ᠰᠢᠯᠢ ᠶᠢᠨ ᠭᠤᠤᠯ ᠠᠶᠢᠮᠠᠭ ᠬᠢᠵᠢᠭ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠬᠢ ᠣᠷᠤᠭ ᠳᠠᠩᠰᠠᠯᠠᠬᠤ ᠠᠵᠢᠯ ᠢ ᠡᠮᠬᠢ ᠵᠢᠷᠤᠮ ᠲᠠᠢ ᠰᠠᠶᠢᠨ ᠬᠢᠵᠤ ᠪᠠᠶᠢᠨ᠎ᠠ
ᠨᠡᠶᠢᠲᠡᠯᠡᠭᠰᠡᠨ ᠴᠠᠭ᠄
2020-04-17
               ᠬᠢᠵᠢᠭ ᠢ ᠰᠡᠷᠭᠡᠶᠢᠯᠡᠨ ᠡᠵᠡᠮᠳᠡᠬᠦ ᠪᠠ ᠣᠯᠠᠨ ᠲᠦᠮᠡᠨ ᠳᠤ ᠦᠢᠯᠡᠴᠢᠯᠡᠬᠦ ︽ᠬᠤᠶᠠᠷ ᠢ ᠥᠯᠥ ᠰᠠᠭᠠᠲᠠᠭᠠᠬᠤ︾ ᠶᠢ ᠦᠨᠡᠨᠬᠦ ᠪᠠᠲᠤᠯᠠᠬᠤ ᠶᠢᠨ ᠲᠤᠰᠠᠳᠠ᠂ ᠰᠢᠯᠢ ᠶᠢᠨ ᠭᠤᠤᠯ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠤᠷᠢᠳ ᠬᠤᠵᠢᠳ ︽ᠣᠷᠤᠭ ᠳᠠᠩᠰᠠᠯᠠᠬᠤ ᠪᠠᠶᠢᠭᠤᠯᠤᠮᠵᠢ ᠶᠢᠨ ᠰᠢᠨ᠎ᠡ ᠳᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨᠬᠦ ᠰᠠᠶᠢᠲᠤᠷ ᠬᠢᠬᠦ ᠲᠤᠬᠠᠶ ᠮᠡᠳᠡᠭᠳᠡᠯ︾᠂ ︽2 ᠳ᠋ᠤᠭᠠᠷ ᠰᠠᠷ᠎ᠠ ᠶᠢᠨ 14 ᠤ ᠡᠳᠦᠷ ᠤᠨ ︿ᠠᠮᠠᠷᠠᠭᠴᠤᠤᠯ ᠤᠨ ᠪᠠᠶᠠᠷ﹀ ᠢᠶᠠᠷ ᠣᠷᠤᠭ ᠳᠠᠩᠰᠠᠯᠠᠭᠤᠯᠬᠤ ᠪᠠ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠡ ᠠᠪᠴᠤ ᠪᠠᠶᠢᠭᠠᠳ ᠣᠷᠤᠭ ᠳᠠᠩᠰᠠᠯᠠᠬᠤ ᠠᠵᠢᠯ ᠤᠨ ᠠᠮᠤᠷ ᠲᠦᠪᠰᠢᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠪᠠ᠃      ᠨᠢᠭᠡ ᠳᠤ᠂ ︽ᠤᠷᠢᠳ ᠢᠶᠠᠷ ᠪᠣᠯᠵᠣᠵᠤ᠂ ᠳᠠᠷᠠᠭ᠎ᠠ ᠨᠢ ᠳᠠᠩᠰᠠᠯᠠᠨ᠎ᠠ︾᠃ ᠤᠷᠢᠳᠴᠢᠯᠠᠨ ᠪᠣᠯᠵᠣᠬᠤ ᠤᠲᠠᠰᠤ ᠶᠢ ᠨᠡᠶᠢᠲᠡᠯᠡᠬᠦ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠳᠡᠭᠡᠷ᠎ᠡ ᠦᠭᠡ ᠦᠯᠡᠳᠡᠭᠡᠵᠤ ᠤᠷᠢᠳᠴᠢᠯᠠᠨ ᠪᠣᠯᠵᠣᠬᠤ ᠵᠡᠷᠭᠡ ᠠᠷᠭ᠎ᠠ ᠮᠠᠶ᠋ᠢᠭ ᠢᠶᠠᠷ ᠡᠳᠦᠷ ᠪᠦᠷᠢ ᠶᠢᠨ ᠭᠦᠢᠴᠡᠳᠬᠡᠬᠦ ᠳᠠᠩᠰᠠᠯᠠᠯᠲᠠ ᠶᠢᠨ ᠲᠤᠭ᠎ᠠ ᠶᠢ ᠵᠦᠶ ᠵᠣᠬᠢᠰᠲᠠᠶ ᠲᠣᠭᠲᠠᠭᠠᠪᠠ︔ ᠳᠠᠩᠰᠠᠯᠠᠬᠤ ᠴᠠᠭ ᠢ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠤᠨ ᠡᠵᠡᠮᠳᠡᠵᠦ᠂ ᠦᠨᠡᠮᠯᠡᠯ ᠣᠯᠭᠤᠬᠤ ᠠᠵᠢᠯᠲᠠᠳ ᠪᠣᠯᠵᠣᠨ ᠲᠣᠭᠲᠠᠭᠰᠠᠨ ᠴᠠᠭ ᠲᠤ ᠠᠵᠢᠯ ᠳᠤ ᠪᠠᠨ ᠭᠠᠷᠴᠤ᠂ ᠳᠠᠩᠰᠠᠯᠠᠬᠤ ᠲᠠᠯᠠᠪᠤᠷ ᠲᠤ ᠬᠥᠮᠦᠰ ᠤᠨ ᠴᠤᠭᠯᠠᠷᠠᠬᠤ ᠶᠢ ᠠᠯᠢ ᠴᠢᠳᠠᠬᠤᠶᠢᠴᠠ ᠪᠠᠭᠠᠰᠬᠠᠵᠠᠢ᠃      ᠬᠤᠶᠠᠷ ᠲᠤ ᠤᠷᠤᠭ ᠳᠠᠩᠰᠠᠯᠠᠬᠤ ᠶᠠᠪᠤᠴᠠ ᠪᠠᠨ ᠤᠷᠢᠳᠴᠢᠯᠠᠨ ᠮᠡᠳᠡᠭᠳᠡᠪᠠ᠃ ᠤᠷᠢᠳᠴᠢᠯᠠᠨ ᠪᠣᠯᠵᠣᠵᠤ ᠳᠠᠩᠰᠠᠯᠠᠯᠲᠠ ᠬᠢᠬᠦ ᠳᠤ ᠳᠤᠬᠠᠢ ᠶᠢᠨ ᠬᠥᠮᠦᠨ ᠳᠤ ᠣᠷᠤᠭ ᠳᠠᠩᠰᠠᠯᠠᠬᠤ ᠨᠥᠬᠦᠴᠡᠯ᠂ ᠳᠠᠩᠰᠠᠯᠠᠬᠤ ᠶᠠᠪᠤᠴᠠ᠂ ᠪᠡᠯᠡᠳᠬᠡᠬᠦ ᠴᠢᠬᠤᠯᠠᠲᠠᠶ ᠭᠡᠷᠡᠴᠢ ᠮᠠᠲ᠋ᠧᠷᠢᠶᠠᠯ ᠵᠡᠷᠭᠡ ᠪᠠᠨ ᠮᠡᠳᠡᠭᠳᠡᠵᠦ᠂ ᠤᠷᠤᠭ ᠳᠠᠩᠰᠠᠯᠠᠬᠤ ᠴᠠᠭ ᠢ ᠠᠯᠢ ᠴᠢᠳᠠᠬᠤ ᠪᠠᠷ ᠪᠣᠭᠤᠨᠢᠰᠬᠠᠪᠠ᠃      ᠭᠤᠷᠪᠠ ᠳᠤ ᠬᠢᠵᠢᠭ ᠢ ᠰᠡᠷᠭᠡᠶᠢᠯᠡᠨ ᠡᠵᠡᠮᠳᠡᠬᠦ ᠪᠠ ᠤᠷᠤᠭ ᠳᠠᠩᠰᠠᠯᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠪᠠ᠃ ᠣᠷᠤᠭ ᠳᠠᠩᠰᠠᠯᠠᠬᠤ ᠲᠠᠯᠠᠪᠤᠷ ᠢ ᠲᠣᠭᠲᠠᠮᠠᠯ ᠬᠤᠭᠤᠴᠠᠭ᠎ᠠ ᠲᠠᠢ ᠪᠠᠷ ᠠᠷᠢᠭᠤᠳᠬᠠᠵᠤ᠂ ᠰᠠᠯᠬᠢ ᠨᠡᠪᠲᠡᠷᠡᠭᠦᠯᠤᠨ᠂ ᠳᠡᠩᠰᠡᠯᠡᠨ ᠲᠡᠮᠳᠡᠭᠯᠡᠬᠦ ᠲᠠᠯᠠᠪᠤᠷ ᠲᠤ ᠣᠷᠣᠭᠰᠠᠳ ᠤᠨ ᠮᠡᠳᠡᠭᠡ ᠵᠠᠩᠬᠢ᠂ ᠪᠡᠶ᠎ᠡ ᠶᠢᠨ ᠳᠤᠯᠠᠭᠠᠨ ᠢ ᠪᠠᠶᠢᠴᠠᠭᠠᠨ ᠬᠡᠮᠵᠢᠵᠤ ᠲᠡᠮᠳᠡᠭᠯᠡᠨ᠂ ᠠᠮᠠᠪᠴᠢ ᠵᠡᠭᠦᠬᠦ ᠱᠠᠭᠠᠷᠳᠠᠯᠭ᠎ᠠ ᠶᠣᠰᠣᠭᠠᠷ ᠬᠢᠵᠢᠭ ᠤᠨ ᠡᠭᠦᠰᠬᠦ ᠡᠯ᠎ᠡ ᠵᠦᠢᠯ ᠤᠨ ᠳᠠᠯᠳᠠ ᠬᠡᠮ ᠢ ᠠᠷᠢᠯᠭᠠᠭᠰᠠᠨ ᠪᠠᠶᠢᠨ᠎ᠠ᠃      2020 ᠣᠨ ᠤ ᠨᠢᠭᠡᠳᠦᠭᠡᠷ ᠤᠯᠠᠷᠢᠯ ᠤᠨ ᠰᠡᠭᠦᠯᠴᠢ ᠪᠣᠯᠲᠠᠯ᠎ᠠ ᠰᠢᠯᠢ ᠶᠢᠨ ᠭᠤᠤᠯ ᠠᠶᠢᠮᠠᠭ ᠤᠨ ᠡᠯ᠎ᠡ ᠱᠠᠲᠤᠨ ᠤ ᠣᠷᠤᠭ ᠳᠠᠩᠰᠠᠯᠠᠬᠤ ᠪᠠᠶᠢᠭᠤᠯᠤᠮᠵᠢ ᠨᠡᠶᠢᠲᠡ 823 ᠬᠤᠤᠰ ᠣᠷᠤᠭ ᠤᠨ ᠳᠡᠩᠰᠡᠯᠡᠯᠲᠡ ᠬᠢᠵᠦ᠂ 445 ᠬᠤᠤᠰ ᠣᠷᠤᠭ ᠰᠠᠯᠬᠤ ᠳᠠᠩᠰᠠᠯᠠᠯᠲᠠ ᠬᠢᠵᠦ᠂ ᠣᠷᠤᠭ ᠤᠨ ᠳᠡᠩᠰᠡᠯᠡᠯᠲᠡ ᠶᠢᠨ ᠦᠨᠡᠮᠯᠡᠯ ᠢ 605 ᠬᠤᠤᠰ ᠨᠥᠬᠦᠨ ᠭᠦᠢᠴᠡᠳᠬᠡᠵᠤ᠂ ᠣᠷᠤᠭ ᠰᠠᠯᠬᠤ ᠲᠡᠮᠳᠡᠭ ᠢ 61 ᠬᠤᠤᠰ ᠨᠥᠬᠦᠵᠤ ᠦᠭᠭᠦᠭᠰᠡᠨ ᠪᠠᠶᠢᠨ᠎ᠠ᠃
 
ᠢᠷᠡᠯᠲᠡ᠄ ᠠᠷᠠᠳ ᠤᠨ ᠶᠠᠪᠤᠳᠠᠯ ᠤᠨ ᠲᠢᠩᠬᠢᠮ ᠤᠨ ᠬᠢᠲᠠᠳ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号