ᠮᠠᠨ ᠤ ᠣᠷᠣᠨ ᠨᠡᠶᠢᠭᠡᠮ ᠤᠨ ᠳᠤᠰᠠᠯᠠᠮᠵᠢ ᠶᠢᠨ  ᠪᠠᠷᠢᠮᠵᠢᠶ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠵᠦ ᠠᠷᠠᠳ   ᠤᠨ ᠠᠮᠢᠳᠤᠷᠠᠯ ᠤᠨ ᠪᠠᠲᠤᠯᠠᠭ᠎ᠠ ᠶᠢᠨ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2020/6/5
    ᠶᠡᠷᠦᠩᠬᠡᠶ ᠱᠦᠵᠢ ᠰᠢ ᠶᠢᠨ ᠫᠢᠩ ᠤᠨ 4 ᠳ᠋ᠦ᠋ᠭᠡᠷ ᠰᠠᠷ᠎ᠠ ᠶᠢᠨ 8 ᠤ ᠡᠳᠦᠷ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠳᠡᠭᠡᠷᠡᠬᠢ ︽ᠠᠷᠠᠳ ᠤᠨ ᠠᠮᠢᠳᠤᠷᠠᠯ ᠢ ᠪᠠᠳᠤᠯᠠᠬᠤ ᠪᠠ ᠰᠠᠶᠢᠵᠢᠷᠠᠭᠤᠯᠬᠤ ᠠᠵᠢᠯ ᠢ ᠴᠢᠩᠭᠠᠤᠡᠬᠠᠵᠤ︾ ︽ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠵᠡᠷᠭᠡ ᠪᠠᠲᠤᠯᠠᠭ᠎ᠠ ᠶᠢᠨ  ᠪᠠᠷᠢᠮᠵᠢᠶ᠎ᠠ ᠶᠢ ᠵᠣᠬᠢᠰᠲᠠᠶ ᠳᠡᠭᠡᠭᠰᠢᠯᠡᠭᠦᠯᠬᠦ︾ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠵᠤ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠦᠯᠦᠭᠡ᠂ ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽2020 ᠣᠨ ᠤ ᠪᠥᠬᠦ ᠣᠷᠣᠨ ᠤ ᠨᠡᠶᠢᠭᠡᠮ ᠤᠨ ᠳᠤᠰᠠᠯᠠᠮᠵᠢ ᠶᠢᠨ  ᠪᠠᠷᠢᠮᠵᠢᠶ᠎ᠠ ᠳᠤ ᠬᠤᠯᠪᠤᠠᠠᠳᠠᠬᠤ ᠶᠠᠪᠤᠳᠠᠯ ᠤᠨ ᠲᠤᠬᠠᠶ ᠮᠡᠳᠡᠭᠳᠡᠯ︾  ᠢ ᠳᠠᠷᠤᠮᠠᠯᠯᠠᠨ  ᠲᠠᠷᠬᠠᠭᠠᠵᠤ ᠂ 2020 ᠣᠨ ᠤ ᠪᠥᠬᠦ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠪᠠᠷᠢᠮᠵᠢᠶ᠎ᠠ᠂ ᠣᠨᠴᠠ ᠬᠦᠴᠢᠷᠳᠡᠯᠲᠡᠶ ᠬᠥᠮᠦᠰ ᠤᠨ ᠠᠮᠢᠳᠤᠷᠠᠯ ᠤᠨ ᠦᠨᠳᠦᠰᠦᠨ ᠪᠠᠷᠢᠮᠵᠢᠶ᠎ᠠ ᠪᠠ ᠬᠠᠷᠠᠭᠠᠯᠵᠠᠵᠤ ᠰᠤᠪᠢᠯᠠᠬᠤ ᠪᠠᠷᠢᠮᠵᠢᠶ᠎ᠠ ᠶᠢ ᠲᠣᠭᠲᠠᠭᠠᠪᠠ᠃    2020 ᠣᠨ ᠳᠤ ᠮᠠᠨ ᠤ ᠣᠷᠣᠨ ᠤ ᠬᠤᠲᠠ ᠵᠢᠨ‌ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠳᠤᠮᠳᠠᠴᠢ ᠪᠠᠷᠢᠮᠵᠢᠶ᠎ᠠ ᠨᠢ 732 ᠲᠥᠭᠦᠷᠢᠭ / ᠬᠥᠮᠦᠨ · ᠰᠠᠷ᠎ᠠ ᠳᠤ ᠬᠦᠷᠴᠦ᠂ 2019 ᠣᠨ ᠤ ᠬᠢ ᠠᠴᠠ 5.8% ᠪᠠᠷ ᠨᠡᠮᠡᠭᠳᠡᠬᠦᠯᠵᠡᠢ᠃ ᠪᠥᠬᠦ ᠤᠯᠤᠰ ᠤᠨ 8 ᠳ᠋ᠤᠭᠠᠷ ᠲᠤ ᠵᠢᠭᠰᠠᠭᠠᠭᠳᠠᠪᠠ︔ ᠮᠠᠯᠵᠢᠬᠤ ᠲᠠᠷᠢᠶᠠᠯᠠᠬᠤ ᠣᠷᠣᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠳᠤᠮᠳᠠᠴᠢ ᠪᠠᠷᠢᠮᠵᠢᠶ᠎ᠠ ᠨᠢ ᠬᠥᠮᠦᠨ ᠪᠦᠷᠢ ᠳᠤ 6307 ᠲᠥᠭᠦᠷᠢᠭ ᠪᠤᠯᠵᠤ᠂ 2019 ᠣᠨ ᠤ ᠬᠢ ᠠᠴᠠ 6.6% ᠪᠠᠷ ᠨᠡᠮᠡᠭᠳᠡᠵᠦ᠂ ᠪᠦᠬᠦ ᠤᠯᠤᠰ ᠤᠨ ᠶᠢᠰᠦᠳᠦᠭᠡᠷ ᠲᠤ ᠵᠢᠭᠰᠠᠭᠠᠭᠳᠠᠪᠠ᠃ ᠮᠠᠨ ᠤ ᠣᠷᠣᠨ ᠤ ᠬᠤᠲᠠ ᠶᠢᠨ ᠣᠨᠴᠠ ᠬᠦᠴᠢᠷᠳᠡᠯᠲᠡᠶ ᠬᠥᠮᠦᠰ ᠤᠨ ᠳᠤᠮᠳᠠᠴᠢ ᠦᠨᠳᠦᠰᠦᠨ ᠠᠮᠢᠳᠤᠷᠠᠯ ᠤᠨ ᠪᠠᠷᠢᠮᠵᠢᠶ᠎ᠠ ᠶᠢ ᠬᠥᠮᠦᠨ ᠪᠦᠷᠢ · ᠰᠠᠷ᠎ᠠ ᠳᠤ 1246 ᠲᠥᠭᠦᠷᠢᠭ ᠲᠤ ᠬᠦᠷᠭᠡᠵᠤ᠂ ᠲᠠᠷᠢᠶᠠᠯᠠᠬᠤ ᠮᠠᠯᠵᠢᠬᠤ ᠣᠷᠣᠨ ᠤ ᠣᠨᠴᠠ ᠬᠦᠴᠢᠷᠳᠡᠯᠲᠡᠶ ᠬᠥᠮᠦᠰ ᠤᠨ ᠳᠤᠮᠳᠠᠴᠢ ᠦᠨᠳᠦᠰᠦᠨ ᠠᠮᠢᠳᠤᠷᠠᠯ ᠤᠨ ᠪᠠᠷᠢᠮᠵᠢᠶ᠎ᠠ ᠶᠢ ᠬᠥᠮᠦᠨ ᠪᠦᠷᠢ ᠵᠢᠯ ᠳᠤ 10043 ᠲᠥᠭᠦᠷᠢᠭ ᠲᠤ ᠬᠦᠷᠭᠡᠵᠠᠢ᠃ ᠠᠮᠢᠳᠤᠷᠠᠯ ᠢᠶᠠᠨ ᠠᠷᠭᠠᠴᠠᠭᠠᠬᠤ ᠴᠢᠳᠠᠪᠤᠷᠢ ᠪᠠᠨ ᠬᠡᠰᠡᠭ ᠠᠯᠳᠠᠭᠰᠠᠤᠨ ᠤᠨ ᠠᠰᠠᠷᠠᠨ ᠰᠤᠪᠢᠯᠠᠬᠤ ᠳᠤᠮᠳᠠᠴᠢ ᠪᠠᠷᠢᠮᠵᠢᠶ᠎ᠠ ᠶᠢ ᠬᠥᠮᠦᠨ ᠪᠦᠷᠢ ᠰᠠᠷ᠎ᠠ ᠳᠤ 430 ᠲᠥᠭᠦᠷᠢᠭ ᠲᠤ ᠬᠦᠷᠴᠡᠢ︔ ᠠᠮᠢᠳᠤᠷᠠᠯ ᠢᠶᠠᠨ ᠠᠷᠭᠠᠴᠠᠭᠠᠬᠤ ᠴᠢᠳᠠᠪᠤᠷᠢ ᠪᠠᠨ ᠪᠦᠷᠢᠮᠦᠰᠦᠨ ᠠᠯᠳᠠᠭᠰᠠᠤᠨ ᠤᠨ ᠬᠠᠷᠠᠭᠠᠯᠵᠠᠵᠤ ᠰᠤᠪᠢᠯᠠᠬᠤ ᠲᠤᠮᠳᠠᠴᠢ ᠪᠠᠷᠢᠮᠵᠢᠶ᠎ᠠ ᠶᠢ ᠬᠥᠮᠦᠨ ᠪᠦᠷᠢ ᠰᠠᠷ᠎ᠠ ᠳᠤ 1078 ᠲᠥᠭᠦᠷᠢᠭ ᠲᠤ ᠬᠦᠷᠦᠬᠦᠯᠵᠡᠢ  ᠃     ︽ᠮᠡᠳᠡᠭᠳᠡᠯ︾ ᠳᠤ᠂ ᠡᠯ᠎ᠡ ᠭᠠᠵᠠᠷ ᠣᠷᠣᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠬᠢᠨᠠᠨ ᠬᠠᠷᠭᠤᠭᠤᠯᠵᠤ ᠲᠣᠭᠲᠠᠭᠠᠭᠰᠠᠨ ᠨᠡᠶᠢᠭᠡᠮ ᠤᠨ ᠳᠤᠰᠠᠯᠠᠮᠵᠢ ᠶᠢᠨ ᠪᠠᠷᠢᠮᠵᠢᠶ᠎ᠠ ᠶᠢ ᠴᠠᠭ ᠲᠤᠬᠠᠶ  ᠳᠤᠨᠢ ᠨᠡᠶᠢᠭᠡᠮ ᠳᠤ ᠨᠡᠶᠢᠲᠡᠯᠡᠬᠦ ᠶᠢᠨ ᠬᠠᠮᠲᠤ ᠴᠢᠩᠭ᠎ᠠ ᠬᠡᠷᠡᠭᠵᠢᠭᠦᠯᠬᠦ ᠬᠡᠷᠡᠭᠲᠡᠶ᠃ ᠡᠯ᠎ᠡ ᠬᠤᠰᠢᠭᠤ ᠰᠢᠶᠠᠨ ︵ᠬᠤᠲᠠ ᠂ ᠲᠣᠭᠤᠷᠢᠭ︶ ᠨᠢ 2020 ᠣᠨ ᠤ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠰᠢᠨ᠎ᠡ ᠪᠠᠷᠢᠮᠵᠢᠶ᠎ᠠ ᠶᠣᠰᠣᠭᠠᠷ ᠪᠡᠯᠡ ᠮᠥᠩᠭᠦ ᠶᠢ ᠨᠥᠬᠦᠪᠥᠷᠢᠯᠡᠨ ᠣᠯᠭᠤᠵᠤ ᠳᠠᠭᠤᠰᠬᠠᠬᠤ ᠬᠡᠷᠡᠭᠲᠡᠶ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠠᠴᠠ ᠭᠠᠷᠤᠠᠠᠰᠠᠤᠨ ᠲᠤ ᠦᠭᠬᠦ ᠦᠭᠡᠢ ᠭᠡᠵᠦ ᠲᠤᠳᠤᠷᠬᠠᠶᠢᠯᠠᠪᠠ᠃    ︽ᠮᠡᠳᠡᠭᠳᠡᠯ︾ ᠳᠤ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠦᠨᠳᠦᠰᠦᠨ ᠵᠤᠶᠢᠯ  ᠤᠨ ᠪᠠᠲᠤᠯᠠᠭᠠᠨ ᠤ  ᠪᠠᠶᠢᠳᠠᠯ   ᠢᠶᠠᠨ ᠵᠢᠭᠰᠠᠭᠠᠨ ᠪᠠᠶᠢᠴᠠᠭᠠᠵᠤ᠂  ᠮᠠᠯᠵᠢᠬᠤ ᠲᠠᠷᠢᠶᠠᠯᠠᠬᠤ ᠣᠷᠣᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠳᠠᠩᠰᠠ ᠺᠠᠷᠲ ᠲᠠᠢ ᠶᠠᠳᠠᠭᠤ ᠬᠦᠴᠢᠷᠳᠡᠯᠲᠡᠢ ᠡᠷᠦᠬᠡ ᠶᠢᠨ ︽ᠠᠭᠠᠵᠢᠮ ᠢᠶᠠᠷ ᠤᠬᠤᠷᠢᠬᠤ ᠬᠤᠭᠤᠴᠠᠭ᠎ᠠ︾ ᠶᠢᠨ ᠳᠦᠷᠢᠮ ᠢ  ᠴᠢᠩᠭ᠎ᠠ ᠨᠡᠶᠢᠳᠡᠪᠤᠷᠢᠵᠢᠭᠤᠯᠵᠤ᠂ ᠲᠦᠷ ᠴᠠᠭ ᠤᠨ ᠳᠤᠰᠠᠯᠠᠮᠵᠢ ᠶᠢᠨ ᠡᠷᠴᠢᠮ ᠢᠶᠠᠨ ᠴᠢᠩᠭᠠᠷᠠᠭᠤᠯᠤᠨ᠂ ᠬᠥᠳᠡᠯᠮᠦᠷᠢᠯᠡᠬᠦ ᠴᠢᠳᠠᠪᠤᠷᠢ ᠥᠬᠡᠶ ᠪᠣᠯᠤᠭᠰᠠᠨ ᠲᠠᠩᠰᠠ ᠺᠠᠷᠲ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠦᠨᠳᠦᠰᠦᠨ ᠠᠮᠢᠳᠤᠷᠠᠯ  ᠢ ᠪᠠᠲᠤᠯᠠᠬᠤ ᠠᠵᠢᠯ ᠢ  ᠱᠠᠯᠠᠪᠳᠠᠨ ᠰᠢᠢᠳᠪᠤᠷᠢᠯᠡᠵᠤ᠂ ᠨᠡᠶᠢᠭᠡᠮ ᠤᠨ ᠳᠤᠰᠠᠯᠠᠮᠵᠢ ᠶᠢᠨ  ᠦᠨᠳᠦᠰᠦᠨ  ᠵᠤᠶᠢᠯ ᠢ ᠪᠠᠲᠤᠯᠠᠬᠤ ᠠᠵᠢᠯ ᠢ ᠦᠨᠡᠨ ᠬᠦ ᠰᠠᠶᠢᠲᠤᠷ  ᠬᠢᠬᠦ ᠭᠡᠷᠡᠭᠳᠡᠢ    ︽ᠮᠡᠳᠡᠭᠳᠡᠯ︾ ᠳᠤ ᠴᠢᠬᠤᠯᠠᠴᠢᠯᠠᠭᠰᠠᠨ ᠨᠢ᠂ ᠨᠡᠶᠢᠭᠡᠮ ᠤᠨ ᠳᠤᠰᠠᠯᠠᠮᠵᠢ ᠶᠢᠨ ᠵᠢᠷᠤᠮᠵᠢᠭᠰᠠᠨ ᠬᠠᠮᠢᠶᠠᠷᠤᠯᠲᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠳᠣᠤᠷᠠᠬᠢ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠄ ᠨᠢᠭᠡ ᠳᠤ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠵᠢᠷᠤᠮᠵᠢᠭᠰᠠᠨ ᠬᠠᠮᠢᠶᠠᠷᠤᠯᠲᠠ ᠶᠢ ᠬᠦᠡᠵᠡᠭᠡᠶᠢᠷᠡᠬᠦᠯᠵᠤ᠂ ᠪᠠᠲᠤᠯᠠᠭ᠎ᠠ ᠶᠢᠨ ᠡᠲᠡᠭᠡᠳ ᠢ ᠨᠠᠷᠢᠯᠢᠭ ᠣᠨᠣᠴᠠᠲᠠᠶ ᠲᠤᠠᠠᠳᠠᠭᠠᠬᠤ ᠬᠡᠷᠡᠭᠲᠡᠶ᠃ ᠬᠤᠶᠠᠷ ᠲᠤ᠂ ᠣᠨᠴᠠ ᠬᠦᠴᠢᠷᠳᠡᠯᠲᠡᠢ ᠬᠥᠮᠦᠰ ᠢ  ᠲᠤᠰᠠᠯᠠᠵᠤ ᠬᠠᠷᠠᠭᠠᠯᠵᠠᠬᠤ ᠠᠵᠢᠯ ᠪᠠ ᠲᠦᠷ ᠴᠠᠭ ᠤᠨ ᠳᠤᠰᠠᠯᠠᠮᠵᠢ ᠶᠢᠨ ᠠᠵᠢᠯ ᠢ ᠰᠠᠶᠢᠲᠤᠷ ᠬᠢᠬᠦ ᠭᠡᠷᠡᠭᠳᠡᠢ᠃ ᠡᠯ᠎ᠡ ᠭᠠᠵᠠᠷ ᠣᠷᠣᠨ ᠣᠨᠴᠠ ᠬᠦᠴᠢᠷᠳᠡᠯᠲᠡᠶ ᠬᠥᠮᠦᠰ ᠢ   ᠨᠣᠲᠠᠯᠠᠨ ᠲᠣᠭᠲᠠᠭᠠᠬᠤ ᠶᠢ ᠵᠢᠷᠤᠮᠵᠢᠭᠤᠯᠵᠤ᠂ ︽ᠠᠪᠤᠷᠠᠪᠠᠰᠤ ᠵᠣᠬᠢᠬᠤ ᠪᠦᠬᠦᠨ ᠢ ᠠᠪᠤᠷᠠᠵᠤ᠂  ᠲᠡᠤᠡᠬᠦᠪᠡᠰᠤ ᠵᠣᠬᠢᠬᠤ  ᠪᠦᠬᠦᠨ ᠢ ᠲᠡᠤᠡᠬᠦᠬᠦ︾ ᠶᠢ ᠪᠡᠶᠡᠯᠡᠬᠦᠯᠬᠦ ᠬᠡᠷᠡᠭᠲᠡᠶ᠃ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠲᠦᠷ ᠴᠠᠭ  ᠤᠨ ᠳᠤᠰᠠᠯᠠᠮᠵᠢ  ᠶᠢᠨ ︽ᠤᠷᠢᠳᠠᠪᠠᠷ ᠲᠤᠰᠠᠯᠠᠬᠤ︾ ᠪᠠ ︽ᠱᠠᠲᠤ ᠬᠤᠪᠢᠶᠠᠨ ᠬᠢᠨᠠᠨ ᠵᠥᠪᠰᠢᠶᠡᠷᠡᠬᠦ︾ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠤᠯᠠᠮ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ ᠲᠦᠷ ᠴᠠᠭ ᠤᠨ ᠳᠤᠰᠠᠯᠠᠮᠵᠢ ᠶᠢᠨ ᠪᠡᠯᠡᠳᠬᠡᠯ ᠮᠥᠩᠭᠦ ᠶᠢᠨ ᠳᠦᠷᠢᠮ ᠢ ᠬᠢᠨᠠᠮᠠᠭᠠᠶ ᠬᠡᠷᠡᠭᠵᠢᠭᠦᠯᠵᠦ᠂ ᠲᠦᠷ ᠴᠠᠭ ᠤᠨ ᠳᠤᠰᠠᠯᠠᠮᠵᠢ   ᠶᠢᠨ ᠴᠠᠭ ᠢ ᠵᠠᠪᠳᠤᠭᠤᠯᠬᠤ ᠭᠡᠷᠡᠭᠳᠡᠢ᠃ ᠭᠤᠷᠪᠠ ᠳᠤ᠂ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠠᠷᠭᠤᠭᠤᠯᠬᠤ ᠲᠣᠭᠲᠠᠴᠠ ᠶᠢ ᠲᠡᠬᠦᠯᠳᠡᠷᠵᠢᠬᠦᠯᠬᠦ ᠭᠡᠷᠡᠭᠳᠡᠢ᠃ ᠰᠢᠨ᠎ᠡ ᠪᠠᠷ ᠭᠤᠶᠤᠴᠢᠯᠠᠭᠰᠠᠨ ᠨᠡᠶᠢᠭᠡᠮ ᠤᠨ ᠳᠤᠰᠠᠯᠠᠮᠵᠢ ᠶᠢᠨ ᠡᠳᠡᠭᠡᠤᠨ ᠢ ᠴᠢᠩᠭ᠎ᠠ ᠬᠢᠨᠠᠵᠤ᠂ ᠦᠨᠡᠨ ᠮᠦᠨ ᠢ ᠪᠠᠲᠤᠯᠠᠬᠤ ᠬᠡᠷᠡᠭᠲᠡᠶ︔ ᠨᠢᠭᠡᠨᠲᠡ ᠨᠡᠶᠢᠭᠡᠮ ᠤᠨ ᠳᠤᠰᠠᠯᠠᠮᠵᠢ ᠬᠦᠷᠲᠡᠵᠦ ᠪᠠᠶᠢᠭ᠎ᠠ ᠡᠲᠡᠭᠡᠳ ᠢ ᠠᠳᠠᠭ ᠲᠠᠭᠠᠨ ᠤᠯᠠᠷᠢᠯ ᠪᠦᠷᠢ ᠨᠢᠭᠡ ᠤᠳᠠᠭ᠎ᠠ ᠬᠠᠷᠭᠤᠭᠤᠯᠵᠤ᠂ ᠨᠥᠬᠦᠴᠡᠯ ᠳᠤ ᠨᠡᠶᠢᠴᠡᠬᠦ ᠦᠭᠡᠢ ᠡᠲᠡᠭᠡᠳ ᠢ ᠴᠠᠭ ᠲᠤᠬᠠᠶ ᠳᠤᠨᠢ ᠢᠯᠭᠠᠷᠠᠭᠤᠯᠤᠨ ᠭᠠᠷᠭᠠᠬᠤ ᠬᠡᠷᠡᠭᠲᠡᠶ᠃
 
ᠢᠷᠡᠯᠲᠡ᠄ ᠠᠷᠠᠳ ᠤᠨ ᠶᠠᠪᠤᠳᠠᠯ ᠤᠨ ᠲᠢᠩᠬᠢᠮ ᠤᠨ ᠬᠢᠲᠠᠳ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号