ᠴᠧᠩ ᠲᠢᠶᠠᠨ ᠹᠦ᠋ ᠨᠡᠷ ᠳ᠋ᠡ ᠰᠢ ᠲᠣᠰᠬᠤᠨ ᠳᠤ ᠬᠦᠷᠴᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2020-04-17
         4 ᠳ᠋ᠤᠭᠡᠷ ᠰᠠᠷ᠎ᠠ ᠶᠢᠨ 9 ᠤ ᠡᠳᠦᠷ ᠤᠯᠠᠭᠠᠨᠴᠠᠪ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠴᠧᠩ ᠲᠢᠶᠠᠨ ᠹᠦ᠋ ᠨᠡᠷ ᠳ᠋ᠡ ᠰᠢ ᠲᠣᠰᠬᠤᠨ ᠳᠤ ᠬᠦᠷᠴᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠤ ᠪᠠᠶᠢᠴᠠᠭᠠᠨ ᠰᠤᠳᠤᠯᠤᠯᠲᠠ ᠶᠢᠨ ᠰᠠᠭᠤᠳᠠᠯ ᠤᠨ ᠬᠤᠷᠠᠯ ᠬᠤᠷᠠᠯᠳᠤᠭᠤᠯᠪᠠ᠃      ᠰᠠᠭᠤᠳᠠᠯ ᠤᠨ ᠬᠤᠷᠠᠯ ᠳᠡᠭᠡᠷ᠎ᠡ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠠᠯᠭᠠᠰᠤᠨ ᠤ ᠤᠳᠤᠷᠢᠳᠤᠯᠭ᠎ᠠ᠂ ᠲᠣᠰᠬᠤᠨ ᠤ ᠬᠤᠶᠠᠷ ᠵᠥᠪᠯᠡᠯ ᠤᠨ ᠪᠦᠷᠢᠯᠳᠦᠬᠦᠨ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠪᠠ ᠰᠠᠨᠠᠯ ᠰᠠᠨᠠᠭᠤᠯᠭ᠎ᠠ ᠶᠢ ᠰᠣᠨᠣᠰᠴᠤ᠂ ᠲᠣᠰᠬᠤᠨ ᠤ ᠠᠷᠠᠳ ᠤᠨ ᠤᠤᠭᠤᠬᠤ ᠤᠰᠤ ᠪᠠ ᠣᠷᠣᠨ ᠰᠠᠭᠤᠴᠠ ᠶᠢᠨ ᠠᠮᠤᠷ ᠲᠦᠪᠰᠢᠨ ᠤ ᠪᠠᠶᠢᠳᠠᠯ ᠢ ᠣᠶᠢᠯᠠᠭᠠᠪᠠ᠃      ᠰᠠᠭᠤᠳᠠᠯ ᠤᠨ ᠬᠤᠷᠠᠯ ᠤᠨ ᠳᠠᠷᠠᠭ᠎ᠠ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠣᠰᠬᠤᠨ ᠤ ᠬᠠᠮᠲᠤ ᠶᠢᠨ ᠠᠵᠤ ᠠᠬᠤᠢ ᠶᠢᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠲᠦᠷᠦᠯ ᠵᠦᠢᠯ ᠢ ᠪᠠᠶᠢᠴᠠᠭᠠᠨ ᠰᠤᠳᠤᠯᠵᠤ ᠂ ᠠᠵᠤ ᠦᠢᠯᠡᠰ ᠤᠨ ᠬᠦᠭᠵᠢᠯᠲᠡ ᠪᠠᠷ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠨᠡᠮᠡᠭᠳᠡᠭᠦᠯᠵᠦ᠂ ᠶᠠᠳᠠᠭᠤ ᠬᠦᠴᠢᠷᠲᠡᠯ ᠲᠠᠢ ᠤᠯᠠᠨ ᠲᠦᠮᠡᠨ ᠤ ᠳᠣᠲᠣᠭᠠᠳᠤ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠬᠥᠭᠵᠢᠭᠡᠵᠦ᠂ ︽ᠬᠦᠯᠢᠶᠡᠬᠦ ᠳᠦᠰᠢᠬᠦ ᠠᠪᠬᠤ︾ ᠭᠡᠰᠡᠨ ᠦᠵᠡᠯ ᠰᠠᠨᠠᠭ᠎ᠠ ᠶᠢ ᠡᠷᠡᠰ ᠲᠡᠪᠴᠢᠨ᠂ ︽ᠶᠠᠳᠠᠭᠤ ᠶᠢ ᠲᠡᠳᠬᠦᠬᠦ᠂ ᠵᠣᠷᠢᠭ ᠢ ᠲᠡᠳᠬᠦᠬᠦ᠂ ᠤᠶᠤᠨ ᠢ ᠲᠡᠳᠬᠦᠬᠦ︾ ᠶᠢ ᠪᠦᠲᠦᠮᠵᠢᠲᠡᠢ ᠤᠶᠠᠯᠳᠤᠭᠤᠯᠵᠤ᠂ ᠶᠠᠳᠠᠭᠤ ᠠᠴᠠ ᠠᠩᠭᠢᠵᠢᠷᠠᠭᠤᠯᠬᠤ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠵᠤ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠪᠠᠨ ᠪᠠᠬᠢᠵᠢᠭᠦᠯᠬᠦ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃
 
ᠢᠷᠡᠯᠲᠡ᠄ ᠠᠷᠠᠳ ᠤᠨ ᠶᠠᠪᠤᠳᠠᠯ ᠤᠨ ᠲᠢᠩᠬᠢᠮ ᠤᠨ ᠬᠢᠲᠠᠳ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号