ᠤᠯᠠᠭᠠᠨᠴᠠᠪ ᠬᠤᠲᠠ ᠲᠤᠷᠰᠢᠯᠲᠠ ᠶᠢᠨ ᠬᠤᠰᠢᠭᠤ ᠰᠢᠶᠠᠨ ᠤ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠣᠷᠤᠭᠰᠠᠨ ᠬᠡᠤᠬᠡᠳ᠂ ᠬᠦᠴᠢᠷᠳᠡᠯ ᠳᠤ ᠲᠤᠯᠭᠠᠷᠠᠭᠰᠠᠨ ᠬᠡᠤᠬᠡᠳ ᠤᠨ ᠪᠠᠶᠢᠳᠠᠯ ᠢ ᠤᠶᠢᠯᠠᠭᠠᠬᠤ ᠠᠵᠢᠯ ᠥᠷᠨᠢᠭᠦᠯᠦᠭᠡᠳ ᠠᠩᠬ᠎ᠠ ᠠᠯᠬᠤᠮ ᠤᠨ ᠦᠷ᠎ᠡ ᠪᠦᠲᠦᠮᠵᠢ ᠤᠯᠪᠠ
ᠨᠡᠶᠢᠲᠡᠯᠡᠭᠰᠡᠨ ᠴᠠᠭ᠄
2020/6/1
   ᠤᠯᠠᠭᠠᠨᠴᠠᠪ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ︽ᠬᠤᠲᠠ ᠶᠢᠨ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠲᠥᠪ ᠵᠠᠰᠠᠭ ᠤᠨ ᠣᠷᠳᠣᠨ ᠠᠴᠠ ᠨᠡᠶᠢᠭᠡᠮ ᠤᠨ ᠠᠵᠢᠯᠴᠢᠨ ᠤ ᠦᠢᠯᠡᠴᠢᠯᠡᠭᠡ  ᠶᠢ ᠬᠤᠳᠠᠯᠳᠤᠨ ᠠᠪᠬᠤ  ᠠᠷᠭ᠎ᠠ ᠪᠠᠷ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠣᠷᠤᠭᠰᠠᠨ ᠬᠡᠦᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠲᠤᠷᠰᠢᠯᠳᠡ ᠶᠢᠨ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ᠢ ᠨᠡᠶᠢᠲᠡᠯᠡᠵᠦ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠯᠢᠶᠠᠩᠴᠧᠩ ᠰᠢᠶᠠᠨ᠂ ᠰᠢᠩ ᠾᠧ ᠰᠢᠶᠠᠨ ᠳᠤ ᠵᠠᠰᠠᠭ ᠤᠨ ᠤᠷᠳᠤᠨ ᠠᠴᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡ ᠶᠢ ᠬᠤᠳᠠᠯᠳᠤᠨ ᠠᠪᠬᠤ ᠠᠷᠭ᠎ᠠ ᠪᠠᠷ ᠳᠠᠮᠵᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠣᠷᠤᠭᠰᠠᠨ ᠬᠡᠤᠬᠡᠳ ᠪᠠ ᠬᠦᠴᠢᠷᠳᠡᠯ ᠳᠤ ᠲᠤᠯᠭᠠᠷᠠᠭᠰᠠᠨ ᠭᠡᠤᠭᠡᠤᠨ ᠢ ᠬᠠᠯᠠᠮᠵᠢᠯᠠᠨ ᠬᠠᠶᠢᠷᠠᠯᠠᠬᠤ ᠤᠶᠢᠯᠡᠴᠢᠯᠡᠭᠡᠨ ᠤ ᠲᠤᠷᠰᠢᠯᠲᠠ ᠶᠢᠨ ᠴᠢᠭ ᠤᠨ ᠠᠵᠢᠯ ᠢ ᠦᠷᠨᠢᠬᠦᠯᠪᠡ᠃ ᠣᠳᠣᠬᠠᠨ ᠳᠤ᠂ 3 ᠲᠤᠷᠰᠢᠯᠲᠠ ᠶᠢᠨ ᠴᠢᠬ ᠤᠨ ᠭᠠᠵᠠᠷ ᠣᠷᠣᠨ ᠨᠢ ᠨᠢᠭᠡᠳᠦᠭᠡᠷ ᠱᠠᠳᠤᠨ ᠡᠷᠦᠬᠡ ᠳᠤ ᠬᠦᠷᠴᠦ ᠵᠢᠭᠰᠠᠭᠠᠬᠤ ᠪᠠᠶᠢᠴᠠᠭᠠᠯᠲᠠ ᠶᠢᠨ ᠠᠵᠢᠯ  ᠢᠶᠠᠨ  ᠪᠡᠶᠡᠯᠡᠬᠦᠯᠪᠡ᠃    ᠡᠨᠡ ᠤᠳᠠᠭᠠᠨ ᠤ ᠪᠠᠶᠢᠴᠠᠭᠠᠬᠤ ᠠᠵᠢᠯ ᠳᠤ᠂  3 ᠨᠡᠶᠢᠭᠡᠮ ᠤᠨ ᠵᠣᠬᠢᠶᠠᠨ ᠪᠠᠶᠢᠭᠤᠯᠤᠯᠲᠠ ᠨᠢ ᠳᠥᠷᠪᠡᠨ ᠰᠠᠷ᠎ᠠ ᠶᠢᠨ ᠴᠠᠭ  ᠢ ᠠᠰᠢᠭᠯᠠᠵᠤ᠂ ᠲᠣᠰᠬᠤᠨ ᠪᠦᠷᠢ ᠳᠤ ᠬᠦᠡᠵᠡᠭᠡᠶᠢᠷᠡᠨ ᠡᠷᠦᠬᠡ ᠡᠷᠤᠭᠡ ᠪᠠᠷ ᠤᠷᠤᠵᠤ ᠭᠡᠷ ᠲᠡᠭᠡᠨ ᠬᠤᠴᠣᠷᠤᠭᠰᠠᠨ ᠬᠡᠤᠬᠡᠳ᠂  ᠬᠦᠴᠢᠷᠳᠡᠯ ᠳᠤ ᠲᠤᠯᠭᠠᠷᠠᠭᠰᠠᠨ ᠬᠡᠤᠬᠡᠳ ᠤᠨ ᠦᠨᠳᠦᠰᠦᠨ ᠪᠠᠶᠢᠳᠠᠯ ᠳᠤ ᠨᠠᠷᠢᠨ ᠪᠠᠶᠢᠴᠠᠭᠠᠯᠲᠠ ᠬᠢᠵᠦ᠂ ᠨᠢᠭᠡᠳ ᠨᠢᠭᠡ ᠪᠠᠷ ᠪᠦᠷᠢᠳᠬᠡᠨ ᠳᠡᠩᠰᠡᠯᠡᠪᠡ᠃ ᠡᠭᠦᠨ ᠤ ᠬᠠᠮᠲᠤ᠂ ᠬᠡᠤᠬᠡᠳ ᠤᠨ ᠬᠢᠨᠠᠨ ᠵᠢᠯᠣᠭᠤᠳᠤᠭᠴᠢ᠂ ᠬᠡᠤᠬᠡᠳ ᠤᠨ ᠡᠷᠬᠢᠯᠡᠭᠴᠢ ᠨᠠᠷ ᠢ ᠴᠥᠮ ᠨᠢᠭᠡ ᠨᠢᠭᠡ ᠪᠠᠷ ᠲᠠᠩᠰᠠᠯᠠᠵᠤ᠂ ᠬᠡᠤᠬᠡᠳ ᠤᠨ ᠬᠢᠨᠠᠨ ᠵᠢᠯᠣᠭᠤᠳᠤᠭᠴᠢ ᠪᠠ ᠬᠡᠤᠬᠡᠳ ᠤᠨ ᠡᠷᠬᠢᠯᠡᠭᠴᠢ ᠶᠢᠨ ᠦᠶ᠋ᠯᠡᠴᠢᠯᠡᠭᠡᠨ ᠤ ᠮᠡᠳᠡᠭᠡ ᠵᠠᠩᠭᠢ ᠶᠢᠨ ᠨᠠᠷᠢᠨ ᠲᠣᠳᠣᠷᠬᠠᠶ ᠬᠥᠮᠥᠷᠭᠡ ᠶᠢ ᠪᠠᠶᠢᠭᠤᠯᠪᠠ᠃    ᠦᠨᠳᠦᠰᠦᠨ ᠪᠠᠶᠢᠳᠠᠯ ᠢ ᠡᠵᠡᠮᠰᠢᠭᠰᠡᠨ ᠤ ᠳᠠᠷᠠᠭ᠎ᠠ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠬᠤᠲᠠ ᠶᠢᠨ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠲᠥᠪ᠂ 3 ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠵᠢᠯᠲᠠᠨ ᠢ ᠴᠤᠭᠯᠠᠭᠤᠯᠵᠤ ᠪᠠᠶᠢᠴᠠᠭᠠᠯᠲᠠ ᠶᠢᠨ ᠲᠤᠭ᠎ᠠ ᠪᠦᠷᠢᠤᠡᠭᠡᠯ ᠢ ᠵᠠᠳᠠᠯᠤᠨ ᠡᠮᠬᠢᠳᠬᠡᠵᠦ ᠬᠤᠷᠢᠶᠠᠩᠭᠤᠶᠢᠯᠠᠪᠠ᠃ ᠪᠠᠶᠢᠴᠠᠭᠠᠯᠲᠠ ᠶᠢᠨ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠪᠠ ᠣᠨᠴᠠᠭᠠᠢ ᠪᠠᠶᠢᠳᠠᠯ ᠳᠤ ᠴᠢᠭᠯᠡᠭᠦᠯᠦᠨ᠂ ᠬᠤᠰᠢᠭᠤ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠪᠠᠷ ᠬᠢᠨᠠᠨ ᠬᠠᠷᠭᠤᠭᠤᠯᠬᠤ ᠪᠠᠷ ᠲᠣᠬᠢᠷᠠᠭᠤᠯᠬᠤ ᠶᠢᠨ ᠬᠠᠮᠲᠤ᠂ ᠪᠣᠳᠠᠲᠤ ᠪᠠᠶᠢᠳᠠᠯ ᠢ ᠦᠨᠳᠦᠰᠦᠯᠡᠨ ᠪᠠᠲᠤᠯᠠᠬᠤ ᠡᠲᠡᠭᠡᠳ ᠤᠨ ᠲᠥᠷᠥᠯ ᠢᠯᠭᠠᠯ ᠳᠤ ᠵᠣᠬᠢᠴᠠᠩᠭᠤᠶ ᠲᠣᠬᠢᠷᠠᠭᠤᠯᠤᠯᠲᠠ ᠬᠢᠵᠤ᠂ ᠭᠡᠷ ᠲᠡᠭᠡᠨ ᠬᠤᠴᠣᠷᠤᠭᠰᠠᠨ ᠬᠡᠦᠬᠡᠳ ᠤᠨ ᠠᠳᠠᠯᠢ ᠪᠤᠰᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠤᠶᠢᠯᠡᠴᠢᠯᠡᠭᠡᠨ ᠤ ᠠᠭᠤᠯᠭ᠎ᠠ ᠪᠠᠨ ᠲᠤᠬᠢᠷᠠᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠬᠠᠯᠠᠮᠵᠢᠯᠠᠨ ᠲᠡᠳᠬᠦᠬᠦ ᠳᠤ ᠨᠢ ᠠᠷᠭ᠎ᠠ ᠴᠢᠭᠯᠡᠯ ᠢ   ᠨᠢ ᠲᠤᠳᠤᠷᠬᠠᠶᠢᠯᠠᠵᠤ ᠦᠭᠴᠡᠢ᠃
 
ᠢᠷᠡᠯᠲᠡ᠄ ᠠᠷᠠᠳ ᠤᠨ ᠶᠠᠪᠤᠳᠠᠯ ᠤᠨ ᠲᠢᠩᠬᠢᠮ ᠤᠨ ᠬᠢᠲᠠᠳ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号