ᠲᠦᠩᠯᠢᠶᠣᠤ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ︽ᠳᠥᠷᠪᠡᠨ ᠲᠠᠯ᠎ᠠ︾ ᠪᠠᠷ ᠬᠦᠴᠦᠯᠡᠨ ᠬᠢᠵᠢᠭ ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢᠶᠠᠨ ᠪᠠᠬᠢᠵᠢᠭᠦᠯᠪᠡ
ᠨᠡᠶᠢᠲᠡᠯᠡᠭᠰᠡᠨ ᠴᠠᠭ᠄
2020-03-19
                 ᠨᠢᠭᠡ ᠳᠤ᠂ ᠬᠤᠲᠠ ᠬᠤᠰᠢᠭᠤ ᠬᠤᠶᠠᠷ ᠱᠠᠲᠤ ᠬᠤᠯᠪᠣᠭᠠᠯᠠᠭᠰᠠᠨ ᠬᠢᠵᠢᠭ ᠢ ᠰᠡᠷᠭᠡᠶᠢᠯᠡᠨ ᠡᠵᠡᠮᠳᠡᠬᠦ ᠲᠣᠭᠲᠠᠴᠠ ᠯᠤᠭ᠎ᠠ ᠢᠳᠡᠪᠬᠢᠲᠠᠢ ᠬᠠᠷᠢᠯᠴᠠᠭ᠎ᠠ ᠬᠤᠯᠪᠣᠭ᠎ᠠ ᠠᠪᠤᠯᠴᠠᠨ᠂ ᠨᠠᠰᠤᠵᠢᠯ ᠤᠨ ᠠᠰᠠᠷᠠᠮᠵᠢ᠂ ᠬᠡᠦᠬᠡᠳ ᠤᠨ ᠠᠰᠠᠷᠠᠮᠵᠢ᠂ ᠨᠠᠰᠤᠨ ᠳᠤ ᠥᠯᠥ ᠬᠦᠷᠤᠭ᠍ᠰᠡᠳ ᠢ ᠬᠠᠷᠠᠭᠠᠯᠵᠠᠨ ᠬᠠᠮᠠᠭᠠᠯᠠᠬᠤ᠂ ᠣᠶᠤᠨ ᠤ ᠡᠷᠡᠭᠦᠯ ᠬᠠᠮᠠᠭᠠᠯᠠᠯ ᠤᠨ ᠠᠰᠠᠷᠠᠮᠵᠢ᠂ ᠲᠡᠨᠦᠭᠦᠴᠢᠯᠡᠨ ᠭᠤᠶᠢᠷᠠᠨᠴᠢᠯᠠᠵᠤ ᠶᠠᠪᠤᠭ᠎ᠠ ᠬᠥᠮᠦᠰ ᠢ ᠲᠤᠰᠠᠯᠠᠨ ᠬᠠᠮᠢᠶᠠᠷᠬᠤ ᠪᠠ ᠣᠷᠣᠰᠢᠭᠤᠯᠭ᠎ᠠ ᠶᠢᠨ ᠦᠶᠯᠡᠴᠢᠯᠡᠭᠡ ᠵᠡᠷᠭᠡ ᠶᠢ ᠭᠠᠵᠠᠷ ᠣᠷᠣᠨ ᠤ ᠪᠠᠨ ᠬᠢᠵᠢᠭ ᠢ ᠵᠢᠭᠰᠠᠭᠠᠨ ᠪᠠᠶᠢᠴᠠᠭᠠᠬᠤ᠂ ᠡᠳ᠋ ᠪᠣᠳᠠᠰ ᠢ ᠰᠢᠯᠵᠢᠭᠦᠯᠦᠨ ᠲᠣᠬᠢᠷᠠᠭᠤᠯᠬᠤ᠂ ᠰᠢᠯᠵᠢᠭᠦᠯᠦᠨ ᠲᠤᠰᠠᠭᠠᠷᠯᠠᠬᠤ᠂ ᠲᠥᠪᠯᠡᠷᠡᠭᠦᠯᠦᠨ ᠡᠮᠴᠢᠯᠡᠬᠦ ᠵᠡᠷᠭᠡ ᠶᠢ ᠬᠤᠯᠪᠣᠭᠠᠯᠠᠨ ᠰᠡᠷᠭᠡᠶᠢᠯᠡᠵᠦ ᠡᠵᠡᠮᠳᠡᠬᠦ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ ᠪᠠ ᠨᠡᠶᠢᠭᠡᠮ ᠲᠣᠭᠤᠷᠢᠭ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠭᠤᠤᠯᠳᠠᠯᠭ᠎ᠠ ᠲᠠᠢ ᠬᠠᠮᠢᠶᠠᠷᠤᠯᠲᠠ ᠳᠤ ᠪᠠᠨ ᠣᠷᠣᠭᠤᠯᠵᠤ᠂ ᠬᠢᠵᠢᠭ ᠢ ᠰᠡᠷᠭᠡᠶᠢᠯᠡᠨ ᠡᠵᠡᠮᠳᠡᠬᠦ ᠪᠠ ᠦᠶᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠦᠨᠡᠨᠬᠦ ᠴᠢᠩᠭᠠᠳᠬᠠᠪᠠ᠃ ᠡᠷᠡᠭᠦᠯ ᠬᠠᠮᠠᠭᠠᠯᠠᠯ ᠡᠷᠡᠭᠦᠯᠵᠢᠯ ᠤᠨ ᠵᠥᠪᠯᠡᠯ ᠵᠡᠷᠭᠡ ᠰᠠᠯᠠᠭ᠎ᠠ ᠮᠥᠴᠢᠷ ᠲᠠᠢ ᠢᠳᠡᠪᠬᠢᠲᠠᠢ ᠬᠠᠷᠢᠯᠴᠠᠵᠤ᠂ ᠠᠯᠪᠠᠨ ᠠᠴᠠ ᠡᠷᠬᠢᠯᠡᠭᠰᠡᠨ ᠪᠤᠰᠤ ᠨᠠᠰᠤᠲᠠᠳ ᠢ ᠠᠰᠠᠷᠠᠬᠤ ᠬᠦᠷᠢᠶᠡᠯᠡᠩ ᠢ ᠴᠢᠩᠭ᠎ᠠ ᠵᠢᠯᠣᠭᠤᠳᠤᠨ᠂ ᠬᠢᠵᠢᠭ ᠤᠨ ᠬᠠᠯᠳᠠᠪᠤᠷᠢᠯᠠᠬᠤ ᠶᠢ ᠴᠢᠩᠭ᠎ᠠ ᠰᠡᠷᠭᠡᠶᠢᠯᠡᠭᠰᠡᠨ ᠪᠠᠶᠢᠨ᠎ᠠ᠃      ᠬᠤᠶᠠᠷ ᠲᠤ᠂ ᠣᠷᠣᠰᠢᠭᠤᠯᠭ᠎ᠠ ᠶᠢᠨ ᠦᠶᠯᠡᠴᠢᠯᠡᠭᠡᠨ ᠤ ᠲᠠᠯᠠᠪᠤᠷ ᠤᠨ ᠣᠷᠣᠬᠤ ᠭᠠᠷᠬᠤ ᠬᠥᠮᠦᠰ ᠤᠨ ᠲᠤᠭ᠎ᠠ ᠶᠢ ᠴᠢᠩᠭ᠎ᠠ ᠬᠢᠵᠠᠭᠠᠷᠯᠠᠵᠤ᠂ ᠣᠷᠣᠵᠤ ᠢᠷᠡᠭᠰᠡᠨ ᠪᠣᠢ ᠪᠦᠬᠦᠢ ᠬᠥᠮᠦᠰ ᠲᠤ ᠪᠡᠶ᠎ᠡ ᠶᠢᠨ ᠳᠤᠯᠠᠭᠠᠨ ᠤ ᠪᠠᠶᠢᠴᠠᠭᠠᠯᠲᠠ ᠬᠢᠵᠦ᠂ ᠠᠮᠠᠪᠴᠢ ᠵᠡᠷᠭᠡ ᠬᠠᠮᠠᠭᠠᠯᠠᠯᠲᠠ ᠶᠢᠨ ᠬᠡᠷᠡᠭᠰᠡᠯ ᠵᠡᠭᠦᠬᠦ ᠶᠢ ᠱᠠᠭᠠᠷᠳᠠᠵᠤ᠂ ᠬᠢᠵᠢᠭ ᠤᠨ ᠬᠤᠭᠤᠴᠠᠭᠠᠨ ᠳᠤ ᠴᠢᠨᠳᠠᠷ ᠠᠴᠠ ᠰᠠᠯᠬᠤ ᠶᠣᠰᠣᠯᠠᠯ᠂ ᠴᠢᠨᠳᠠᠷ ᠤᠨ ᠦᠨᠡᠰᠦ ᠲᠠᠬᠢᠯᠭ᠎ᠠ ᠵᠡᠷᠭᠡ ᠣᠷᠣᠰᠢᠭᠤᠯᠭ᠎ᠠ ᠶᠢᠨ ᠦᠶᠯᠡᠴᠢᠯᠡᠭᠡ ᠪᠠᠨ ᠲᠦᠷ ᠵᠣᠭᠰᠣᠭᠠᠵᠤ᠂ ᠡᠯ᠎ᠡ ᠡᠵᠡᠩᠨᠡᠯᠲᠡ ᠶᠢᠨ ᠴᠢᠨᠠᠷᠲᠠᠶ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠨᠡᠶᠢᠲᠡ ᠶᠢᠨ ᠣᠩᠭᠤᠨ᠂ ᠴᠢᠨᠳᠠᠷ ᠤᠨ ᠲᠢᠩᠬᠢᠮ ᠤᠨ ᠲᠠᠬᠢᠯᠭ᠎ᠠ ᠵᠡᠷᠭᠡ ᠣᠯᠠᠨ ᠲᠦᠮᠡᠨ ᠴᠤᠭᠯᠠᠷᠠᠳᠠᠭ ᠠᠵᠢᠯᠯᠠᠭ᠎ᠠ ᠶᠢ ᠵᠣᠭᠰᠣᠭᠠᠪᠠ᠃ ᠤᠷᠤᠭ ᠳᠠᠩᠰᠠᠯᠠᠬᠤ ᠭᠠᠵᠠᠷ ᠴᠦ ᠤᠲᠠᠰᠤ᠂ ᠲᠣᠤᠷ ᠰᠦᠯᠵᠢᠶ᠎ᠡ᠂ ᠸᠢᠴᠠᠲ ᠤᠨ ᠪᠣᠯᠵᠤᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠡᠳᠦᠷ ᠪᠦᠷᠢ ᠶᠢᠨ ᠳᠡᠩᠰᠡᠯᠡᠨ ᠲᠡᠮᠳᠡᠭᠯᠡᠬᠦ ᠬᠦᠮᠤᠨ ᠤ ᠲᠤᠭ᠎ᠠ ᠶᠢ ᠴᠦ ᠬᠢᠵᠠᠭᠠᠷᠯᠠᠨ᠂ ᠬᠡᠰᠡᠭ ᠪᠦᠯᠦᠭ ᠢᠶᠠᠷ ᠴᠠᠭ ᠬᠤᠪᠢᠶᠠᠨ ᠣᠷᠤᠭ ᠳᠠᠩᠰᠠᠯᠭᠰᠠᠨ ᠪᠠᠶᠢᠨ᠎ᠠ᠃ ᠲᠣᠭᠤᠷᠢᠨ ᠪᠠᠶᠢᠴᠠᠭᠠᠬᠤ ᠪᠠ ᠴᠠᠭ ᠲᠤᠬᠠᠶ ᠳᠤᠨᠢ ᠲᠤᠰᠠᠯᠠᠬᠤ ᠠᠵᠢᠯ ᠢᠶᠠᠨ ᠡᠷᠴᠢᠮᠵᠢᠭᠦᠯᠤᠨ᠂ ᠥᠷᠲᠡᠭᠡᠨ ᠳᠤ ᠣᠷᠣᠬᠤ ᠳᠤ ᠡᠷᠬᠡᠪᠰᠢ ᠪᠡᠶ᠎ᠡ ᠮᠠᠬᠠᠪᠣᠳ ᠢ ᠨᠢ ᠪᠠᠶᠢᠴᠠᠭᠠᠨ᠂ ᠪᠡᠶ᠎ᠡ ᠶᠢᠨ ᠳᠤᠯᠠᠭᠠᠨ ᠢ ᠬᠡᠮᠵᠢᠵᠤ᠂ ᠥᠷᠲᠡᠭᠡᠨ ᠳᠤ ᠰᠢᠨ᠎ᠡ ᠢᠷᠡᠵᠤ ᠲᠤᠰᠠᠯᠠᠮᠵᠢ ᠬᠦᠷᠲᠡᠭᠰᠡᠳ ᠢ ᠣᠷᠣᠨ ᠬᠤᠪᠢᠶᠠᠨ ᠳᠤᠰᠠᠭᠠᠷᠯᠠᠨ ᠠᠵᠢᠭᠯᠠᠬᠤ ᠪᠠ ᠬᠢᠵᠢᠭ ᠤᠨ ᠬᠤᠭᠤᠴᠠᠭᠠᠨ ᠳᠤ ᠨᠤᠲᠤᠭ ᠲᠤ ᠨᠢ ᠬᠦᠷᠭᠡᠵᠦ ᠥᠭᠬᠦ ᠶᠢ ᠲᠦᠷ ᠵᠣᠭᠰᠣᠭᠠᠬᠤ ᠵᠡᠷᠭᠡ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠪᠠ ᠃ ᠬᠢᠵᠢᠭ ᠡᠭᠦᠰᠦᠭᠰᠡᠨ ᠠᠴᠠ ᠨᠠᠰᠢ ᠲᠡᠨᠦᠭᠦᠴᠢᠯᠡᠨ ᠭᠤᠶᠢᠷᠠᠨᠴᠢᠯᠠᠭᠴᠢ ᠶᠢ ᠨᠡᠶᠢᠲᠡ 58 ᠤᠳᠠᠭ᠎ᠠ ᠲᠤᠰᠠᠯᠠᠭᠰᠠᠨ ᠪᠠᠶᠢᠨ᠎ᠠ᠃ ᠡᠭᠦᠨ ᠳᠤ ᠥᠷᠲᠡᠭᠡᠨ ᠳᠤ 32 ᠬᠥᠮᠦᠨ᠂ ᠥᠷᠲᠡᠭᠡᠨ ᠠᠴᠠ ᠭᠠᠳᠠᠨ᠎ᠠ 26 ᠬᠥᠮᠦᠨ ᠢ ᠲᠤᠰᠠᠯᠠᠵᠤ᠂ 12 ᠬᠥᠮᠦᠨ ᠢ ᠲᠤᠰᠠᠭᠠᠷᠯᠠᠨ ᠠᠵᠢᠭᠯᠠᠪᠠ᠃      ᠭᠤᠷᠪᠠ ᠳᠤ᠂ ᠤᠲᠠᠰᠤ᠂ ᠸᠢᠴᠠᠲ ᠵᠡᠷᠭᠡ ᠣᠯᠠᠨ ᠵᠦᠶᠯ ᠤᠨ ᠠᠷᠭ᠎ᠠ ᠮᠠᠶ᠋ᠢᠭ ᠢᠶᠠᠷ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠡᠲᠡᠭᠡᠳ᠂ ᠣᠨᠴᠠ ᠬᠦᠴᠢᠷᠳᠡᠯ ᠲᠠᠢ ᠬᠥᠮᠦᠰ᠂ ᠠᠮᠢᠳᠤᠷᠠᠯ ᠳᠤ ᠪᠠᠨ ᠬᠦᠴᠢᠷᠳᠡᠭᠰᠡᠨ ᠨᠠᠰᠤᠲᠠᠶᠢᠴᠤᠳ᠂ ᠵᠡᠮᠳᠡᠭᠴᠦᠳ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠵᠡᠷᠭᠡ ᠪᠠᠲᠤᠯᠠᠭ᠎ᠠ  ᠶᠢᠨ ᠡᠲᠡᠭᠡᠳ ᠤᠨ ᠠᠮᠢᠳᠤᠷᠠᠯ ᠤᠨ ᠪᠠᠶᠢᠳᠠᠯ ᠢ ᠣᠶᠢᠯᠠᠭᠠᠪᠠ᠃ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠵᠡᠷᠭᠡ ᠨᠡᠶᠢᠭᠡᠮ ᠤᠨ ᠳᠤᠰᠠᠯᠠᠮᠵᠢ ᠶᠢᠨ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠵᠣᠬᠢᠰᠲᠠᠶ ᠰᠢᠯᠢᠳᠡᠭᠵᠢᠭᠦᠯᠦᠨ ᠳᠥᠭᠦᠮᠴᠢᠯᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠪᠠᠶᠢᠴᠠᠭᠠᠬᠤ ᠴᠠᠭ ᠬᠤᠭᠤᠴᠠᠭ᠎ᠠ  ᠶᠢ ᠤᠷᠲᠤᠳᠬᠠᠪᠠ᠃ ᠡᠭᠦᠨ ᠤ ᠬᠠᠮᠲᠤ ᠨᠡᠶᠢᠭᠡᠮ ᠤᠨ ᠳᠤᠰᠠᠯᠠᠮᠵᠢ ᠶᠢᠨ ᠭᠤᠶᠤᠴᠢᠯᠠᠯ ᠤᠨ ᠬᠢᠨᠠᠨ ᠵᠥᠪᠰᠢᠶᠡᠷᠡᠬᠦ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠶᠴᠡᠳᠬᠡᠬᠦ ᠶᠢ ᠬᠡᠷᠡᠭᠵᠢᠭᠦᠯᠪᠠ᠃ ᠬᠢᠵᠢᠭ ᠡᠭᠦᠰᠦᠭᠰᠡᠨ ᠠᠴᠠ ᠨᠠᠰᠢ ᠪᠥᠬᠦ ᠬᠤᠲᠠ ᠳᠤ ᠨᠡᠶᠢᠲᠡ 2522 ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠡᠲᠡᠭᠡᠳ᠂ 130 ᠣᠨᠴᠠ ᠬᠦᠴᠢᠷᠳᠡᠯ ᠲᠠᠢ ᠬᠥᠮᠦᠨ᠂ 1798 ᠲᠦᠷ ᠴᠠᠭ ᠤᠨ ᠳᠤᠰᠠᠯᠠᠮᠵᠢ ᠬᠦᠷᠲᠡᠭᠰᠡᠳ ᠲᠤ ᠭᠠᠷ ᠭᠦᠢᠴᠡᠳᠬᠡᠯ ᠬᠢᠵᠤ᠂ ᠨᠡᠶᠢᠲᠡ 585 ᠲᠦᠮᠡᠨ ᠲᠥᠭᠦᠷᠢᠭ ᠤᠨ ᠲᠦᠷ ᠴᠠᠭ ᠤᠨ ᠳᠤᠰᠠᠯᠠᠮᠵᠢ ᠶᠢᠨ ᠮᠥᠩᠭᠦ ᠵᠠᠷᠤᠴᠠᠭᠤᠯᠤᠭᠰᠠᠨ ᠪᠠᠶᠢᠨ᠎ᠠ᠃      ᠳᠦᠷᠪᠡ ᠳᠤ᠂ ︿︿ᠬᠢᠵᠢᠭ ᠤᠨ ᠬᠤᠭᠤᠴᠠᠭᠠᠨ ᠳᠤ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠶᠢᠨ ᠢᠯᠡ ᠪᠠᠷ ᠬᠠᠨᠳᠢᠪ ᠴᠤᠭᠯᠠᠭᠤᠯᠬᠤ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠮᠡᠳᠡᠭᠳᠡᠯ﹀﹀ ᠢ ᠳᠠᠷᠤᠮᠠᠯᠯᠠᠨ ᠳᠠᠷᠬᠠᠭᠠᠵᠤ᠂ ᠨᠢᠭᠦᠯᠡᠰᠦᠩᠭᠦᠶ ᠶᠢᠨ ᠬᠦᠴᠦᠨ ᠢ ᠳᠠᠶᠢᠴᠢᠯᠠᠨ ᠬᠠᠤᠯᠢ ᠶᠣᠰᠣᠭᠠᠷ ᠡᠮᠬᠢ ᠵᠢᠷᠤᠮ ᠲᠠᠢ ᠪᠠᠷ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠳᠤ ᠣᠷᠣᠯᠴᠠᠭᠤᠯᠪᠠ᠃ ᠬᠤᠲᠠ ᠲᠣᠭᠤᠷᠢᠭ ᠤᠨ ᠬᠤᠶᠠᠷ ᠱᠠᠲᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠣᠯᠤᠨ ᠡᠯ᠎ᠡ ᠨᠢᠭᠦᠯᠡᠰᠤᠩᠭᠦᠢ ᠶᠢᠨ ᠵᠣᠬᠢᠶᠠᠨ ᠪᠠᠶᠢᠭᠤᠯᠤᠯᠲᠠ ᠶᠢ ᠵᠢᠯᠣᠭᠤᠳᠤᠨ ᠦᠪᠡᠷ  ᠤᠨ ᠪᠦᠲᠤᠭᠡᠨ ᠪᠠᠶᠢᠭᠤᠯᠤᠯᠲᠠ ᠪᠠᠨ ᠴᠢᠩᠭᠠᠳᠬᠠᠵᠤ᠂ ᠲᠤᠰᠠᠯᠠᠨ ᠬᠦᠷᠭᠡᠭᠰᠡᠨ ᠵᠣᠭᠤᠰ ᠪᠠ ᠡᠳ᠋ ᠪᠣᠳᠠᠰ ᠤᠨ ᠬᠠᠮᠢᠶᠠᠷᠤᠯᠲᠠ ᠬᠡᠷᠡᠭᠯᠡᠯᠲᠡ ᠪᠠᠨ ᠲᠡᠭᠦᠯᠳᠡᠷᠵᠢᠭᠦᠯᠤᠨ᠂ ᠡᠳᠤᠷ ᠪᠦᠷᠢ ᠵᠣᠭᠤᠰ ᠮᠦᠩᠭᠦ ᠪᠠ ᠡᠳ᠋ ᠪᠣᠳᠠᠰ ᠤᠨ ᠲᠤᠰᠠᠯᠠᠨ ᠬᠦᠷᠭᠡᠵᠤ ᠣᠯᠭᠤᠭᠰᠠᠨ ᠪᠠᠶᠢᠳᠠᠯ ᠢᠶᠠᠨ ᠮᠡᠳᠡᠭᠦᠯᠦᠨ᠂ ᠨᠡᠶᠢᠭᠡᠮ ᠤᠨ ᠠᠩᠬᠠᠷᠤᠯ ᠳᠤ ᠰᠠᠨᠠᠭᠠᠴᠢᠯᠠᠭ᠎ᠠ  ᠠᠴᠠ ᠪᠠᠨ ᠬᠠᠷᠢᠭᠤᠯᠲᠠ ᠦᠭᠴᠠᠢ᠃ ᠬᠤᠲᠠ ᠶᠢᠨ ᠬᠢᠨᠠᠨ ᠪᠤᠳᠤᠬᠤ ᠲᠣᠪᠴᠢᠶ᠎ᠠ ᠲᠠᠢ ᠬᠠᠮᠵᠢᠯᠴᠠᠨ ᠬᠡᠰᠡᠭ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠠ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠳᠤ ᠬᠢᠨᠠᠨ ᠪᠤᠳᠤᠬᠤ ᠠᠵᠢᠯ ᠥᠷᠨᠢᠭᠦᠯᠵᠦ᠂ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠶᠢᠨ ᠬᠠᠨᠳᠢᠪᠯᠠᠨ ᠬᠦᠷᠭᠡᠬᠦ ᠠᠵᠢᠯᠯᠠᠭ᠎ᠠ ᠶᠢ ᠵᠢᠷᠤᠮᠵᠢᠭᠤᠯᠪᠠ᠃ ᠣᠳᠣᠬᠠᠨ ᠳᠤ ᠪᠥᠬᠦ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠣᠯᠤᠨ ᠡᠯ᠎ᠡ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠨᠡᠶᠢᠲᠡ 2283 ᠲᠦᠮᠡᠨ ᠲᠥᠭᠦᠷᠢᠭ ᠤᠨ ᠬᠠᠨᠳᠢᠪ ᠤᠨ ᠮᠥᠩᠭᠦ ᠶᠢ ᠭᠥᠯᠢᠶᠡᠨ ᠠᠪᠴᠤ᠂ ᠭᠥᠯᠢᠶᠡᠨ ᠠᠪᠤᠭᠰᠠᠨ ᠡᠳ᠋ ᠪᠣᠳᠠᠰ ᠢ ᠠᠷᠠᠳ ᠤᠨ ᠵᠣᠭᠤᠰ ᠢᠶᠠᠷ ᠨᠤᠭᠤᠯᠤᠨ ᠪᠣᠳᠤᠭᠠᠳ ᠨᠡᠶᠢᠲᠡ 457 ᠲᠦᠮᠡᠨ ᠲᠥᠭᠦᠷᠢᠭ ᠬᠦᠷᠤᠭ᠍ᠰᠡᠨ ᠪᠠᠶᠢᠨ᠎ᠠ᠃
 
ᠢᠷᠡᠯᠲᠡ᠄ ᠠᠷᠠᠳ ᠤᠨ ᠶᠠᠪᠤᠳᠠᠯ ᠤᠨ ᠲᠢᠩᠬᠢᠮ ᠤᠨ ᠬᠢᠲᠠᠳ ᠬᠡᠯᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号