ᠨᠢᠭᠡᠨ ᠰᠢᠨᠡᠴᠢᠯᠡᠯ ᠲᠠᠢ  ᠭᠤᠣᠯ ᠰᠡᠳᠤᠪᠲᠤ ᠨᠠᠮ ᠤᠨ ᠡᠳᠤᠷ ᠤᠨ ᠠᠵᠢᠯᠯᠠᠭ᠎ᠠ
ᠨᠡᠶᠢᠲᠡᠯᠡᠭᠰᠡᠨ ᠴᠠᠭ᠄
2020/5/22
    4 ᠳ᠋ᠤᠭᠡᠷ ᠰᠠᠷ᠎ᠠ ᠶᠢᠨ 23 ᠤ ᠡᠳᠦᠷ ᠣᠷᠳᠣᠰ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ  ᠪᠠᠶᠢᠭᠤᠯᠭ᠎ᠠ ᠶᠢᠨ ᠨᠠᠮ ᠤᠨ ᠡᠭᠦᠷ ᠬᠤᠲᠠ ᠶᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠬᠤᠷᠢᠶ᠎ᠠ  ᠲᠠᠢ ᠬᠠᠮᠲᠤᠷᠠᠨ ︽ᠬᠢᠵᠢᠭ ᠢ ᠡᠰᠡᠷᠭᠦᠴᠡᠭᠰᠡᠨ ᠥᠯᠢᠭᠡᠷ ᠰᠣᠨᠣᠰᠴᠤ᠂  ᠪᠡᠷᠬᠡᠰᠢᠶᠡᠯ ᠢ ᠰᠦᠷᠭᠡᠤᠯᠡᠭᠰᠡᠨ ᠪᠠᠭᠠᠲᠤᠷᠴᠤᠳ ᠲᠤ ᠬᠦᠨᠳᠦᠳᠬᠡᠯ ᠢᠶᠠᠨ ᠳᠡᠪᠰᠢᠭᠦᠯᠤᠨ᠂  ᠵᠣᠷᠢᠭᠲᠠᠶ ᠪᠠᠷ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠭᠰᠡᠨ ᠠᠷᠠᠳ ᠤᠨ ᠶᠠᠪᠤᠳᠠᠯ ᠤᠨ ᠬᠥᠮᠦᠨ ᠪᠣᠯᠬᠤ︾ ᠭᠤᠤᠯ ᠰᠡᠳᠦᠪᠲᠦ ᠨᠠᠮ ᠤᠨ ᠡᠳᠤᠷ  ᠤᠨ ᠠᠵᠢᠯᠯᠠᠭ᠎ᠠ ᠥᠷᠨᠢᠭᠦᠯᠵᠦ᠂ ᠣᠷᠳᠣᠰ ᠬᠤᠲᠠ ᠶᠢᠨ ᠠᠩᠬᠠᠳᠠᠭᠴᠢ ᠬᠤᠪᠸᠢ ᠶᠢ ᠲᠤᠰᠠᠯᠠᠬᠤ ᠡᠮᠴᠢᠯᠡᠭᠡᠨ  ᠤ ᠠᠩᠭᠢ ᠶᠢᠨ ᠳᠠᠷᠤᠭ᠎ᠠ᠂ ᠦᠬᠠᠨ ᠤ ᠵᠢᠶᠠᠩ ᠬᠠᠨ ᠤ ᠹᠠᠩ ᠽᠠᠩ ᠡᠮᠨᠡᠯᠭᠡ ᠶᠢᠨ ᠬᠤᠷᠢᠶᠠᠨ ᠤ ᠰᠤᠪᠢᠯᠠᠯᠲᠠ ᠶᠢᠨ ᠳᠤᠭᠤᠶᠢᠯᠠᠩ ᠤᠨ ᠳᠠᠷᠤᠭ᠎ᠠ —  ᠳ᠋ᠦᠩᠱᠧᠩ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠬᠦᠨᠳᠦ ᠡᠪᠡᠳᠴᠢᠲᠡᠨ ᠤ ᠠᠨᠠᠭᠠᠬᠤ ᠤᠬᠠᠭᠠᠨ ᠤ ᠰᠠᠯᠠᠭᠠᠨ ᠤ ᠰᠤᠪᠢᠯᠠᠭᠴᠢ ᠶᠢᠨ ᠳᠠᠷᠤᠭ᠎ᠠ ᠮᠠ ᠯᠠᠨ ᡁᠢ ᠨᠥᠬᠦᠷ ᠢ ᠤᠷᠢᠵᠤ ᠬᠢᠵᠢᠭ ᠢ ᠡᠰᠡᠷᠭᠦᠴᠡᠭᠰᠡᠨ ᠥᠯᠢᠭᠡᠷ ᠢ ᠨᠢ ᠶᠠᠷᠢᠭᠤᠯᠪᠠ᠃ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠪᠠᠶᠢᠭᠤᠯᠭ᠎ᠠ ᠶᠢᠨ ᠨᠠᠮ ᠤᠨ ᠡᠭᠦᠷ ᠤᠨ 21 ᠨᠠᠮ ᠤᠨ ᠬᠡᠰᠢᠭᠦᠨ  ᠠᠵᠢᠯᠯᠠᠭ᠎ᠠ ᠳᠤ ᠣᠷᠣᠯᠴᠠᠪᠠ᠃     ᠮᠠ ᠯᠠᠨ ᡁᠢ ᠰᠤᠪᠢᠯᠠᠭᠴᠢ ᠶᠢᠨ ᠳᠠᠷᠤᠭ᠎ᠠ ᠤᠷᠳᠤᠰ ᠬᠤᠳᠠ ᠶᠢᠨ ᠬᠤᠪᠸᠢ ᠶᠢ ᠲᠤᠰᠠᠯᠠᠬᠤ ᠡᠮᠨᠡᠯᠭᠡ ᠶᠢᠨ ᠠᠩᠬᠢ ᠶᠢᠨ ᠦᠬᠠᠨ ᠤ ᠵᠢᠶᠠᠩ ᠬᠠᠨ ᠤ ᠹᠠᠩ ᠽᠠᠩ ᠡᠮᠨᠡᠯᠭᠡ ᠶᠢᠨ ᠬᠤᠷᠢᠶᠠᠨ ᠳᠤ ᠬᠢ ᠬᠢᠵᠢᠭ ᠢ ᠡᠰᠡᠷᠭᠦᠴᠡᠭᠰᠡᠨ ᠦᠩᠭᠡᠷᠡᠯᠲᠡ ᠪᠠᠨ  ᠶᠠᠷᠢᠵᠤ᠂ ᠬᠠᠮᠤᠭ ᠤᠨ ᠭᠤᠶᠤ ᠪᠡᠷᠬᠡᠰᠢᠶᠡᠯ ᠢ ᠰᠦᠷᠭᠡᠤᠯᠡᠭᠰᠡᠨ ᠪᠠᠭᠠᠲᠤᠷ ᠬᠥᠮᠦᠰ ᠤᠨ ᠲᠡᠮᠡᠴᠡᠯ ᠤᠨ ᠳᠦᠷᠰᠦ ᠪᠠᠶᠢᠳᠠᠯ ᠢ ᠢᠯᠡᠷᠡᠭᠦᠯᠵᠡᠢ᠃     ᠨᠠᠮ ᠤᠨ ᠡᠭᠦᠷ ᠤᠨ ᠱᠦᠵᠢ ᠬᠤᠸᠠᠩ ᠶᠦᠩ ᠭᠤᠸᠠᠩ ᠳ᠋ᠦᠩᠨᠡᠯᠲᠡ ᠳᠡᠭᠡᠨ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠪᠥᠬᠦ ᠨᠠᠮ ᠤᠨ ᠬᠡᠰᠢᠭᠦᠨ ᠮᠠ ᠯᠠᠨ ᡁᠢ ᠰᠤᠪᠢᠯᠠᠭᠴᠢ ᠶᠢᠨ ᠳᠠᠷᠤᠭ᠎ᠠ ᠶᠢᠨ ᠭᠤᠶᠠᠴᠢ ᠥᠬᠡᠶ ᠪᠠᠷ ᠠᠵᠢᠯ ᠦᠢᠯᠡᠰ   ᠢᠶᠠᠨ ᠳᠡᠭᠡᠳᠦᠯᠡᠨ᠂ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠶᠢ ᠰᠤᠷᠤᠯᠴᠠᠵᠤ᠂ ᠡᠯ᠎ᠡ ᠵᠦᠢᠯ  ᠤᠨ ᠠᠵᠢᠯ ᠤᠨ ᠳᠤᠮᠳᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠤ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠤᠯ ᠢᠶᠠᠨ ᠪᠠᠳᠠᠷᠠᠭᠤᠯᠬᠤ ᠬᠡᠷᠡᠭᠲᠠᠢ ᠭᠡᠵᠤ ᠵᠢᠭᠠᠵᠤ ᠭᠠᠷᠭᠠᠭᠰᠠᠨ ᠪᠠᠶᠢᠨ᠎ᠠ᠃
 
ᠢᠷᠡᠯᠲᠡ᠄ ᠠᠷᠠᠳ ᠤᠨ ᠶᠠᠪᠤᠳᠠᠯ ᠤᠨ ᠲᠢᠩᠬᠢᠮ ᠤᠨ ᠬᠢᠲᠠᠳ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号