ᠦᠶᠤᠸᠠᠨ ᠰᠢᠶᠠᠨ᠄ ᠨᠡᠶᠢᠭᠡᠮ ᠤᠨ ᠳᠤᠰᠠᠯᠠᠮᠵᠢ ᠶᠢᠨ ᠲᠣᠣᠷ ᠢᠶᠠᠨ  ᠪᠠᠬᠢᠵᠢᠬᠦᠯᠬᠦ ᠪᠠᠷ ᠴᠢᠷᠮᠠᠶᠢᠵᠤ ᠪᠤᠢ
ᠨᠡᠶᠢᠲᠡᠯᠡᠭᠰᠡᠨ ᠴᠠᠭ᠄
2020/5/27
    ᠦᠢᠷ᠎ᠠ ᠶᠢᠨ ᠵᠢᠯ ᠳᠤ ᠪᠠᠶᠠᠨᠨᠠᠭᠤᠷ ᠬᠤᠲᠠ ᠶᠢᠨ ᠦᠶᠤᠸᠠᠨ ᠰᠢᠶᠠᠨ ᠤ ᠬᠢᠨ ᠨᠡᠶᠢᠭᠡᠮ ᠤᠨ ᠳᠤᠰᠠᠯᠠᠮᠵᠢ ᠶᠢᠨ ᠲᠣᠣᠷ  ᠢ ᠲᠠᠰᠤᠷᠠᠯᠳᠠ ᠦᠭᠡᠢ ᠨᠢᠠᠠᠳᠠᠷᠠᠭᠤᠯᠵᠤ᠂ ᠪᠡᠯᠡ ᠤᠷᠤᠭᠤᠯᠤᠯᠳᠠ ᠪᠠᠨ ᠨᠡᠮᠡᠭᠳᠡᠬᠦᠯᠦᠨ᠂ ᠦᠨᠳᠤᠰᠤᠨ ᠪᠠᠳᠤᠯᠠᠭ᠎ᠠ ᠪᠠᠨ ᠪᠠᠬᠢᠵᠢᠬᠦᠯᠵᠤ᠂ ᠪᠦᠬᠦ ᠰᠢᠢᠶᠠᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠠᠬᠢᠭᠤᠯᠵᠠᠢ᠃     ᠳᠤᠰᠠᠯᠠᠮᠵᠢ ᠶᠢᠨ ᠦᠡᠳᠦᠰᠦᠨ ᠪᠠᠳᠤᠯᠠᠭ᠎ᠠ ᠶᠢᠨ ᠠᠵᠢᠯ ᠢ ᠪᠠᠳᠤᠤᠡᠬᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ  ᠠᠵᠢᠯ ᠢ ᠠᠬᠢᠭᠤᠯᠵᠠᠢ    ᡺ ᠪᠦᠬᠦ ᠰᠢᠶᠠᠨ ᠤ ᠳᠠᠩᠰᠠ ᠺᠠᠷᠲ ᠲᠠᠢ 4582 ᠶᠠᠳᠠᠭᠤ ᠡᠷᠦᠬᠡ   ᠶᠢᠨ 2583 ᠬᠥᠮᠦᠨ ᠢ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ ᠣᠷᠣᠭᠤᠯᠪᠠ︔    — ᠣᠨᠴᠠ ᠬᠦᠴᠢᠷᠳᠡᠯᠲᠡᠶ ᠬᠥᠮᠦᠰ ᠢ ᠠᠰᠠᠷᠠᠨ ᠬᠠᠷᠠᠭᠠᠯᠵᠠᠬᠤ ᠳᠤ ᠣᠷᠣᠭᠤᠯᠤᠭᠰᠠᠨ ᠲᠠᠩᠰᠡ ᠺᠠᠷᠲ ᠲᠠᠢ ᠬᠦᠮᠤᠨ 163  ᠪᠤᠢ︔    — 2020 ᠣᠨ ᠳᠤ  ᠬᠡᠷ ᠪᠦᠯᠢ ᠶᠢᠨ ᠦᠨᠳᠦᠰᠦᠨ ᠠᠮᠢᠳᠤᠷᠠᠯ ᠳᠤ ᠨᠢ ᠲᠦᠷ ᠴᠠᠭ ᠬᠦᠴᠢᠷᠳᠡᠯ ᠲᠠᠢ ᠪᠣᠯᠤᠭᠰᠠᠨ 30 7 ᠶᠠᠳᠠᠭᠤ ᠬᠦᠴᠢᠷᠳᠡᠯᠲᠡᠶ ᠬᠥᠮᠦᠨ ᠠᠮᠠ ᠳᠤ ᠲᠦᠷ ᠴᠠᠭ ᠤᠨ ᠳᠤᠰᠠᠯᠠᠮᠵᠢ ᠶᠢᠨ ᠪᠠᠯᠠ ᠮᠥᠩᠭᠦ ᠶᠢ 5.93 ᠲᠦᠮᠡᠨ ᠲᠥᠭᠦᠷᠢᠭ ᠤᠯᠭᠤᠪᠠ︔    — ᠬᠥᠳᠡᠯᠮᠦᠷᠢᠯᠡᠬᠦ ᠴᠢᠳᠠᠪᠤᠷᠢ ᠥᠬᠡᠶ ᠶᠠᠳᠠᠭᠤ ᠬᠦᠴᠢᠷᠳᠡᠯᠲᠡᠶ ᠡᠷᠦᠬᠡ᠂ ᠬᠡᠷ ᠪᠦᠯᠢ ᠶᠢᠨ ᠣᠷᠣᠯᠭ᠎ᠠ ᠨᠢ ᠭᠡᠨᠡᠳᠲᠡ ᠬᠠᠰᠤᠭᠳᠠᠭᠰᠠᠨ ᠪᠤᠶᠤ ᠵᠠᠷᠤᠯᠭ᠎ᠠ ᠨᠢ ᠭᠡᠨᠡᠳᠲᠡ ᠨᠡᠮᠡᠭᠳᠡᠭᠰᠡᠨ ᠡᠷᠦᠬᠡ᠂ ᠳᠠᠬᠢᠨ ᠶᠠᠳᠠᠭᠤᠷᠠᠬᠤ ᠠᠶᠤᠯ ᠲᠠᠢ ᠶᠠᠳᠠᠭᠤ ᠬᠦᠴᠢᠷᠳᠡᠯᠲᠡᠶ ᠡᠷᠦᠬᠡ ᠪᠣᠯᠤᠨ ᠶᠠᠳᠠᠭᠤᠷᠠᠬᠤ ᠠᠶᠤᠯ ᠲᠠᠢ ᠵᠠᠬ᠎ᠠ ᠶᠢᠨ ᠡᠷᠦᠬᠡ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠨᠥᠬᠦᠴᠡᠯ ᠳᠤ ᠨᠡᠶᠢᠴᠡᠬᠦ 16 ᠬᠥᠮᠦᠨ  ᠢ ᠵᠦᠪᠰᠢᠶᠡᠷᠡᠬᠦᠯᠬᠦ ᠪᠠᠷ ᠮᠡᠳᠡᠬᠦᠯᠦᠭᠡᠤᠨ ᠪᠠᠶᠢᠨ᠎ᠠ︔    — ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠪᠠ ᠬᠦᠨᠳᠦ ᠵᠡᠮᠳᠡᠭᠴᠦᠳ ᠤᠨ ᠰᠤᠪᠢᠯᠠᠯᠲᠠ ᠶᠢᠨ  ᠨᠦᠬᠦᠪᠤᠷᠢ ᠭᠥᠷᠳᠡᠬᠦ ᠨᠥᠬᠦᠴᠡᠯ ᠳᠤ ᠨᠡᠶᠢᠴᠡᠭᠰᠡᠨ 1092 ᠶᠠᠳᠠᠭᠤ ᠬᠦᠴᠢᠷᠳᠡᠯᠲᠡᠢ  ᠬᠦᠮᠤᠰ  ᠲᠤ ᠲᠤᠠᠠᠳᠠᠭᠰᠠᠨ ᠨᠥᠬᠦᠪᠥᠷᠢ ᠶᠢ ᠤᠯᠭᠤᠵᠠᠢ︔     — ᠲᠠᠩᠰᠠ ᠺᠠᠷᠲ ᠲᠠᠢ 3 ᠨᠡᠷ᠎ᠡ ᠬᠠᠷᠠᠭᠠᠯᠵᠠᠨ ᠬᠠᠮᠠᠭᠠᠯᠠᠬᠤ ᠬᠥᠮᠦᠨ ᠥᠬᠡᠶ ᠬᠡᠤᠬᠡᠳ ᠢ ᠳᠡᠳᠬᠦᠨ ᠲᠤᠰᠠᠯᠠᠵᠤ ᠬᠠᠪᠰᠤᠷᠤᠨ  ᠲᠡᠤᠡᠬᠦᠵᠡᠢ᠃     ᠦᠶᠦᠸᠠᠨ  ᠰᠢᠶᠠᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠶᠠᠳᠠᠭᠤ ᠠᠴᠠ ᠠᠩᠭᠢᠵᠢᠷᠠᠭᠤᠯᠬᠤ ᠠᠵᠢᠯ ᠢ  ᠡᠳᠤᠷ ᠲᠣᠳᠣᠮ ᠤᠨ ᠪᠠᠶᠢᠩᠭᠤᠵᠢᠭᠰᠠᠨ ᠠᠵᠢᠯ ᠪᠤᠯᠭᠠᠵᠤ ᠬᠢᠨᠠᠨ ᠬᠠᠮᠢᠶᠠᠷᠴᠦ ᠪᠤᠢ᠃ ᠳᠠᠩᠰᠠ ᠺᠠᠷᠲ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠶᠢ ᠨᠠᠷᠢᠯᠢᠭ ᠣᠨᠣᠴᠠᠲᠠᠶ ᠪᠠᠷ ᠲᠤᠰᠠᠯᠠᠵᠤ᠂ ᠪᠠᠲᠤᠯᠠᠪᠠᠰᠤ ᠵᠣᠬᠢᠬᠤ ᠪᠦᠬᠦᠨ ᠢ ᠪᠠᠲᠤᠯᠠᠵᠤ᠂ ᠨᠦᠬᠦᠪᠦᠷᠢᠯᠡᠪᠡᠰᠤ ᠵᠣᠬᠢᠬᠤ ᠪᠦᠬᠦᠨ ᠢ ᠨᠦᠬᠦᠪᠤᠷᠢᠯᠡᠵᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠲᠥᠷᠥᠯ ᠬᠤᠪᠢᠶᠠᠨ ᠪᠠᠲᠤᠯᠠᠭ᠎ᠠ ᠣᠯᠭᠤᠬᠤ᠂ ᠨᠠᠷᠢᠯᠢᠭ ᠣᠨᠣᠴᠠᠲᠠᠶ ᠪᠠᠷ ᠳᠤᠰᠠᠯᠠᠬᠤ ᠪᠦᠬᠦᠯᠢ ᠴᠣᠭᠴᠠ ᠶᠢᠨ ᠦᠢᠯᠡᠳᠤᠯ  ᠢ ᠢᠯᠡᠷᠡᠭᠦᠯᠪᠡ᠃ ᠴᠢᠩᠭ᠎ᠠ ᠬᠢᠨᠠᠨ ᠵᠢᠯᠣᠭᠤᠳᠴᠤ ᠂ ᠵᠠᠩᠭᠢᠯᠠᠭ᠎ᠠ ᠶᠢ ᠠᠳᠬᠤᠵᠤ᠂ ᠳᠤᠲᠠᠭᠤᠳᠠᠯ ᠢ ᠨᠥᠬᠦᠪᠥᠷᠢᠯᠡᠵᠦ᠂ ᠲᠣᠭᠲᠠᠴᠠ ᠶᠢ ᠪᠠᠶᠢᠭᠤᠯᠵᠤ᠂ ᠦᠷ᠎ᠡ ᠪᠦᠲᠦᠮᠵᠢ ᠶᠢ ᠴᠢᠬᠤᠯᠠᠴᠢᠯᠠᠵᠠᠢ᠃    ᠦᠶᠦᠸᠠᠨ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ    ᠠᠵᠢᠯ ᠤᠨ ᠵᠢᠯᠣᠭᠤᠳᠬᠤ ᠳᠤᠭᠤᠶᠢᠯᠠᠩ ᠢ ᠪᠠᠶᠢᠭᠤᠯᠵᠤ᠂ ᠪᠦᠬᠦ ᠰᠢᠶᠠᠨ ᠤ 8 ᠪᠠᠯᠭᠠᠰᠤ 1 ᠰᠢᠶᠠᠩ  1 ᠲᠠᠷᠢᠶᠠᠯᠠᠩ ᠤᠨ ᠲᠠᠯᠠᠪᠠᠢ 2 ᠬᠥᠳᠡᠭᠡ ᠲᠣᠰᠬᠤᠨ ᠤ ᠬᠡᠷᠡᠭ ᠡᠷᠬᠢᠯᠡᠬᠦ ᠭᠠᠵᠠᠷ ᠲᠤ ᠭᠦᠨᠵᠡᠭᠡᠶᠢᠷᠡᠨ ᠱᠠᠯᠠᠪᠳᠠᠭᠤᠯᠤᠨ ᠵᠢᠯᠣᠭᠤᠳᠬᠤ ᠠᠵᠢᠯ ᠢ ᠥᠷᠨᠢᠭᠦᠯᠪᠡ᠃    ᠨᠡᠶᠢᠭᠡᠮ ᠤᠨ ᠳᠤᠰᠠᠯᠠᠮᠵᠢ ᠶᠢᠨ ᠦᠡᠳᠦᠰᠦᠨ ᠵᠤᠶᠢᠯ ᠢ ᠪᠠᠲᠤᠯᠠᠬᠤ ᠠᠷᠭ᠎ᠠ ᠬᠡᠮᠵᠢᠶ᠎ᠡ ᠶᠢ ᠬᠢᠨᠠᠮᠠᠭᠠᠢ ᠨᠡᠶᠢᠳᠡᠪᠤᠷᠢᠵᠢᠭᠤᠯᠵᠠᠢ᠃  ᠨᠡᠶᠢᠭᠡᠮ ᠤᠨ ᠳᠤᠰᠠᠯᠠᠮᠵᠢ ᠶᠢᠨ ᠨᠥᠬᠦᠴᠡᠯ ᠳᠤ ᠨᠡᠶᠢᠴᠡᠬᠦ ᠶᠠᠳᠠᠭᠤ ᠬᠦᠴᠢᠷᠳᠡᠯᠲᠡᠶ ᠵᠠᠬ᠎ᠠ ᠬᠢᠵᠠᠭᠠᠷ ᠤᠨ ᠬᠦᠮᠤᠨ ᠠᠮᠠ ᠶᠢ  ᠦᠨᠳᠦᠰᠦᠨ ᠵᠤᠶᠢᠯ ᠤᠨ ᠪᠠᠲᠤᠯᠠᠭᠠᠨ   ᠳᠤ ᠣᠷᠣᠭᠤᠯᠵᠤ᠂ ᠣᠷᠣᠯᠭ᠎ᠠ ᠨᠢ ᠶᠠᠳᠠᠭᠤ ᠶᠢ ᠲᠡᠳᠬᠦᠬᠦ ᠱᠤᠭᠤᠮ ᠠᠴᠠ ᠵᠢᠭᠠᠬᠠᠨ ᠥᠨᠳᠥᠷ ᠰᠢᠭ ᠬᠦᠴᠢᠷᠳᠡᠯᠲᠡᠶ ᠣᠯᠠᠨ ᠲᠦᠮᠡᠨ ᠤ ︽ᠪᠠᠲᠤᠯᠠᠬᠤ ᠶᠤᠰᠤᠳᠠᠢ ᠪᠦᠬᠦᠨ ᠢ ᠪᠠᠲᠤᠯᠠᠬᠤ︾  ᠪᠤᠯᠵᠠᠢ᠃  ᠬᠥᠳᠡᠯᠦᠩᠭᠦᠶ ᠬᠠᠮᠢᠶᠠᠷᠤᠯᠲᠠ ᠶᠢ ᠴᠢᠩᠭᠠᠳᠬᠠᠵᠤ᠂ ᠮᠡᠳᠡᠭᠡ ᠵᠠᠩᠭᠢ ᠶᠢ ᠬᠠᠷᠢᠴᠠᠭᠤᠯᠵᠦ᠂ ᠨᠡᠶᠢᠭᠡᠮ ᠤᠨ ᠳᠤᠰᠠᠯᠠᠮᠵᠢ ᠶᠢᠨ  ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠲᠣᠭᠲᠠᠴᠠ ᠶᠢ ᠪᠠᠶᠢᠭᠤᠯᠵᠤ᠂  ᠭᠤᠣᠯᠳᠠᠯᠭ᠎ᠠ ᠲᠠᠢ ᠡᠲᠡᠭᠡᠳ ᠤᠨ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠳᠠᠬᠢᠨ ᠶᠠᠳᠠᠭᠤᠷᠠᠬᠤ ᠠᠶᠤᠯ ᠢ ᠵᠠᠳᠠᠯᠤᠨ ᠰᠤᠳᠤᠯᠵᠤ᠂ ᠦᠨᠳᠦᠰᠦᠨ ᠵᠤᠶᠢᠯ ᠢ ᠪᠠᠲᠤᠯᠠᠬᠤ ᠨᠥᠬᠦᠴᠡᠯ ᠳᠤ ᠨᠡᠶᠢᠴᠡᠬᠦ ᠬᠦᠴᠢᠷᠳᠡᠯᠲᠡᠶ ᠣᠯᠠᠨ ᠲᠦᠮᠡᠨ ᠤ ︿︿ᠪᠠᠳᠤᠯᠠᠬᠤ ᠶᠤᠰᠤᠳᠠᠢ ᠪᠦᠬᠦᠨ ᠢ ᠪᠠᠳᠤᠯᠠᠬᠤ  ﹀﹀ ᠪᠤᠯᠵᠠᠢ᠃    ᠨᠢᠭᠡᠳᠦᠯᠲᠡᠶ ᠲᠥᠯᠥᠪᠯᠡᠨ ᠬᠠᠮᠲᠤᠷᠠᠨ ᠬᠦᠴᠦᠯᠡᠬᠦ  ᠪᠤᠯᠵᠠᠢ᠃ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠲᠦᠷᠦᠭᠦᠯᠡᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ᠂ ᠶᠠᠳᠠᠭᠤ ᠶᠢ ᠲᠡᠳᠬᠦᠬᠦ ᠠᠯᠪᠠᠨ ᠭᠡᠷ᠂ ᠵᠡᠮᠳᠡᠭᠴᠦᠳ ᠤᠨ ᠬᠤᠯᠪᠣᠭ᠎ᠠ᠂ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠵᠡᠷᠭᠡ 5 ᠰᠠᠯᠠᠭ᠎ᠠ ᠮᠥᠴᠢᠷ ᠲᠠᠢ ᠦᠨᠳᠦᠰᠦᠨ ᠵᠤᠶᠢᠯ ᠢ ᠪᠠᠲᠤᠯᠠᠬᠤ ᠲᠣᠪᠴᠢᠶ᠎ᠠ ᠬᠤᠭᠤᠷᠤᠡᠳᠤᠬᠢ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠵᠤ ᠂ ᠲᠣᠭᠲᠠᠮᠠᠯ ᠬᠤᠭᠤᠴᠠᠭ᠎ᠠ ᠲᠠᠢ ᠪᠠᠷ ᠬᠠᠮᠲᠤᠷᠠᠭᠰᠠᠨ ᠬᠤᠷᠠᠯ ᠬᠤᠷᠠᠯᠳᠤᠭᠤᠯᠵᠤ᠂ ᠴᠠᠭ ᠲᠤᠬᠠᠶ ᠳᠤᠨᠢ ᠲᠤᠭ᠎ᠠ ᠪᠠᠷᠢᠮᠳᠠ ᠶᠢ ᠬᠠᠮᠲᠤᠪᠠᠷ ᠠᠰᠢᠠᠠᠯᠠᠵᠤ᠂ ᠬᠠᠮᠲᠤᠪᠠᠷ ᠵᠦᠪᠳᠡᠯᠴᠡᠵᠦ ᠪᠠᠶᠢᠭᠠᠤᠨ ᠵᠥᠪᠯᠡᠨ ᠲᠤᠠᠠᠳᠠᠭᠰᠠᠨ ᠵᠤᠶᠢᠯᠡᠰ   ᠢᠶᠠᠨ ᠨᠡᠶᠢᠳᠡᠪᠤᠷᠢᠵᠢᠭᠤᠯᠳᠠᠭ ᠪᠤᠯᠵᠠᠢ᠃    
 
ᠢᠷᠡᠯᠲᠡ᠄ ᠠᠷᠠᠳ ᠤᠨ ᠶᠠᠪᠤᠳᠠᠯ ᠤᠨ ᠲᠢᠩᠬᠢᠮ ᠤᠨ ᠬᠢᠲᠠᠳ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号