ᠠᠷᠠᠳ ᠤᠨ ᠶᠠᠪᠤᠳᠠᠯ ᠤᠨ ᠲᠢᠩᠬᠢᠮ ᠤᠨ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠦᠶᠯᠡᠴᠢᠯᠡᠭᠡᠨ ᠤ ᠲᠥᠪ ᠲᠢᠩᠬᠢᠮ ᠤᠨ ᠪᠠᠶᠢᠭᠤᠯᠭ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠦᠶᠯᠡᠴᠢᠯᠡᠭᠡᠨ ᠤ ᠠᠵᠢᠯ ᠢᠶᠠᠨ ᠬᠢᠨᠠᠮᠠᠭᠠᠶ ᠰᠠᠶᠢᠨ ᠬᠢᠵᠤ ᠪᠠᠶᠢᠨ᠎ᠠ
ᠨᠡᠶᠢᠲᠡᠯᠡᠭᠰᠡᠨ ᠴᠠᠭ᠄
2020-03-19
           ᠠᠷᠠᠳ ᠤᠨ ᠶᠠᠪᠤᠳᠠᠯ ᠤᠨ ᠲᠢᠩᠬᠢᠮ ᠤᠨ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠦᠶᠯᠡᠴᠢᠯᠡᠭᠡᠨ ᠤ ᠲᠥᠪ ᠲᠢᠩᠬᠢᠮ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠯᠠᠨ ᠵᠦᠶᠯ ᠤᠨ ᠠᠷᠭ᠎ᠠ ᠬᠡᠮᠵᠢᠶ᠎ᠡ ᠪᠠᠷ ᠲᠢᠩᠬᠢᠮ ᠤᠨ ᠪᠠᠶᠢᠭᠤᠯᠭ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠦᠶᠯᠡᠴᠢᠯᠡᠭᠡᠨ ᠤ ᠠᠵᠢᠯ ᠨᠠᠷᠢᠨ ᠬᠢᠨᠠᠮᠠᠭᠠᠢ ᠰᠠᠶᠢᠨ ᠬᠢᠵᠤ ᠪᠠᠶᠢᠨ᠎ᠠ᠃      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠪᠠᠶᠢᠭᠤᠯᠭ᠎ᠠ᠂ ᠰᠢᠭᠤᠳ ᠬᠠᠷᠢᠶ᠎ᠠ ᠨᠢᠭᠡᠴᠢ ᠶᠢᠨ ᠠᠵᠢᠯᠯᠠᠬᠤ ᠬᠤᠭᠤᠴᠠᠭᠠᠨ ᠤ ᠬᠢᠵᠢᠭ ᠢ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ︾ ᠶᠢ ᠳᠠᠷᠤᠮᠠᠯᠯᠠᠨ ᠲᠠᠷᠬᠠᠭᠠᠵᠤ᠂ ᠡᠳᠦᠷ ᠪᠦᠷᠢ ᠲᠢᠩᠬᠢᠮ ᠤᠨ ᠪᠠᠶᠢᠭᠤᠯᠭ᠎ᠠ ᠵᠢᠴᠢ ᠵᠠᠰᠠᠭ ᠤᠨ ᠣᠷᠳᠣᠨ ᠤ ᠬᠤᠶᠢᠲᠤ ᠲᠣᠭᠤᠷᠢᠭ ᠲᠤ ᠰᠠᠭᠤᠭ᠎ᠠ ᠲᠢᠩᠬᠢᠮ ᠤᠨ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠬᠤᠭᠤᠯᠠ ᠵᠠᠬᠢᠶᠠᠯᠠᠬᠤ ᠪᠠ ᠬᠦᠷᠭᠡᠬᠦ ᠠᠵᠢᠯ ᠢ ᠳᠠᠭᠠᠭᠠᠴᠢᠯᠠᠨ᠂ ᠬᠦᠮᠤᠰ ᠤᠨ ᠨᠢᠭᠡ ᠳᠣᠣᠷ᠎ᠠ ᠴᠤᠭᠯᠠᠷᠠᠨ ᠬᠤᠭᠤᠯᠠ ᠢᠳᠡᠬᠦ ᠶᠢ ᠳᠠᠪᠴᠢᠵᠠᠢ᠃ ᠡᠳᠦᠷ ᠪᠦᠷᠢ ᠲᠢᠩᠬᠢᠮ ᠤᠨ ᠪᠠᠶᠢᠭᠤᠯᠭ᠎ᠠ ᠶᠢᠨ ᠵᠢᠵᠢᠭᠦᠷ ᠤᠨ ᠲᠠᠰᠤᠭ᠂ ᠬᠤᠷᠠᠯ ᠤᠨ ᠭᠡᠷ᠂ ᠵᠣᠴᠢᠳ ᠤᠨ ᠠᠭᠤᠯᠵᠠᠯᠲᠠ ᠶᠢᠨ ᠲᠠᠰᠤᠭ ᠵᠡᠷᠭᠡ ᠣᠯᠠᠨ ᠨᠡᠶᠢᠲᠡ ᠶᠢᠨ ᠭᠠᠵᠠᠷ ᠢ ᠦᠨᠴᠣᠭ᠌ ᠪᠤᠯᠤᠩ ᠦᠯᠡᠳᠡᠭᠡᠯ ᠦᠭᠡᠢ ᠴᠡᠪᠡᠷᠯᠡᠨ ᠠᠷᠢᠭᠤᠳᠬᠠᠵᠤ᠂ ᠲᠢᠩᠬᠢᠮ ᠤᠨ ᠪᠠᠶᠢᠭᠤᠯᠭ᠎ᠠ ᠳᠤ ᠰᠡᠷᠭᠡᠶᠢᠯᠡᠨ ᠬᠠᠮᠠᠭᠠᠯᠠᠬᠤ ᠬᠡᠷᠡᠭᠰᠡᠯ ᠢ ᠢᠳᠡᠪᠬᠢᠲᠡᠶ ᠪᠠᠷ ᠬᠤᠳᠠᠯᠳᠤᠨ ᠠᠪᠴᠤ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠠᠵᠢᠯ ᠢ ᠨᠠᠷᠢᠨ ᠨᠢᠮᠪᠠᠢ ᠪᠣᠳᠣᠯᠬᠢᠯᠠᠨ ᠰᠠᠶᠢᠨ ᠬᠢᠭᠰᠡᠨ ᠪᠠᠶᠢᠨ᠎ᠠ᠃ ᠪᠠᠶᠢᠭᠤᠯᠭ᠎ᠠ ᠶᠢᠨ ᠪᠢᠴᠢᠭ ᠮᠠᠲ᠋ᠧᠷᠢᠶᠠᠯ ᠢ ᠬᠦᠯᠢᠶᠡᠨ ᠠᠪᠴᠤ ᠳᠠᠮᠵᠢᠭᠤᠯᠬᠤ ᠪᠠ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠬᠡᠷᠡᠭᠴᠡᠭᠡ ᠶᠢ ᠴᠠᠭ ᠢᠮᠠᠭᠲᠠ ᠰᠠᠶᠢᠲᠤᠷ ᠬᠠᠩᠭᠠᠨ᠂ ᠬᠡᠪ ᠤᠨ ᠡᠮᠬᠢ ᠵᠢᠷᠤᠮ ᠲᠠᠢ ᠠᠵᠢᠯᠯᠠᠬᠤ ᠰᠠᠶᠢᠨ ᠰᠠᠶᠢᠬᠠᠨ ᠣᠷᠴᠢᠨ ᠨᠦᠬᠦᠴᠡᠯ ᠢ ᠪᠦᠷᠢᠯᠳᠤᠭᠦᠯᠣᠭ᠍ᠰᠡᠨ ᠪᠠᠶᠢᠨ᠎ᠠ᠃

 
ᠢᠷᠡᠯᠲᠡ᠄ ᠠᠷᠠᠳ ᠤᠨ ᠶᠠᠪᠤᠳᠠᠯ ᠤᠨ ᠲᠢᠩᠬᠢᠮ ᠤᠨ ᠬᠢᠲᠠᠳ ᠬᠡᠯᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号