ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠭᠠᠯ ᠤᠨ ᠠᠶᠤᠯ ᠢ ᠰᠡᠷᠭᠡᠶᠢᠯᠡᠬᠦ  ᠠᠵᠢᠯ ᠤᠨ ᠪᠠᠶᠢᠷᠢᠯᠠᠭᠤᠯᠤᠯᠲᠠ ᠬᠢᠪᠡ
ᠨᠡᠶᠢᠲᠡᠯᠡᠭᠰᠡᠨ ᠴᠠᠭ᠄
2020/5/18
   ᠣᠶᠢᠷ᠎ᠠ ᠳᠤ ᠠᠷᠠᠳ ᠤᠨ ᠶᠠᠪᠤᠳᠠᠯ ᠤᠨ ᠲᠢᠩᠬᠢᠮ ︽ᠭᠠᠯ ᠤᠨ ᠠᠶᠤᠯ ᠢ ᠰᠡᠷᠭᠡᠶᠢᠯᠡᠬᠦ ᠠᠵᠢᠯ ᠢ ᠴᠢᠩᠭᠠᠳᠬᠠᠬᠤ ᠬᠤᠯᠪᠣᠭᠳᠠᠯ ᠪᠥᠬᠦᠶ ᠶᠠᠪᠤᠳᠠᠯ ᠤᠨ ᠲᠤᠬᠠᠶ ᠮᠡᠳᠡᠭᠳᠡᠯ︾   ᠢ ᠳᠠᠷᠤᠮᠠᠯᠯᠠᠨ ᠲᠠᠷᠬᠠᠭᠠᠪᠠ᠃       ︽ᠮᠡᠳᠡᠭᠳᠡᠯ︾ ᠳᠤ ᠲᠢᠩᠬᠢᠮ ᠤᠨ ᠪᠠᠶᠢᠭᠤᠯᠭ᠎ᠠ ᠪᠠ ᠡᠯ᠎ᠡ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ  ᠨᠦᠭᠦᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠭᠤᠤᠯ ᠬᠠᠷᠢᠭᠤᠴᠠᠯᠭᠠᠲᠠᠨ ᠪᠤᠶᠤ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠢᠶᠠᠷ ᠲᠦᠷᠦᠭᠦᠯᠡᠭᠦᠯᠦᠭᠰᠡᠨ ᠭᠠᠯ ᠤᠨ ᠠᠶᠤᠯ ᠢ ᠰᠡᠷᠭᠡᠶᠢᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂    ᠭᠠᠯ ᠤᠨ ᠠᠶᠤᠯ ᠢ ᠰᠡᠷᠭᠡᠶᠢᠯᠡᠬᠦ  ᠦᠵᠡᠯ ᠤᠬᠠᠮᠰᠠᠷ   ᠢᠶᠠᠨ ᠳᠡᠭᠡᠭᠰᠢᠯᠡᠭᠦᠯᠦᠨ ᠂ ᠭᠠᠯ ᠤᠨ ᠠᠶᠤᠯ ᠢ ᠰᠡᠷᠭᠡᠶᠢᠯᠡᠬᠦ ᠠᠵᠢᠯ ᠤᠨ  ᠬᠠᠷᠢᠭᠤᠴᠠᠯᠭ᠎ᠠ ᠪᠠᠨ ᠦᠨᠡᠨ ᠬᠦ ᠪᠡᠶᠡᠯᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃      ︽ᠮᠡᠳᠡᠭᠳᠡᠯ︾ ᠳᠤ ᠲᠢᠩᠬᠢᠮ ᠤᠨ ᠪᠠᠶᠢᠭᠤᠯᠭ᠎ᠠ ᠪᠠ ᠡᠯ᠎ᠡ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ  ᠨᠦᠭᠦᠳ ᠠᠵᠢᠯᠲᠠᠨ ᠢᠶᠠᠨ ᠢᠳᠡᠪᠬᠢᠲᠡᠶ ᠵᠣᠬᠢᠶᠠᠨ ᠪᠠᠶᠢᠭᠤᠯᠤᠨ ᠭᠠᠯ ᠤᠨᠲᠠᠷᠠᠭᠠᠬᠤ ᠪᠣᠯᠪᠠᠰᠤᠷᠠᠯ ᠪᠠ ᠰᠣᠷᠢᠯᠲᠠ ᠳᠤ ᠣ‌‍ᠷᠣᠯᠴᠠᠭᠤᠯᠵᠤ᠂ ᠭᠠᠯ ᠤᠨ ᠠᠶᠤᠯ ᠤᠨ ᠤᠬᠠᠭᠤᠯᠭ᠎ᠠ ᠬᠥᠮᠦᠵᠢᠯ ᠢ ᠪᠠᠶᠢᠩᠭᠤ ᠶᠢᠨ ᠴᠢᠨᠠᠷᠲᠠᠶ ᠥᠷᠨᠢᠭᠦᠯᠵᠦ᠂ ᠭᠠᠯ  ᠤᠨ ᠠᠶᠤᠯ ᠢ ᠰᠡᠷᠭᠡᠶᠢᠯᠡᠬᠦ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠯᠲᠠ ᠬᠢᠵᠤ᠂ ᠴᠢᠬᠤᠯᠠ ᠶᠡᠭᠡ ᠠᠵᠢᠯᠯᠠᠭ᠎ᠠ ᠶᠢᠨ ᠦᠶ᠎ᠡ᠂ ᠴᠢᠬᠤᠯᠠ ᠶᠡᠭᠡ ᠪᠠᠶᠠᠷ ᠤᠨ ᠡᠳᠦᠷ ᠵᠢᠴᠢ ᠭᠠᠯ ᠤᠨ ᠠᠶᠤᠯ ᠣᠯᠠᠨ ᠡᠭᠦᠰᠬᠦ ᠤᠯᠠᠷᠢᠯ     ᠳᠤ ᠬᠢ ᠭᠠᠯ ᠤᠨ ᠠᠶᠤᠯ ᠢ ᠰᠡᠷᠭᠡᠶᠢᠯᠡᠵᠤ ᠠᠮᠤᠷ ᠲᠦᠪᠰᠢᠨ ᠢ ᠬᠠᠮᠠᠭᠠᠯᠠᠬᠤ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠶ ᠭᠡᠵᠤ ᠲᠣᠳᠣᠷᠬᠠᠶᠢᠯᠠᠭᠰᠠᠨ ᠪᠠᠶᠢᠨ᠎ᠠ᠃
 
ᠢᠷᠡᠯᠲᠡ᠄ ᠠᠷᠠᠳ ᠤᠨ ᠶᠠᠪᠤᠳᠠᠯ ᠤᠨ ᠲᠢᠩᠬᠢᠮ ᠤᠨ ᠬᠢᠲᠠᠳ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号