ᠤᠯᠠᠭᠠᠨᠬᠠᠳᠠ ᠬᠤᠲᠠ 10 ᠰᠠᠷ᠎ᠠ ᠳᠠᠷᠠᠭᠠᠯᠠᠨ ᠪᠠᠷᠠᠭᠠᠨ ᠤ ᠦᠨ᠎ᠡ ᠶᠢᠨ ᠥᠰᠥᠯᠲᠡ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠬᠦᠳᠡᠯᠭᠡᠨ 3 ᠲᠥᠷᠥᠯ ᠤᠨ ᠬᠦᠴᠢᠷᠳᠡᠯᠲᠡᠶ ᠣᠯᠠᠨ ᠲᠦᠮᠡᠨ ᠳᠤ ᠦᠨ᠎ᠡ ᠬᠠᠩᠰᠢ ᠶᠢᠨ ᠲᠦᠷ ᠴᠠᠭ ᠤᠨ ᠨᠦᠬᠦᠪᠤᠷᠢ ᠣᠯᠭᠤᠪᠠ
ᠨᠡᠶᠢᠲᠡᠯᠡᠭᠰᠡᠨ ᠴᠠᠭ᠄
2020-04-22
             ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠵᠢᠷᠭᠤᠭᠠᠨ ᠰᠠᠯᠠᠭ᠎ᠠ ᠮᠥᠴᠢᠷ ᠤᠨ ︽2020 ᠣᠨ ᠤ 2 ᠳ᠋ᠤᠭᠠᠷ ᠰᠠᠷ᠎ᠠ ᠶᠢᠨ ᠨᠡᠶᠢᠭᠡᠮ ᠤᠨ ᠳᠤᠰᠠᠯᠠᠮᠵᠢ ᠪᠠ ᠪᠠᠳᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠥᠰᠥᠯᠲᠡ ᠲᠠᠢ ᠬᠤᠯᠪᠣᠭᠳᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠬᠦᠳᠡᠯᠭᠡᠬᠦ ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ ᠪᠠᠷ ᠤᠯᠠᠭᠠᠨᠬᠠᠳᠠ ᠬᠤᠲᠠ 2020 ᠣᠨ ᠤ 2 ᠳ᠋ᠤᠭᠠᠷ ᠰᠠᠷ᠎ᠠ ᠶᠢᠨ ᠨᠡᠶᠢᠭᠡᠮ ᠤᠨ ᠳᠤᠰᠠᠯᠠᠮᠵᠢ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠥᠰᠥᠯᠲᠡ ᠲᠠᠢ ᠬᠤᠯᠪᠣᠭᠳᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ︵ᠳᠣᠷᠣᠭᠰᠢ ︽ᠬᠠᠮᠲᠤᠷᠠᠨ ᠬᠥᠳᠡᠯᠦᠯᠴᠡᠬᠦ ᠲᠣᠭᠲᠠᠴᠠ︾ ᠭᠡᠵᠦ ᠲᠣᠪᠴᠢᠯᠠᠨ᠎ᠠ︶ ᠶᠢ ᠬᠦᠳᠡᠯᠭᠡᠵᠤ᠂ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠡᠲᠡᠭᠡᠳ᠂ ᠣᠨᠴᠠ ᠬᠦᠴᠢᠷᠳᠡᠯᠲᠡᠶ ᠬᠥᠮᠦᠰ᠂ ᠨᠡᠶᠢᠭᠡᠮ ᠳᠡᠭᠡᠷ᠎ᠡ ᠲᠠᠷᠠᠬᠠᠶ ᠰᠠᠭᠤᠵᠤ ᠪᠠᠶᠢᠭ᠎ᠠ ᠪᠠ ᠠᠰᠠᠷᠠᠮᠵᠢ ᠶᠢᠨ ᠪᠠᠶᠢᠭᠤᠯᠤᠮᠵᠢ ᠳᠤ ᠲᠦᠪᠯᠡᠷᠡᠩᠭᠦᠢ ᠠᠰᠠᠷᠠᠨ ᠬᠠᠷᠠᠭᠠᠯᠵᠠᠵᠤ ᠪᠠᠶᠢᠭ᠎ᠠ ᠥᠨᠥᠴᠢᠨ ᠬᠡᠤᠬᠡᠳ ᠲᠤ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠣᠯᠭᠤᠭᠰᠠᠨ ᠪᠠᠶᠢᠨ᠎ᠠ᠃      2020 ᠣᠨ ᠤ 2 ᠳ᠋ᠤᠭᠠᠷ ᠰᠠᠷ᠎ᠠ ᠳᠤ ᠬᠤᠲᠠ ᠶᠢᠨ ᠲᠤᠰᠠᠯᠠᠮᠵᠢ ᠶᠢᠨ ᠡᠲᠡᠭᠡᠳ ᠤᠨ ᠪᠠᠷᠢᠮᠵᠢᠶ᠎ᠠ ᠶᠢ ᠬᠥᠮᠦᠨ ᠪᠦᠷᠢ ᠰᠠᠷ᠎ᠠ ᠳᠤ 35.29 ᠲᠥᠭᠦᠷᠢᠭ ᠨᠥᠬᠦᠪᠥᠷᠢᠯᠡᠵᠦ᠂ ᠮᠠᠯᠵᠢᠬᠤ ᠲᠠᠷᠢᠶᠠᠯᠠᠬᠤ ᠣᠷᠣᠨ ᠤ ᠲᠤᠰᠠᠯᠠᠮᠵᠢ ᠶᠢᠨ ᠡᠲᠡᠭᠡᠳ ᠲᠤ ᠬᠥᠮᠦᠨ ᠪᠦᠷᠢ ᠰᠠᠷ᠎ᠠ ᠳᠤ 25.14 ᠲᠥᠭᠦᠷᠢᠭ ᠨᠥᠬᠦᠪᠥᠷᠢᠯᠡᠵᠠᠢ᠃ ᠣᠳᠣᠬᠠᠨ ᠳᠤ ᠨᠥᠬᠦᠪᠥᠷᠢ ᠶᠢ ᠶᠠᠭ ᠣᠯᠭᠤᠵᠤ ᠪᠠᠶᠢᠨ᠎ᠠ᠃ ᠵᠢᠱᠢᠯᠲᠡ ᠪᠠᠷ 964 ᠲᠦᠮᠡᠨ ᠲᠥᠭᠦᠷᠢᠭ ᠲᠠᠷᠬᠠᠭᠠᠵᠤ᠂ 37 ᠲᠦᠮᠡᠨ ᠬᠦᠴᠢᠷᠳᠡᠯᠲᠡᠶ ᠣᠯᠠᠨ ᠲᠦᠮᠡᠨ ᠳᠤ ᠠᠰᠢᠭ ᠬᠦᠷᠲᠡᠭᠡᠬᠦ ᠪᠣᠯᠤᠨ᠎ᠠ᠃ 2019 ᠣᠨ ᠤ 5 ᠳ᠋ᠤᠭᠠᠷ ᠰᠠᠷ᠎ᠠ ᠠᠴᠠ 2020 ᠣᠨ ᠤ 1 ᠳ᠋ᠤᠭᠡᠷ ᠰᠠᠷ᠎ᠠ ᠪᠣᠯᠲᠠᠯ᠎ᠠ ᠤᠯᠠᠭᠠᠨᠬᠠᠳᠠ ᠬᠤᠲᠠ ᠨᠢᠭᠡᠨᠲᠡ 6885 ᠲᠦᠮᠡᠨ ᠲᠥᠭᠦᠷᠢᠭ ᠤᠨ ᠲᠦᠷ ᠴᠠᠭ ᠤᠨ ᠦᠨ᠎ᠡ ᠬᠠᠩᠰᠢ ᠶᠢᠨ ᠨᠥᠬᠦᠪᠥᠷᠢ ᠮᠦᠩᠭᠦ ᠣᠯᠭᠤᠵᠤ᠂ ᠬᠤᠲᠠ ᠶᠢᠨ ᠨᠥᠬᠦᠪᠥᠷᠢ ᠬᠦᠷᠲᠡᠭᠴᠢᠳ ᠰᠠᠷ᠎ᠠ ᠳᠤ ᠪᠠᠨ ᠳᠤᠮᠳᠠᠴᠢ ᠪᠠᠷ 31.53 ᠲᠥᠭᠦᠷᠢᠭ ᠣᠯᠵᠤ᠂ ᠬᠥᠳᠡᠭᠡ ᠲᠣᠰᠬᠤᠨ ᠤ ᠨᠥᠬᠦᠪᠥᠷᠢ ᠬᠦᠷᠲᠡᠭᠴᠢᠳ ᠰᠠᠷ᠎ᠠ ᠳᠤ ᠪᠠᠨ ᠳᠤᠮᠳᠠᠴᠢ ᠪᠠᠷ 19.78 ᠲᠥᠭᠦᠷᠢᠭ ᠤᠨ ᠨᠥᠬᠦᠪᠥᠷᠢ ᠣᠯᠤᠭᠠᠳ᠂ ᠰᠠᠷ᠎ᠠ ᠪᠦᠷᠢ 36.7 ᠲᠦᠮᠡᠨ ᠬᠦᠴᠢᠷᠳᠡᠯᠲᠡᠶ ᠣᠯᠠᠨ ᠲᠦᠮᠡᠨ ᠳᠤ ᠠᠰᠢᠭ ᠬᠦᠷᠲᠡᠭᠡᠪᠡ᠃
 
ᠢᠷᠡᠯᠲᠡ᠄ ᠠᠷᠠᠳ ᠤᠨ ᠶᠠᠪᠤᠳᠠᠯ ᠤᠨ ᠲᠢᠩᠬᠢᠮ ᠤᠨ ᠬᠢᠲᠠᠳ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号