ᠪᠤᠭᠤᠲᠤ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠠᠷᠠᠳ ᠤᠨ ᠶᠠᠪᠤᠳᠠᠯ ᠤᠨ ᠰᠢᠰᠲ᠋ᠧᠮ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠨᠳᠦᠰᠦᠨ ᠵᠦᠶᠯ ᠢ ᠪᠠᠲᠤᠯᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-03-26
               3 ᠳ᠋ᠤᠭᠠᠷ ᠰᠠᠷ᠎ᠠ ᠶᠢᠨ 13 ᠤ ᠡᠳᠦᠷ ᠪᠤᠭᠤᠲᠤ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠠᠷᠠᠳ ᠤᠨ ᠶᠠᠪᠤᠳᠠᠯ ᠤᠨ ᠰᠢᠰᠲ᠋ᠧᠮ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠨᠳᠦᠰᠦᠨ ᠵᠦᠶᠯ ᠢ ᠪᠠᠲᠤᠯᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ ᠣᠶᠢᠷ᠎ᠠ ᠶᠢᠨ ᠬᠤᠭᠤᠴᠠᠭᠠᠨ ᠤ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠵᠢᠴᠢ ᠪᠤᠭᠤᠲᠤ ᠬᠤᠲᠠ  ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳ᠋ᠦᠩ ᠾᠧ᠂ ᠰᠢᠭᠤᠶᠢᠲᠤ᠂ ᠲᠦᠮᠡᠳ ᠪᠠᠷᠠᠭᠤᠨ᠂ ᠳᠠᠷᠬᠠᠨ ᠮᠤᠤᠮᠢᠩᠭᠠᠨ᠂ ᠭᠦᠶᠡᠩ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠭᠰᠠᠨ ᠪᠥᠭᠡᠳ 2020 ᠣᠨ ᠤ ᠠᠷᠠᠳ ᠤᠨ ᠶᠠᠪᠤᠳᠠᠯ ᠤᠨ ᠬᠦᠷᠢᠶ᠎ᠡ ᠴᠠᠷᠠᠭᠠᠨ ᠤ ᠶᠠᠳᠠᠭᠤ ᠠᠴᠠ ᠠᠩᠬᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠠᠵᠢᠯ ᠢᠶᠠᠨ ᠲᠣᠬᠢᠷᠠᠭᠤᠯᠤᠠ ᠪᠠᠶᠢᠷᠢᠯᠠᠭᠤᠯᠤᠭᠰᠠᠨ ᠪᠠᠶᠢᠨ᠎ᠠ᠃      ᠬᠤᠷᠠᠯ ᠠᠴᠠ ᠠᠷᠠᠳ ᠤᠨ ᠶᠠᠪᠤᠳᠠᠯ ᠤᠨ ᠰᠢᠰᠲ᠋ᠧᠮ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠨᠳᠦᠰᠦᠨ ᠵᠦᠶᠯ ᠢ ᠪᠠᠲᠤᠯᠠᠬᠤ ᠠᠵᠢᠯ ᠢ ᠰᠠᠶᠢᠲᠤᠷ ᠬᠢᠵᠦ᠂ ᠪᠥᠬᠦ ᠲᠠᠯ᠎ᠠ ᠪᠠᠷ ᠳᠠᠶᠢᠴᠢᠯᠠᠨ᠂ ᠬᠦᠴᠤ ᠪᠠᠨ ᠲᠥᠪᠯᠡᠷᠡᠭᠦᠯᠦᠨ ᠪᠣᠭᠤᠮᠲᠠ ᠰᠢᠪᠲᠤᠯᠵᠤ᠂ ᠠᠮᠵᠢᠯᠲᠠ ᠲᠠᠢ ᠰᠠᠶᠢᠨ ᠬᠢᠵᠦ᠂ ᠬᠢᠵᠢᠭ ᠤᠨ ᠨᠥᠯᠥᠭᠡ ᠶᠢ ᠴᠢᠷᠮᠠᠶᠢᠨ ᠲᠡᠪᠴᠢᠵᠦ᠂ ᠨᠥᠬᠦᠴᠡᠯ ᠳᠤ ᠨᠡᠶᠢᠴᠡᠭᠰᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠦᠨᠳᠦᠰᠦᠨ ᠵᠦᠶᠯ ᠢ ᠪᠠᠲᠤᠯᠠᠬᠤ ᠳᠤ ᠨᠢᠭᠡ ᠡᠷᠦᠬᠡ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠷ ᠶᠠᠳᠠᠭᠤ ᠠᠴᠠ ᠠᠩᠬᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠨᠳᠦᠰᠦᠨ ᠵᠦᠶᠯ ᠢ ᠪᠠᠲᠤᠯᠠᠬᠤ ᠡᠯ᠎ᠡ ᠵᠦᠶᠯ ᠤᠨ ᠡᠭᠦᠷᠭᠡ ᠪᠠᠨ ᠡᠷᠡᠰ ᠪᠡᠶᠡᠯᠡᠭᠦᠯᠦᠨ᠎ᠡ᠃ ᠨᠢᠭᠡ ᠳᠤ ᠨᠡᠶᠢᠭᠡᠮ ᠤᠨ ᠳᠤᠰᠠᠯᠠᠮᠵᠢ ᠶᠢᠨ ᠪᠦᠭᠦᠳᠡ ᠶᠢ ᠶᠠᠳᠠᠭᠤ ᠠᠴᠠ ᠠᠩᠭᠢᠵᠢᠷᠠᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ᠨᠥᠬᠦᠴᠡᠯ ᠳᠤ ᠨᠡᠶᠢᠴᠡᠬᠦ ᠶᠠᠳᠠᠭᠤ ᠬᠦᠴᠢᠷᠳᠡᠯᠲᠡᠶ ᠬᠥᠮᠦᠨ ᠠᠮᠠ ᠪᠦᠬᠦᠨ ᠤ ᠦᠨᠳᠦᠰᠦᠨ ᠵᠦᠶᠯ ᠢ ᠦᠨᠡᠨᠬᠦ ᠪᠠᠲᠤᠯᠠᠨ᠎ᠠ᠃ ᠠᠵᠢᠯ ᠣᠯᠭᠤᠯᠲᠠ ᠶᠢᠨ ᠦᠷᠳᠡᠭ ᠢ ᠨᠢ ᠰᠠᠭᠤᠯᠭᠠᠨ ᠬᠠᠰᠤᠬᠤ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠠᠴᠠ ᠠᠶᠠᠨᠳᠠᠭᠠᠨ ᠭᠠᠷᠬᠤ ᠵᠡᠷᠭᠡ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠲᠠᠪᠤᠷᠢᠵᠢᠭᠤᠯᠵᠤ᠂ ᠲᠠᠬᠢᠨ ᠶᠠᠳᠠᠭᠤᠷᠠᠭᠰᠠᠳ ᠤᠨ ᠲᠤᠰᠠᠯᠠᠵᠤ ᠲᠡᠳᠬᠦᠬᠦ ᠠᠵᠢᠯ ᠢ ᠰᠠᠶᠢᠲᠤᠷ ᠬᠢᠨ᠎ᠡ᠃ ᠬᠤᠶᠠᠷ ᠲᠤ ᠣᠨᠴᠠ ᠬᠦᠴᠢᠷᠳᠡᠯ ᠲᠠᠢ ᠬᠦᠮᠤᠰ ᠢ ᠬᠠᠯᠠᠮᠵᠢᠯᠠᠨ ᠲᠡᠳᠬᠦᠬᠦ ᠶᠢ ᠴᠢᠩᠭᠠᠳᠬᠠᠨ᠎ᠠ᠃ ︽ᠭᠠᠭᠴᠠ ᠬᠥᠮᠦᠨ ᠢᠶᠠᠷ ᠪᠠᠲᠤᠯᠠᠬᠤ︾ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠲᠤᠯᠠᠬᠤ ᠶᠣᠰᠣᠲᠠᠶ ᠶᠢ ᠨᠢ ᠪᠦᠬᠦᠨ ᠢ ᠪᠠᠲᠤᠯᠠᠬᠤ ᠬᠡᠷᠡᠭᠲᠡᠶ︔ ᠣᠨᠴᠠ ᠬᠦᠴᠢᠷᠳᠡᠯᠲᠡᠶ ᠬᠥᠮᠦᠰ᠂ ᠥᠨᠥᠴᠢᠨ ᠬᠡᠦᠬᠡᠳ᠂ ᠪᠣᠳᠠᠲᠠᠶ ᠬᠠᠷᠠᠭᠠᠯᠵᠠᠨ ᠬᠠᠮᠠᠭᠠᠯᠠᠬᠤ ᠬᠥᠮᠦᠨ ᠥᠬᠡᠶ ᠬᠡᠦᠬᠡᠳ ᠵᠡᠷᠭᠡ ᠣᠨᠴᠠᠭᠠᠶ ᠬᠦᠮᠤᠰ ᠢ ᠲᠤᠰᠠᠯᠠᠬᠤ ᠠᠰᠠᠷᠠᠮᠵᠢ  ᠶᠢᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠰᠠᠷᠠᠨ ᠬᠠᠷᠠᠭᠠᠯᠵᠠᠪᠠᠰᠤ ᠵᠣᠬᠢᠬᠤ ᠶᠢ  ᠨᠢ ᠪᠦᠷ ᠠᠰᠠᠷᠠᠨ ᠬᠠᠷᠠᠭᠠᠯᠵᠠᠨ᠎ᠠ︔ ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠪᠠ ᠬᠦᠨᠳᠦ ᠵᠡᠮᠳᠡᠭᠴᠦᠳ ᠤᠨ ᠰᠤᠪᠢᠯᠠᠯᠲᠠ ᠶᠢᠨ ᠨᠦᠬᠦᠪᠤᠷᠢ ᠶᠢᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠥᠬᠦᠪᠥᠷᠢᠯᠡᠪᠡᠰᠦ ᠵᠣᠬᠢᠬᠤ ᠶᠢ ᠨᠢ ᠠᠯᠢ ᠴᠢᠳᠠᠬᠤ ᠪᠠᠷ ᠨᠥᠬᠦᠪᠥᠷᠢᠯᠡᠨ᠎ᠡ︔ ᠬᠥᠳᠡᠭᠡ ᠲᠣᠰᠬᠤᠨ ᠤ ᠭᠡᠷ ᠲᠡᠭᠡᠨ ᠬᠤᠴᠣᠷᠤᠭᠰᠠᠨ ᠬᠡᠦᠬᠡᠳ᠂ ᠡᠮᠡᠭᠲᠡᠶᠢᠴᠦᠳ ᠪᠣᠯᠤᠨ ᠨᠠᠰᠤᠲᠠᠶᠢᠴᠤᠳ ᠢ ᠬᠠᠯᠠᠮᠵᠢᠯᠠᠨ ᠬᠠᠷᠠᠭᠠᠯᠵᠠᠬᠤ ᠦᠶᠯᠡᠴᠢᠯᠡᠭᠡᠨ ᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠢᠳᠠᠪᠤᠷᠢᠵᠢᠭᠤᠯᠵᠤ᠂ ᠬᠠᠷᠠᠭᠠᠯᠵᠠᠪᠠᠰᠤ ᠵᠣᠬᠢᠬᠤ ᠶᠢ ᠨᠢ ᠪᠦᠬᠦᠨ ᠢ ᠬᠠᠷᠠᠭᠠᠯᠵᠠᠨ᠎ᠠ᠃ ᠭᠤᠷᠪᠠ ᠳᠤ ᠨᠡᠶᠢᠭᠡᠮ ᠤᠨ ᠬᠦᠴᠦᠨ ᠢ ᠳᠠᠶᠢᠴᠢᠯᠠᠨ ᠵᠢᠯᠣᠭᠤᠳᠴᠤ ᠪᠠᠶᠢᠭᠠᠳ ᠶᠠᠳᠠᠭᠤ ᠠᠴᠠ ᠠᠩᠬᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠤ ᠥᠷᠭᠡᠨ ᠳᠡᠯᠭᠡᠷ  ᠢᠶᠠᠷ ᠣᠷᠣᠯᠴᠠᠭᠤᠯᠤᠨ᠎ᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠤᠨᠢᠨ ᠳᠡᠭᠡᠷ᠎ᠡ ᠨᠢ ᠵᠣᠯᠭᠠᠭᠤᠯᠬᠤ ᠶᠢ ᠬᠦᠴᠦᠯᠡᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠨᠢᠭᠦᠯᠡᠰᠦᠩᠭᠦᠶ ᠶᠢᠨ ᠲᠦᠷᠦᠯ ᠵᠦᠢᠯ ᠢ ᠨᠠᠶᠢᠲᠠᠪᠤᠷᠢᠵᠢᠭᠤᠯᠬᠤ ᠲᠠᠯ᠎ᠠ ᠪᠠᠷ ᠪᠣᠳᠠᠲᠤ ᠦᠷ᠎ᠡ ᠪᠦᠲᠦᠮᠵᠢ ᠣᠯᠵᠤ᠂ ᠨᠡᠶᠢᠭᠡᠮ ᠤᠨ ᠠᠵᠢᠯ ᠪᠣᠯᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠭᠦᠨᠵᠡᠭᠡᠢ ᠣᠷᠣᠯᠴᠠᠬᠤ ᠶᠢ ᠠᠬᠢᠭᠤᠯᠬᠤ ᠳᠡᠭᠡᠷ᠎ᠡ ᠬᠦᠴᠦ ᠲᠠᠯᠪᠢᠨ᠎ᠠ᠃ ᠲᠦᠷᠪᠡ ᠳᠤ ᠠᠷᠠᠳ ᠤᠨ ᠶᠠᠪᠤᠳᠠᠯ ᠤᠨ ᠬᠦᠷᠢᠶᠡᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠮᠢᠶ᠎ᠠ ᠪᠦᠬᠦᠢ ᠠᠵᠢᠯ ᠢ ᠨᠢᠭᠡᠳᠦᠯᠲᠡᠢ ᠲᠥᠯᠥᠪᠵᠢᠭᠦᠯᠤᠨ᠎ᠠ᠃ ᠶᠠᠳᠠᠭᠤ ᠬᠦᠴᠢᠷᠳᠡᠯᠲᠡᠶ ᠭᠠᠵᠠᠷ ᠣᠷᠣᠨ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠪᠠ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠲᠣᠰᠬᠤᠨ ᠤ ᠳᠦᠷᠢᠮ ᠠᠷᠠᠳ ᠤᠨ ᠭᠡᠷ᠎ᠡ ᠶᠢ ᠲᠣᠭᠲᠠᠭᠠᠨ ᠨᠠᠶᠢᠳᠠᠪᠤᠷᠢᠵᠢᠭᠤᠯᠬᠤ ᠪᠠ ᠬᠤᠷᠢᠮ ᠣᠷᠣᠰᠢᠭᠤᠯᠭ᠎ᠠ ᠶᠢᠨ ᠬᠦᠷᠢᠶ᠎ᠡ ᠴᠠᠷᠠᠭ᠎ᠠ ᠶᠢᠨ ᠬᠡᠪ ᠵᠠᠩᠰᠢᠯ ᠢ ᠥᠭᠡᠷᠡᠴᠢᠯᠡᠬᠦ ᠶᠢ ᠲᠦᠷᠭᠡᠳᠬᠡᠨ᠂ ᠶᠠᠳᠠᠭᠤ ᠬᠦᠴᠢᠷᠳᠡᠯᠲᠡᠶ ᠭᠠᠵᠠᠷ ᠣᠷᠣᠨ  ᠤ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠲᠣᠬᠢᠷᠠᠭᠤᠯᠤᠯᠲᠠ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠰᠢᠯᠢᠳᠡᠭᠵᠢᠭᠦᠯᠬᠦ ᠶᠢ ᠵᠢᠯᠣᠭᠤᠳᠤᠨ ᠳᠠᠮᠵᠢᠵᠤ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠲᠦᠷᠦᠭᠦᠯᠡᠡ ᠬᠢᠭᠰᠡᠨ ᠭᠠᠵᠠᠷ ᠣᠷᠣᠨ ᠪᠠ ᠴᠢᠭ ᠤᠨ ᠶᠠᠳᠠᠭᠤ ᠶᠢ ᠲᠡᠳᠬᠦᠬᠦ ᠠᠵᠢᠯ ᠢ ᠦᠷᠭᠦᠯᠵᠢᠯᠡᠨ ᠰᠠᠶᠢᠲᠤᠷ ᠬᠢᠨ᠎ᠡ ᠭᠡᠵᠤ ᠴᠢᠬᠤᠯᠠᠴᠢᠯᠠᠭᠰᠠᠨ ᠪᠠᠶᠢᠨ᠎ᠠ᠃      ᠬᠤᠷᠠᠯ ᠠᠴᠠ ᠪᠠᠰᠠ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠶᠠᠳᠠᠭᠤ  ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠴᠢᠬᠤᠯᠠ ᠪᠦᠭᠡᠳ ᠲᠤᠯᠭᠠᠮ᠎ᠠ ᠴᠢᠨᠠᠷ ᠤᠨ ᠲᠤᠬᠠᠢ ᠲᠠᠨᠢᠯᠲᠠ ᠪᠠᠨ ᠤᠯᠠᠮ ᠳᠡᠭᠡᠭᠰᠢᠯᠡᠭᠦᠯᠵᠦ᠂ ᠲᠥᠯᠥᠪᠯᠡᠭᠡ ᠶᠣᠰᠣᠭᠠᠷ ᠠᠵᠢᠯ ᠡᠭᠦᠷᠭᠡ ᠪᠠᠨ ᠲᠣᠳᠣᠷᠬᠠᠶᠢᠯᠠᠨ᠂ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠲᠣᠭᠲᠠᠭᠠᠵᠤ᠂ ᠪᠣᠳᠠᠲᠠᠢ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ ᠂ ᠠᠷᠭ᠎ᠠ ᠵᠠᠮ᠂ ᠴᠠᠭ ᠬᠤᠭᠤᠴᠠᠭ᠎ᠠ ᠪᠣᠯᠤᠨ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠡᠯ᠎ᠡ ᠵᠦᠢᠯ ᠤᠨ ᠡᠭᠦᠷᠭᠡ ᠬᠠᠷᠢᠭᠤᠴᠠᠯᠭ᠎ᠠ ᠪᠠᠨ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠰᠢᠪᠠᠳᠠᠨ ᠪᠠᠶᠢᠴᠠᠭᠠᠬᠤ ᠲᠣᠭᠲᠠᠴᠠ ᠪᠠᠨ ᠲᠡᠭᠦᠯᠳᠡᠷᠵᠢᠭᠦᠯᠵᠦ᠂ ᠠᠵᠢᠯ ᠤᠨ ᠠᠬᠢᠴᠠ ᠠᠨᠠᠢ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠥᠬᠡᠶ ᠭᠠᠵᠠᠷ ᠣᠷᠣᠨ᠂ ᠨᠢᠭᠡᠴᠢ ᠶᠢ ᠢᠯᠠ ᠪᠠᠷ ᠰᠢᠭᠦᠮᠵᠢᠯᠡᠨ᠂ ᠲᠤᠰᠬᠠᠶᠢᠯᠠᠨ ᠰᠢᠪᠠᠳᠠᠨ ᠭᠦᠢᠴᠡᠳᠬᠡᠭᠦᠯᠬᠦ᠂ ᠪᠣᠯᠵᠣᠨ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠰᠢᠪᠠᠲᠠᠨ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠠᠷᠠᠳ ᠤᠨ ᠶᠠᠪᠤᠳᠠᠯ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠲᠥᠷᠥ ᠶᠢᠨ ᠪᠣᠳᠣᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠳᠦᠯᠬᠢᠨ ᠠᠬᠢᠭᠤᠯᠬᠤ ᠭᠡᠵᠤ ᠱᠠᠭᠠᠷᠲᠠᠭᠰᠠᠨ ᠪᠠᠶᠢᠨ᠎ᠠ᠃
 
ᠢᠷᠡᠯᠲᠡ᠄ ᠠᠷᠠᠳ ᠤᠨ ᠶᠠᠪᠤᠳᠠᠯ ᠤᠨ ᠲᠢᠩᠬᠢᠮ ᠤᠨ ᠬᠢᠲᠠᠳ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号