤᠨ ᠶᠠᠪᠤᠳᠠᠯ ᠤᠨ ᠬᠢᠨ ᠤ ᠤᠨᠴᠠᠯᠢᠭ ᠢ ᠬᠠᠷᠠᠭᠤᠯᠤᠬᠰᠠᠨ᠂ ᠨᠠᠮ ᠤᠨ ᠠᠷᠠᠳ ᠤᠨ ᠠᠮᠢᠳᠤᠷᠠᠯ᠂ ᠠᠷᠠᠳ ᠤᠨ ᠶᠠᠪᠤᠳᠠᠯ ᠤᠨ ᠬᠠᠮᠢᠶ᠎ᠠ ᠪᠦᠬᠦᠢ ᠲᠦᠷᠤ ᠶᠢᠨ ᠪᠤᠳᠤᠯᠭ᠎ᠠ ᠪᠠ ᠤᠬᠠᠭᠤᠯᠬᠤ ᠴᠢᠭᠯᠡᠯᠳᠡ ᠲᠠᠢ ᠨᠡᠶᠢᠴᠡᠭᠰᠡᠨ ᠵᠤᠬᠢᠶᠠᠯ ᠪᠦᠳᠦᠬᠡᠯ ᠢ ᠰᠤᠩᠭᠤᠨ᠎ᠠ᠃ ᠨᠡᠶᠢᠳᠡᠯᠡᠬᠦ ᠪᠠᠷ ᠪᠤᠯᠤᠬᠰᠠᠨ ᠵᠤᠬᠢᠶᠠᠯ ᠤᠨ ᠠᠩᠬᠠᠨ ᠤ ᠬᠢᠨᠠᠯᠳᠠ ᠶᠢ ᠬᠢᠨᠠᠮᠠᠭᠠᠢ ᠬᠢᠵᠤ᠂ ᠬᠤᠶᠠᠳᠡᠬᠢ ᠬᠢᠨᠠᠬᠴᠢ ᠳᠤ ᠲᠡᠪᠰᠢᠬᠦᠯᠬᠦ ᠬᠡᠷᠡᠭᠳᠡᠢ᠃ ᠰᠦᠯᠵᠢᠶᠡᠨ ᠤ ᠲᠠᠷᠬᠠᠬᠤ ᠬᠦᠷᠢᠶ᠎ᠡ ᠬᠡᠪᠴᠢᠶ᠎ᠡ ᠦᠷᠬᠡᠨ᠂ ᠲᠠᠷᠬᠠᠬᠤ ᠨᠢ ᠲᠦᠷᠬᠡᠨ ᠤᠴᠢᠷ ᠠᠴᠠ ᠠᠩᠬ᠎ᠠ ᠬᠢᠨᠠᠬᠤ ᠳᠤ ᠪᠠᠨ ᠨᠡᠶᠢᠳᠡᠯᠡᠬᠦ ᠪᠠᠷ ᠪᠤᠯᠤᠬᠰᠠᠨ ᠵᠤᠬᠢᠶᠠᠯ ᠤᠨ ᠢᠶᠠᠨ ᠦᠵᠡᠯ ᠤᠬᠠᠮᠰᠠᠷ ᠤᠨ ᠠᠰᠠᠭᠤᠳᠠᠯ ᠢ ᠴᠢᠩᠭ᠎ᠠ ᠬᠢᠨᠠᠬᠤ ᠬᠡᠷᠡᠭᠳᠡᠢ᠃ ᠡᠷᠡᠬᠡᠯᠵᠡᠭᠡ ᠲᠠᠢ ᠠᠭᠤᠯᠭ᠎ᠠ ᠲᠤᠬᠢᠶᠠᠯᠳᠤᠪᠠᠯ ᠬᠤᠶᠠᠳᠡᠬᠢ ᠬᠢᠨᠠᠬᠴᠢ ᠳᠤ ᠲᠡᠪᠰᠢᠬᠦᠯᠵᠤ ᠤᠯᠠᠮ ᠨᠠᠷᠢᠯᠢᠭ ᠬᠢᠨᠠᠭᠤᠯᠬᠤ ᠬᠡᠷᠡᠭᠳᠡᠢ᠃                         ᠵᠠᠰᠠᠭ ᠤᠨ ᠤᠷᠳᠤᠨ ᠤ ᠰᠢᠰᠲ᠋ᠧᠮ ᠤᠨ ᠮᠤᠩᠭᠤᠯ ᠰᠦᠯᠵᠢᠶ᠎ᠡ ᠶᠢᠨ ᠦᠷᠳᠡᠭᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠠᠮᠢᠶ᠎ᠠ ᠪᠦᠬᠦᠢ ᠱᠠᠭᠠᠷᠳᠠᠯᠭ᠎ᠠ ᠶᠤᠰᠤᠭᠠᠷ ᠠᠮᠤᠷ ᠲᠦᠪᠰᠢᠨ ᠢ ᠪᠠᠳᠤᠯᠠᠬᠤ ᠠᠰᠠᠭᠤᠳᠠᠯ ᠢ ᠤᠯᠠᠮ ᠴᠢᠩᠭᠠᠳᠬᠠᠵᠤ᠂ ᠭᠤᠤᠯᠳᠠᠯᠭ᠎ᠠ ᠲᠠᠢ ᠰᠤᠨᠢᠨ ᠮᠡᠳᠡᠭᠡ ᠶᠢ ᠴᠠᠭ ᠲᠠᠷᠤᠢ ᠮᠡᠳᠡᠬᠡᠯᠡᠵᠤ᠂ ︽ᠬᠡᠨ ᠭᠤᠤᠯᠯᠠᠨ ᠡᠷᠬᠢᠯᠡᠵᠤ ᠪᠠᠶᠢᠪᠠᠯ ᠬᠡᠨ ᠬᠠᠷᠢᠭᠤᠴᠠᠬᠤ︾ ᠪᠠ ᠬᠠᠷᠢᠶᠠᠯᠠᠬᠳᠠᠬᠤ ᠭᠠᠵᠠᠷ ᠤᠨ ᠬᠠᠮᠢᠶᠠᠷᠤᠯᠳᠠ ᠶᠢᠨ ᠵᠠᠷᠴᠢᠮ ᠢ ᠬᠢᠨᠠᠮᠠᠭᠠᠢ ᠲᠤᠭᠤᠰᠢᠯᠠᠭᠤᠯᠵᠤ᠂ ᠴᠢᠮᠡᠭᠡ ᠵᠠᠩᠭᠢ ᠶᠢ ᠤᠷᠢᠳ ᠢᠶᠠᠷ ᠬᠢᠨᠠᠵᠤ᠂ ᠬᠤᠶᠢᠨ᠎ᠠ ᠨᠢ ᠨᠡᠶᠢᠳᠡᠯᠡᠬᠦ ᠲᠦᠷᠢᠮ ᠢ ᠴᠢᠩᠭ᠎ᠠ ᠬᠡᠷᠡᠭᠵᠢᠬᠦᠯᠤᠨ᠂ ᠠᠭᠤᠯᠭ᠎ᠠ ᠶᠢᠨ ᠠᠮᠤᠷ ᠲᠦᠪᠰᠢᠨ ᠢ ᠪᠠᠳᠤᠯᠠᠬᠤ ᠬᠡᠷᠡᠭᠳᠡᠢ᠃     ᠰᠦᠯᠵᠢᠶᠡᠨ ᠳᠤ ᠨᠡᠶᠢᠳᠡᠯᠡᠬᠦ ᠪᠠ ᠮᠠᠭᠤ ᠨᠦᠯᠦᠬᠡ ᠪᠦᠬᠦᠢ ᠴᠢᠮᠡᠭᠡ ᠵᠠᠩᠭᠢ ᠶᠢ ᠬᠠᠰᠤᠬᠤ ᠳᠤ ᠪᠠᠨ ᠴᠠᠭ ᠢ ᠠᠮᠵᠢᠨ᠂ ᠪᠦᠳᠦᠬᠡᠨ ᠪᠠᠶᠢᠭᠤᠯᠬᠤ ᠡᠷᠴᠢᠮ ᠪᠠ ᠪᠠᠳᠤᠯᠠᠨ ᠬᠠᠮᠠᠭᠠᠯᠠᠬᠤ ᠴᠢᠳᠠᠪᠬᠢ ᠪᠠᠨ ᠴᠢᠩᠭᠠᠳᠬᠠᠨ᠂ ᠠᠭᠤᠯᠭ᠎ᠠ  ᠶᠢᠨ ᠰᠢᠨᠡᠴᠢᠯᠡᠯᠳᠡ ᠤᠳᠠᠭᠠᠨ᠂ ᠲᠠᠰᠢᠶ᠎ᠠ ᠤᠷᠴᠢᠭᠤᠯᠭ᠎ᠠ᠂ ᠪᠤᠷᠤᠭᠤ ᠦᠰᠦᠭ᠂ ᠮᠦᠷ ᠪᠠᠳᠠᠭ ᠨᠢ ᠤᠷᠬᠢᠬᠳᠠᠬᠤ ᠵᠡᠷᠬᠡ ᠭᠠᠷᠬᠤ ᠶᠢ ᠡᠷᠡᠰ ᠬᠤᠷᠢᠬᠯᠠᠵᠤ᠂ ᠰᠦᠯᠵᠢᠶᠡᠨ ᠤ ᠬᠡᠪ ᠤᠨ ᠡᠷᠬᠢᠯᠳᠡ ᠶᠢ ᠦᠨᠡᠨ ᠬᠦ ᠪᠠᠳᠤᠯᠠᠬᠤ ᠬᠡᠷᠡᠭᠳᠡᠢ᠃
 
ᠢᠷᠡᠯᠲᠡ᠄ ᠠᠷᠠᠳ ᠤᠨ ᠶᠠᠪᠤᠳᠠᠯ ᠤᠨ ᠲᠢᠩᠬᠢᠮ ᠤᠨ ᠰᠦᠯᠵᠢᠶᠡᠨ ᠤ ᠮᠤᠩᠭᠤᠯ ᠬᠡᠯᠡᠨ ᠤ ᠦᠷᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号