ᠪᠤᠭᠤᠲᠤ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ  ᠰᠢᠪᠲᠤᠯᠬᠤ ᠠᠵᠢᠯ ᠤᠨ ᠦᠨᠳᠦᠰᠦᠨ ᠵᠦᠢᠯ ᠤᠨ ᠪᠠᠲᠤᠯᠠᠭᠠᠨ ᠢ  ᠪᠥᠬᠦ ᠲᠠᠯ᠎ᠠ ᠪᠠᠷ ᠪᠠᠶᠢᠴᠠᠭᠠᠨ ᠣᠶᠢᠯᠠᠭᠠᠪᠠ
ᠨᠡᠶᠢᠲᠡᠯᠡᠭᠰᠡᠨ ᠴᠠᠭ᠄
2020/5/22
   ᠣᠶᠢᠷ᠎ᠠ ᠳᠤ ᠪᠤᠭᠤᠲᠤ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠨᠳᠦᠰᠦᠨ ᠵᠦᠢᠯ  ᠢ ᠪᠠᠲᠤᠯᠠᠭᠠᠨ ᠢ ᠡᠬᠢᠯᠡᠨ ᠬᠡᠷᠡᠭᠵᠢᠭᠦᠯᠵᠦ᠂ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠲᠠᠩᠰᠠ ᠺᠠᠷᠲ ᠲᠠᠢ ᠶᠠᠳᠠᠭᠤ ᠬᠦᠴᠢᠷᠳᠡᠯᠲᠡᠶ ᠬᠦᠮᠤᠰ ᠤᠨ ᠦᠨᠳᠦᠰᠦᠨ ᠵᠦᠢᠯ ᠤᠨ ᠪᠠᠲᠤᠯᠠᠭᠠᠨ ᠤ ᠪᠠᠶᠢᠳᠠᠯ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠪᠠ᠃    ᠣᠲᠣ ᠪᠣᠯᠲᠠᠯ᠎ᠠ  ᠪᠤᠭᠤᠲᠤ ᠬᠤᠲᠠ ᠳᠤ ᠲᠥᠷᠥ ᠶᠢᠨ ᠪᠣᠳᠣᠯᠭ᠎ᠠ ᠭᠥᠷᠳᠡᠵᠦ ᠪᠠᠶᠢᠭ᠎ᠠ ᠲᠠᠩᠰᠠ ᠺᠠᠷᠲ ᠲᠠᠢ ᠶᠠᠳᠠᠭᠤ ᠬᠦᠴᠢᠷᠳᠡᠯᠲᠡᠶ 7063 ᠡᠷᠦᠬᠡ᠂ 13517 ᠬᠥᠮᠦᠨ ᠪᠠᠶᠢᠵᠤ᠂ ᠨᠠᠭᠠᠳᠤ ᠵᠠᠬ᠎ᠠ  ᠶᠢᠨ ᠠᠮᠢᠳᠤᠷᠠᠯ ᠤᠨ ᠪᠠᠲᠤᠯᠠᠭ᠎ᠠ ᠶᠢᠨ ᠬᠡᠪᠴᠢᠶᠡᠨ ᠳᠤ ᠣᠷᠣᠭᠰᠠᠨ ᠨᠢ 2557 ᠡᠷᠦᠬᠡ᠂ 4529 ᠬᠥᠮᠦᠨ︔ ᠣᠨᠴᠠ ᠬᠦᠴᠢᠷᠳᠡᠯᠲᠡᠶ ᠬᠥᠮᠦᠰ ᠢ ᠳᠡᠳᠬᠦᠨ ᠲᠤᠰᠠᠯᠠᠵᠤ ᠠᠰᠠᠷᠠᠨ ᠬᠠᠷᠠᠭᠠᠯᠵᠠᠬᠤ ᠬᠡᠪᠴᠢᠶᠡᠨ ᠳᠤ 195 ᠬᠥᠮᠦᠨ ᠪᠣᠢ᠃ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ ᠣᠷᠣᠭᠤᠯᠤᠭᠰᠠᠨ 446 ᠶᠠᠳᠠᠭᠤ ᠬᠦᠴᠢᠷᠳᠡᠯ ᠲᠠᠢ ᠬᠦᠮᠤᠰ ᠢ ᠲᠣᠭᠲᠠᠮᠠᠯ ᠬᠤᠭᠤᠴᠠᠭ᠎ᠠ ᠲᠠᠢ ᠪᠠᠷ ᠳᠠᠬᠢᠨ ᠬᠢᠨᠠᠯᠲᠠ ᠬᠢᠪᠡ᠃ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ ᠤᠷᠤᠭᠰᠠᠨ 246 ᠶᠠᠳᠠᠭᠤ ᠬᠦᠴᠢᠷᠳᠡᠯᠲᠡᠶ ᠬᠦᠮᠤᠰ ᠲᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ︽ᠢᠳᠡᠭ ᠢᠳᠡᠭ ᠢᠶᠠᠷ ᠤᠬᠤᠷᠢᠨ ᠭᠠᠷᠬᠤ︾ ᠲᠥᠷᠥ ᠶᠢᠨ ᠪᠣᠳᠣᠯᠭ᠎ᠠ ᠶᠢ ᠬᠦᠷᠲᠡᠭᠡᠪᠡ᠃
 
ᠢᠷᠡᠯᠲᠡ᠄ ᠠᠷᠠᠳ ᠤᠨ ᠶᠠᠪᠤᠳᠠᠯ ᠤᠨ ᠲᠢᠩᠬᠢᠮ ᠤᠨ ᠬᠢᠲᠠᠳ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号