ᠤᠯᠠᠭᠠᠨᠴᠠᠪ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠨᠠᠮ ᠪᠠᠶᠢᠭᠤᠯᠤᠭᠳᠠᠭᠰᠠᠨ 99 ᠵᠢᠯ ᠤᠨ ᠣᠶ ᠶᠢ ᠳᠤᠷᠠᠰᠬᠠᠬᠤ  ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠢᠪᠠ
ᠨᠡᠶᠢᠲᠡᠯᠡᠭᠰᠡᠨ ᠴᠠᠭ᠄
2020/7/31
   6 ᠳ᠋ᠤᠭᠠᠷ ᠰᠠᠷ᠎ᠠ ᠶᠢᠨ 30 ᠤ ᠡᠳᠦᠷ ᠤᠯᠠᠭᠠᠨᠴᠠᠪ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠪᠠᠶᠢᠭᠤᠯᠭ᠎ᠠ ᠶᠢᠨ ᠨᠠᠮ ᠤᠨ ᠬᠤᠷᠢᠶ᠎ᠠ ︽ᠣᠭ ᠰᠠᠨᠠᠭ᠎ᠠ ᠪᠠᠨ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ᠂ ᠠᠷᠠᠳ ᠤᠨ ᠶᠠᠪᠤᠳᠠᠯ ᠤᠨ ᠦᠢᠯᠡᠰ ᠤᠨ ᠰᠢᠨ᠎ᠡ ᠵᠢᠷᠤᠭ ᠲᠥᠯᠥᠪᠯᠡᠭᠡ ᠵᠢᠷᠤᠭᠯᠠᠬᠤ︾ ᠪᠠᠷ ᠭᠤᠤᠯ ᠰᠡᠳᠦᠪ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 99 ᠵᠢᠯ ᠤᠨ ᠣᠶ ᠶᠢ ᠳᠤᠷᠠᠰᠬᠠᠬᠤ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠢᠪᠠ᠃
   ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠤ ᠣᠷᠣᠯᠴᠠᠭᠰᠠᠨ ᠪᠦᠬᠦ ᠨᠠᠮ ᠤᠨ ᠭᠡᠰᠢᠭᠦᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠤᠭ ᠤᠨ ᠡᠮᠦᠨ᠎ᠡ ᠨᠠᠮ ᠳᠤ ᠣᠷᠣᠬᠤ ᠲᠠᠩᠭᠠᠷᠢᠭ ᠢᠶᠠᠨ ᠲᠠᠬᠢᠨ ᠡᠷᠭᠢᠴᠡᠭᠦᠯᠪᠡ᠃ ᠬᠤᠷᠠᠯ ᠳᠡᠭᠡᠷ᠎ᠡ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂  ᠳᠣᠪᠴᠢᠶ᠎ᠠ  ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠰᠢᠶᠣᠤ ᠸᠧᠶ ᠬᠤᠸᠠ ᠠᠴᠠ ︽2019 ᠣᠨ  ᠤ ᠬᠤᠲᠠ ᠶᠢᠨ ᠰᠢᠭᠤᠳ ᠬᠠᠷᠢᠶ᠎ᠠ ᠠᠷᠠᠳ ᠤᠨ ᠶᠠᠪᠤᠳᠠᠯ ᠤᠨ ᠰᠢᠰᠲ᠋ᠧᠮ ᠤᠨ ᠲᠡᠷᠢᠭᠦᠨ ᠤ ᠦᠨᠳᠦᠰᠦᠨ ᠱᠠᠲᠤᠨ ᠤ ᠨᠠᠮ  ᠤᠨ ᠵᠣᠬᠢᠶᠠᠨ ᠪᠠᠶᠢᠭᠤᠯᠤᠯᠲᠠ᠂ ᠰᠢᠯᠢᠳᠡᠭ ᠡᠪ ᠬᠠᠮᠲᠤ ᠨᠠᠮ ᠤᠨ ᠭᠡᠰᠢᠭᠦᠨ᠂ ᠰᠢᠯᠢᠳᠡᠭ ᠨᠠᠮ ᠤᠨ ᠠᠵᠢᠯᠲᠠᠨ   ᠢ ᠬᠥᠬᠢᠭᠦᠯᠦᠨ ᠰᠠᠶᠢᠰᠢᠶᠠᠬᠤ ᠲᠤᠬᠠᠶ ᠲᠣᠭᠲᠠᠭᠠᠯ︾ ᠢ ᠤᠩᠰᠢᠨ ᠨᠡᠶᠢᠲᠡᠯᠡᠭᠰᠡᠨ ᠪᠥᠭᠡᠳ 2 ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ 8 ᠰᠢᠯᠢᠳᠡᠭ ᠨᠠᠮ ᠤᠨ ᠠᠵᠢᠯᠳᠠᠨ᠂ 21 ᠰᠢᠯᠢᠳᠡᠭ ᠡᠪ ᠬᠠᠮᠲᠤ ᠨᠠᠮ ᠤᠨ ᠭᠡᠰᠢᠭᠦᠨ ᠢ ᠬᠥᠬᠢᠭᠦᠯᠦᠨ ᠰᠠᠶᠢᠰᠢᠶᠠᠵᠠᠢ᠃    ᠳᠠᠷᠠᠭ᠎ᠠ ᠨᠢ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠴᠧᠩ ᠲᠢᠶᠠᠨ ᠹᠦ᠋ ᠠᠴᠠ ︽ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠰᠢᠨ᠎ᠡ ᠴᠠᠭ ᠦᠶ᠎ᠡ ᠳᠤ ᠤᠷᠤᠭᠰᠠᠠ ᠭᠤᠣᠯ ᠠᠭᠤᠯᠤᠭᠳᠠᠬᠤᠨ︾ ᠤ ᠳᠤᠬᠠᠢ ᠪᠦᠬᠦ ᠨᠠᠮ ᠤᠨ ᠭᠡᠰᠢᠭᠦᠨ ᠳᠤ ᠲᠤᠰᠬᠠᠢ ᠰᠡᠳᠦᠪᠲᠦ ᠨᠠᠮ ᠤᠨ ᠬᠢᠴᠢᠶᠡᠯ ᠣᠷᠣᠪᠡ᠃  
 
ᠢᠷᠡᠯᠲᠡ᠄ ᠠᠷᠠᠳ ᠤᠨ ᠶᠠᠪᠤᠳᠠᠯ ᠤᠨ ᠲᠢᠩᠬᠢᠮ ᠤᠨ ᠬᠢᠲᠠᠳ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号