ᠲᠢᠩᠬᠢᠮ ᠤᠨ ᠳᠠᠷᠤᠭ᠎ᠠ ᠴᠧᠨ ᠵᠢᠶᠧ ᠬᠥᠬᠡᠬᠤᠲᠠ ᠳᠤ ᠭᠦᠨᠵᠡᠭᠡᠶᠢᠷᠡᠨ ᠬᠠᠩᠰᠢ ᠶᠢᠨ ᠡᠳᠤᠷ ᠤᠨ ᠬᠢᠵᠢᠭ ᠢ ᠰᠡᠷᠭᠡᠶᠢᠯᠡᠨ ᠡᠵᠡᠮᠳᠡᠬᠦ ᠪᠠ ᠳᠠᠭᠢᠵᠤ ᠱᠦᠭᠦᠷᠳᠡᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020-04-09
             4 ᠳ᠋ᠦ᠋ᠭᠡᠷ ᠰᠠᠷ᠎ᠠ ᠶᠢᠨ 1 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ  ᠤᠨ ᠳᠠᠷᠤᠭ᠎ᠠ ᠴᠧᠨ ᠵᠢᠶᠧ ᠬᠥᠬᠡᠬᠤᠲᠠ ᠳᠤ ᠬᠦᠷᠴᠦ ᠬᠠᠩᠰᠢ ᠶᠢᠨ ᠡᠳᠤᠷ ᠤᠨ ᠬᠢᠵᠢᠭ ᠢ ᠰᠡᠷᠭᠡᠶᠢᠯᠡᠨ ᠡᠵᠡᠮᠳᠡᠬᠦ ᠪᠠ ᠳᠠᠭᠢᠵᠤ ᠱᠦᠭᠦᠷᠳᠡᠬᠦ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠵᠤ᠂ ᠬᠢᠵᠢᠭ ᠢ ᠰᠡᠷᠭᠡᠶᠢᠯᠡᠨ ᠡᠵᠡᠮᠳᠡᠬᠦ ᠂ ᠳᠠᠭᠢᠵᠤ ᠱᠦᠭᠦᠷᠳᠡᠬᠦ᠂ ᠭᠠᠯ ᠰᠡᠷᠭᠡᠶᠢᠯᠡᠬᠦ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠪᠠ ᠰᠦᠯᠵᠢᠶᠡᠨ ᠳᠡᠭᠡᠷ᠎ᠡ ᠤᠷᠢᠳᠴᠢᠯᠠᠨ ᠪᠣᠯᠵᠣᠬᠤ᠂ ᠬᠦᠷᠢᠶᠡᠯᠡᠩ ᠳᠤ ᠣᠷᠣᠵᠤ ᠳᠠᠬᠢᠵᠤ ᠱᠦᠭᠦᠷᠳᠡᠬᠦ ᠭᠠᠷ ᠭᠦᠶᠴᠡᠳᠬᠡᠯ ᠬᠢᠭᠰᠡᠨ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠡᠭᠦᠨ ᠤ ᠬᠠᠮᠲᠤ ᠴᠢᠬᠤᠯᠠᠴᠢᠯᠠᠭᠰᠠᠨ ᠨᠢ᠄ ᠨᠢᠭᠡ ᠳᠤ᠂ ᠬᠠᠩᠰᠢ ᠶᠢᠨ ᠡᠳᠦᠷ ᠤᠨ ᠲᠠᠬᠢᠯᠭ᠎ᠠ ᠱᠦᠭᠦᠷᠳᠡᠯᠲᠡ ᠶᠢᠨ ᠠᠵᠢᠯ ᠢ ᠳᠡᠭᠡᠳᠦ ᠬᠡᠮᠵᠢᠶ᠎ᠡ ᠪᠠᠷ ᠬᠦᠨᠳᠤᠳᠬᠡᠵᠤ᠂ ᠨᠢᠭᠡ ᠲᠠᠯ᠎ᠠ ᠪᠠᠷ ᠬᠢᠵᠢᠭ ᠰᠡᠷᠭᠡᠶᠢᠯᠡᠬᠦ ᠶᠢ ᠠᠳᠬᠤᠨ᠂ ᠨᠢᠭᠡ ᠲᠠᠯ᠎ᠠ ᠪᠠᠷ ᠭᠠᠯ ᠰᠡᠷᠭᠡᠶᠢᠯᠡᠬᠦ ᠶᠢ ᠠᠳᠬᠤᠵᠤ᠂ ᠬᠢᠵᠢᠭ ᠢ ᠰᠡᠷᠭᠡᠶᠢᠯᠡᠨ ᠡᠵᠡᠮᠳᠡᠬᠦ ᠪᠠ ᠲᠠᠬᠢᠯᠭ᠎ᠠ ᠱᠦᠭᠦᠷᠳᠡᠯᠲᠡ ᠶᠢᠨ ᠠᠮᠤᠷ ᠲᠦᠪᠰᠢᠨ ᠬᠤᠶᠠᠷ ᠲᠠᠯ᠎ᠠ ᠶᠢ ᠠᠩᠬᠠᠷᠤᠨ᠂ ᠬᠤᠶᠠᠷ ᠲᠠᠯ᠎ᠠ ᠶᠢ ᠴᠢᠩᠭ᠎ᠠ ᠠᠳᠬᠤᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠶ᠃ ᠬᠤᠶᠠᠷ ᠲᠤ᠂ ᠷᠠᠳᠢᠣ᠋ ᠨᠡᠪᠲᠡᠷᠡᠭᠦᠯᠭᠡ᠂ ᠲᠧᠯᠸᠢᠰ᠂ ᠣᠬᠤᠷ ᠮᠡᠳᠡᠭᠡ᠂ ᠸᠢᠴᠠᠲ᠂ ᠰᠦᠯᠵᠢᠶ᠎ᠡ ᠵᠡᠷᠭᠡ ᠰᠢᠨ᠎ᠡ ᠵᠠᠭᠤᠴᠢᠯᠠᠭᠤᠷ ᠢ ᠭᠦᠶᠴᠡᠳ ᠠᠰᠢᠭᠯᠠᠨ᠂ ᠬᠠᠩᠰᠢ ᠶᠢᠨ ᠡᠳᠦᠷ ᠤᠨ ᠪᠣᠯᠪᠠᠰᠤᠨ ᠲᠠᠬᠢᠯᠭ᠎ᠠ᠂ ᠠᠮᠤᠷ ᠲᠦᠪᠰᠢᠨ ᠲᠠᠬᠢᠯᠭ᠎ᠠ ᠶᠢᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠤᠷᠢᠳᠴᠢᠯᠠᠨ ᠪᠣᠯᠵᠣᠬᠤ ᠠᠷᠭ᠎ᠠ ᠮᠠᠶ᠋ᠢᠭ ᠪᠠᠨ ᠨᠡᠶᠢᠲᠡᠯᠡᠬᠦ᠂ ᠪᠣᠯᠪᠠᠰᠤᠨ ᠲᠠᠬᠢᠯᠭ᠎ᠠ ᠶᠢ ᠰᠠᠨᠠᠭᠠᠴᠢᠯᠠᠵᠤ᠂ ᠣᠯᠠᠨ ᠬᠡᠯᠪᠡᠷᠢ ᠶᠢᠨ ᠲᠠᠬᠢᠯᠭ᠎ᠠ ᠶᠢᠨ ᠦᠶᠯᠡᠴᠢᠯᠡᠭᠡ ᠶᠢ ᠬᠠᠩᠭᠠᠬᠤ ᠬᠡᠷᠡᠭᠲᠡᠶ᠃ ᠭᠤᠷᠪᠠ ᠳᠤ᠂ ᠤᠷᠢᠳᠴᠢᠯᠠᠨ ᠪᠣᠯᠵᠣᠬᠤ ᠬᠡᠮᠵᠢᠶ᠎ᠡ ᠪᠠᠨ ᠨᠡᠮᠡᠭᠳᠡᠭᠦᠯᠵᠦ᠂ ᠴᠠᠭ ᠬᠤᠭᠤᠴᠠᠭ᠎ᠠ ᠶᠢ ᠤᠷᠲᠤᠳᠬᠠᠨ᠂ ᠣᠯᠠᠨ ᠲᠦᠮᠡᠨ ᠤ ᠬᠦᠷᠢᠶᠡᠯᠡᠩ ᠳᠤ ᠣᠷᠣᠵᠤ ᠲᠠᠬᠢᠯᠭ᠎ᠠ ᠬᠢᠬᠦ ᠬᠡᠷᠡᠭᠴᠡᠭᠡ ᠶᠢ ᠬᠠᠩᠭᠠᠬᠤ ᠬᠡᠷᠡᠭᠲᠡᠶ᠃ ᠳᠥᠷᠪᠡ ᠳᠤ᠂ ᠬᠤᠷᠢᠭ᠎ᠠ ᠱᠤᠭᠤᠮ ᠤᠨ ᠰᠡᠳᠬᠢᠬᠦᠶ ᠶᠢ ᠪᠠᠷᠢᠮᠲᠠᠯᠠᠵᠤ᠂ ᠪᠠᠶᠢᠳᠠᠯ ᠢ ᠬᠠᠮᠤᠭ ᠤᠨ ᠪᠤᠳᠤᠯᠢᠶᠠᠨᠲᠠᠶ ᠵᠦᠭ ᠲᠥᠰᠦᠭᠡᠯᠡᠨ ᠤᠷᠢᠳᠴᠢᠯᠠᠨ ᠮᠠᠭᠠᠳᠯᠠᠵᠤ ᠤᠷᠢᠳᠴᠢᠯᠠᠨ ᠲᠣᠭᠲᠠᠭᠠᠵᠤ᠂ ᠪᠠᠴᠢᠮ ᠪᠠᠶᠢᠳᠠᠯ ᠢ ᠠᠷᠭᠠᠴᠠᠭᠠᠬᠤ ᠦᠢᠯᠡᠴᠢᠯᠡᠭᠡᠨ ᠤ ᠪᠡᠯᠡᠳᠬᠡᠯ ᠲᠥᠰᠦᠯ ᠢ ᠲᠣᠭᠲᠠᠭᠠᠨ ᠲᠡᠭᠦᠯᠳᠡᠷᠵᠢᠭᠦᠯᠬᠦ ᠬᠡᠷᠡᠭᠲᠡᠶ᠃ ᠲᠠᠪᠤ ᠳᠤ᠂ ᠠᠵᠢᠯᠲᠠᠨ ᠢ ᠢᠯᠡᠭᠦᠬᠡᠨ ᠲᠣᠬᠢᠷᠠᠭᠤᠯᠵᠤ᠂ ᠬᠦᠷᠢᠶᠡᠯᠡᠩ ᠳᠤ ᠣᠷᠣᠬᠤ ᠳᠠᠩᠰᠠᠯᠠᠯ᠂ ᠪᠡᠶ᠎ᠡ ᠶᠢᠨ ᠳᠤᠯᠠᠭᠠᠨ ᠢ ᠬᠡᠮᠵᠢᠬᠦ ᠵᠡᠷᠭᠡ ᠠᠵᠢᠯ ᠢ ᠨᠠᠷᠢᠯᠢᠭ ᠣᠨᠣᠴᠠᠲᠠᠶ ᠪᠠᠷ ᠲᠦᠷᠭᠡᠨ ᠭᠦᠶᠴᠡᠳᠬᠡᠵᠦ᠂ ᠬᠦᠷᠢᠶᠡᠯᠡᠩ ᠳᠤ ᠰᠠᠭᠠᠳ ᠦᠭᠡᠢ ᠣᠷᠣᠨ᠂ ᠬᠦᠮᠤᠨ ᠣᠯᠠᠨ᠂ ᠳᠠᠩᠰᠠᠯᠠᠬᠤ ᠨᠢ ᠤᠳᠠᠭᠠᠨ᠂ ᠣᠷᠣᠵᠤ ᠳᠡᠶᠢᠯᠬᠦ ᠦᠭᠡᠢ ᠵᠡᠷᠭᠡ ᠬᠦᠷᠢᠶᠡᠯᠡᠩ ᠳᠤ ᠣᠷᠣᠬᠤ ᠬᠥᠮᠦᠰ ᠤᠨ ᠪᠠᠴᠢᠮᠳᠠᠨ ᠰᠠᠨᠳᠤᠷᠬᠤ ᠦᠵᠡᠭᠳᠡᠯ ᠢ ᠰᠡᠷᠭᠡᠶᠢᠯᠡᠬᠦ ᠬᠡᠷᠡᠭᠲᠡᠶ᠃ ᠵᠢᠷᠭᠤᠭ᠎ᠠ ᠳᠤ᠂ ᠬᠦᠷᠢᠶᠡᠯᠡᠩ ᠳᠤ ᠣᠷᠣᠬᠤ ᠪᠠᠷ ᠤᠷᠢᠳᠴᠢᠯᠠᠨ ᠪᠣᠯᠵᠣᠭᠰᠠᠨ ᠥᠬᠡᠶ ᠬᠥᠮᠦᠰ ᠢ ᠣᠮᠲᠣᠭᠠᠶᠢᠯᠠᠵᠤ ᠪᠣᠯᠬᠤ ᠦᠭᠡᠢ᠂ ᠨᠠᠩ ᠴᠤ ᠳᠥᠭᠦᠮᠬᠡᠨ ᠢᠶᠠᠷ ᠬᠠᠰᠢᠨ ᠬᠤᠷᠢᠭᠯᠠᠵᠤ ᠪᠣᠯᠬᠤ ᠥᠬᠡᠶ᠂ ᠬᠦᠷᠢᠶᠡᠯᠡᠩ ᠳᠤ ᠬᠢ ᠬᠥᠮᠦᠰ ᠤᠨ ᠲᠤᠭ᠎ᠠ ᠵᠡᠷᠭᠡ ᠪᠠᠶᠢᠳᠠᠯ ᠢ ᠦᠵᠡᠵᠦ ᠪᠠᠶᠢᠭᠠᠳ ᠬᠦᠷᠢᠶᠡᠯᠡᠩ ᠳᠤ ᠣᠷᠣᠭᠤᠯᠤᠨ᠂ ᠠᠷᠭ᠎ᠠ ᠪᠦᠬᠦᠨ ᠢ ᠰᠦᠪᠡᠭᠴᠢᠯᠡᠨ ᠣᠯᠠᠨ ᠲᠦᠮᠡᠨ ᠤ ᠲᠠᠬᠢᠯᠭ᠎ᠠ ᠶᠢᠨ ᠬᠡᠷᠡᠭᠴᠡᠭᠡ  ᠶᠢ ᠬᠠᠩᠭᠠᠬᠤ ᠬᠡᠷᠡᠭᠲᠡᠶ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ ᠹᠧᠩ ᠬᠤ᠋ ᠾᠧ ᠂ ᠬᠥᠬᠡᠬᠤᠲᠠ ᠶᠢᠨ ᠳᠡᠳ᠋ ᠬᠤᠲᠠ ᠶᠢᠨ ᠳᠠᠷᠤᠭ᠎ᠠ ᠰᠢᠤᠢ ᠷᠦᠢ ᠰᠢᠶᠠ᠂ ᠬᠥᠬᠡᠬᠤᠲᠠ ᠶᠢᠨ ᠠᠷᠠᠳ ᠤᠨ ᠶᠠᠪᠤᠳᠠᠯ  ᠤᠨ ᠲᠣᠪᠴᠢᠶ᠎ᠠ ᠶᠢᠨ ᠬᠤᠯᠪᠣᠭᠳᠠᠯ ᠪᠥᠬᠦᠶ ᠬᠥᠮᠦᠰ ᠪᠠᠶᠢᠴᠠᠭᠠᠨ ᠰᠤᠳᠤᠯᠬᠤ ᠳᠤ ᠣᠷᠣᠯᠴᠠᠪᠠ᠃

 
ᠢᠷᠡᠯᠲᠡ᠄ ᠠᠷᠠᠳ ᠤᠨ ᠶᠠᠪᠤᠳᠠᠯ ᠤᠨ ᠲᠢᠩᠬᠢᠮ ᠤᠨ ᠬᠢᠲᠠᠳ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号