ᠪᠤᠭᠤᠲᠤ ᠬᠤᠲᠠ ᠬᠦᠴᠢᠷᠳᠡᠯ ᠲᠠᠢ ᠣᠯᠠᠨ ᠲᠦᠮᠡᠨ ᠤ ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠵᠦ ᠦᠨᠳᠦᠰᠦᠨ ᠵᠦᠢᠯ  ᠢ ᠪᠠᠲᠤᠯᠠᠬᠤ ᠲᠣᠤᠷ ᠢ ᠨᠠᠷᠢᠨ ᠨᠢᠭᠲᠠ ᠰᠦᠯᠵᠢᠪᠡ
ᠨᠡᠶᠢᠲᠡᠯᠡᠭᠰᠡᠨ ᠴᠠᠭ᠄
2020/7/31
     ᠡᠨᠡ ᠵᠢᠯ ᠠᠴᠠ ᠪᠤᠭᠤᠲᠤ ᠬᠤᠲᠠ ᠬᠦᠴᠢᠷᠳᠡᠯ ᠲᠠᠢ ᠬᠦᠴᠢᠷᠳᠡᠯᠲᠡᠶ ᠣᠯᠠᠨ ᠲᠦᠮᠡᠨ ᠤ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠪᠦᠬᠦᠨ ᠢ ᠪᠠᠲᠤᠯᠠᠬᠤ ᠲᠣᠤᠷ ᠢᠶᠠᠨ ᠨᠠᠷᠢᠨ ᠨᠢᠭᠲᠠ ᠰᠦᠯᠵᠢᠪᠡ  ᠃      ᠨᠢᠭᠡ ᠳᠤ  ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ︽ᠪᠠᠲᠤᠯᠠᠬᠤ ᠶᠣᠰᠣᠲᠠᠶ ᠶᠢ ᠨᠢ ᠪᠦᠬᠦᠨ ᠢ ᠪᠠᠲᠤᠯᠠᠬᠤ︾ ᠶᠢ ᠪᠡᠶᠡᠯᠡᠭᠦᠯᠦᠨ᠎ᠡ᠃ ᠳᠣᠣᠷ᠎ᠠ ᠣᠷᠣᠯᠭ᠎ᠠ ᠲᠠᠢ ᠭᠡᠷ ᠪᠦᠯᠢ ᠶᠢᠨ ᠬᠦᠨᠳᠦ ᠵᠡᠮᠳᠡᠭ ᠬᠥᠮᠦᠰ᠂ ᠬᠦᠨᠳᠦ ᠡᠪᠡᠳᠴᠢᠲᠡᠨ ᠵᠡᠷᠭᠡ ᠣᠨᠴᠠᠭᠠᠢ ᠬᠦᠴᠢᠷᠳᠡᠯ ᠲᠠᠢ ᠬᠥᠮᠦᠰ ᠢ ︽ᠭᠠᠭᠴᠠ ᠬᠥᠮᠦᠨ ᠤ ᠪᠠᠲᠤᠯᠠᠭ᠎ᠠ︾ ᠪᠠᠷ ᠯᠠᠪᠯᠠᠯᠲᠠ ᠪᠣᠯᠭᠠᠵᠤ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ  ᠳᠤ ᠣᠷᠣᠭᠤᠯᠤᠨ᠎ᠠ᠃ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠲᠠ ᠪᠠᠯᠭᠠᠰᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ ᠬᠥᠮᠦᠨ ᠪᠦᠷᠢ ᠰᠠᠷ᠎ᠠ ᠳᠤ 710 ᠲᠥᠭᠦᠷᠢᠭ᠂ ᠮᠠᠯᠵᠢᠬᠤ ᠲᠠᠷᠢᠶᠠᠯᠠᠬᠤ ᠣᠷᠣᠨ ᠤ ᠬᠥᠮᠦᠨ ᠪᠦᠷᠢ ᠵᠢᠯ ᠳᠤ 6040 ᠲᠥᠭᠦᠷᠢᠭ ᠪᠣᠯᠭᠠᠵᠠᠢ᠃ ᠵᠢᠯ ᠤᠨ ᠡᠴᠦᠰ ᠲᠤ ᠪᠠᠷᠢᠮᠵᠢᠶ᠎ᠠ ᠪᠠᠨ ᠳᠡᠭᠡᠭᠰᠢᠯᠡᠭᠦᠯᠵᠦ ᠬᠡᠪᠴᠢᠶ᠎ᠡ ᠪᠠᠨ ᠥᠷᠭᠡᠳᠬᠡᠭᠰᠡᠨ ᠤ ᠳᠠᠷᠠᠭᠠᠬᠢ ᠵᠢᠱᠢᠯᠲᠡ ᠪᠠᠷ ᠪᠥᠬᠦ ᠬᠤᠲᠠ ᠳᠤ ᠨᠠᠭᠠᠳᠤ ᠵᠠᠬ᠎ᠠ ᠶᠢᠨ ᠠᠮᠢᠳᠤᠷᠠᠯ ᠤᠨ  ᠪᠠᠲᠤᠯᠠᠭ᠎ᠠ ᠶᠢᠨ ᠡᠲᠡᠭᠡᠳ 3500 ᠬᠥᠮᠦᠨ ᠰᠢᠨ᠎ᠡ ᠪᠠᠷ ᠨᠡᠮᠡᠭᠳᠡᠵᠦ᠂ 4 ᠲᠦᠮᠡᠨ ᠬᠥᠮᠦᠨ ᠣᠷᠴᠢᠮ ᠪᠣᠯᠬᠤ ᠪᠣᠯᠤᠨ᠎ᠠ᠃    ᠬᠤᠶᠠᠷ ᠲᠤ ᠲᠦᠷ ᠴᠠᠭ ᠤᠨ ᠳᠤᠰᠠᠯᠠᠮᠵᠢ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ︽ᠳᠤᠰᠠᠯᠠᠪᠠᠰᠤ ᠵᠣᠬᠢᠬᠤ ᠶᠢ ᠨᠢ ᠪᠦᠬᠦᠨ ᠢ ᠳᠤᠰᠠᠯᠠᠭᠰᠠᠨ︾ ᠪᠠᠶᠢᠨ᠎ᠠ᠃ ᠬᠢᠵᠢᠭ ᠲᠤ ᠨᠥᠯᠥᠭᠡᠯᠡᠭᠳᠡᠭᠡᠳ ᠠᠵᠢᠯ ᠤᠨ ᠪᠠᠶᠢᠷᠢ ᠳᠠᠭᠠᠨ ᠪᠤᠴᠠᠵᠤ ᠠᠵᠢᠯ ᠢᠶᠠᠨ ᠰᠡᠷᠭᠦᠭᠡᠬᠦ ᠶᠢᠨ ᠠᠷᠭ᠎ᠠ ᠦᠭᠡᠢ᠂ ᠭᠤᠷᠪᠠᠨ ᠰᠠᠷ᠎ᠠ ᠦᠷᠭᠦᠯᠵᠢᠯᠡᠨ ᠣᠷᠣᠯᠭ᠎ᠠ ᠦᠭᠡᠢ᠂ ᠠᠮᠢᠳᠤᠷᠠᠯ ᠨᠢ ᠬᠦᠴᠢᠷᠲᠡᠶ ᠮᠥᠷᠲᠡᠭᠡᠨ ᠠᠵᠢᠯ ᠠᠯᠳᠠᠭᠰᠠᠳ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠬᠠᠷᠠᠬᠠᠨ ᠪᠦᠷᠬᠦᠭᠡᠳᠤᠢ ᠬᠥᠯᠥᠰᠥᠨ ᠠᠵᠢᠯᠴᠢᠨ ᠵᠡᠷᠭᠡ ᠳᠤ 500 ᠲᠥᠭᠦᠷᠢᠭ ᠠᠴᠠ ᠳᠣᠣᠷ᠎ᠠ ᠦᠭᠡᠢ ᠲᠦᠷ ᠴᠠᠭ ᠤᠨ ᠳᠤᠰᠠᠯᠠᠮᠵᠢ ᠣᠯᠭᠤᠵᠤ᠂ ᠡᠭᠦᠨ ᠤ ᠬᠠᠮᠲᠤ ᠲᠦᠷ ᠴᠠᠭ ᠤᠨ ᠳᠤᠰᠠᠯᠠᠮᠵᠢ ᠶᠢᠨ  ᠪᠡᠯᠡᠳᠬᠡᠯ ᠮᠥᠩᠭᠦ ᠶᠢ ᠰᠢᠶᠠᠩ ᠪᠠᠯᠭᠠᠰᠤ ︵ᠵᠡᠭᠡᠯᠢ ᠭᠤᠳᠤᠮᠵᠢ︶ ᠳᠤ ᠪᠠᠭᠤᠯᠭᠠᠵᠤ᠂ ᠣᠲᠣ ᠶᠢᠨ ᠬᠡᠷᠡᠭᠵᠢᠭᠦᠯᠵᠦ ᠪᠠᠶᠢᠭ᠎ᠠ  ᠳᠤᠰᠠᠯᠠᠮᠵᠢ ᠶᠢ ᠢᠳᠡᠪᠬᠢᠲᠡᠶ ᠶᠠᠪᠤᠭᠳᠠᠭᠤᠯᠤᠨ᠎ᠠ  ᠃    ᠭᠤᠷᠪᠠ ᠳᠤ ᠣᠨᠴᠠ ᠬᠦᠴᠢᠷᠳᠡᠯ ᠲᠠᠢ ᠬᠥᠮᠦᠰ ᠢ ᠳᠡᠳᠬᠦᠨ ᠲᠤᠰᠠᠯᠠᠵᠤ ᠠᠰᠠᠷᠠᠨ ᠬᠠᠷᠠᠭᠠᠯᠵᠠᠬᠤ ᠬᠡᠪᠴᠢᠶ᠎ᠡ ᠶᠢ ᠦᠷᠭᠡᠳᠬᠡᠨ᠂ ᠠᠰᠠᠷᠠᠨ ᠬᠠᠷᠠᠭᠠᠯᠵᠠᠬᠤ ᠦᠢᠯᠡᠴᠢᠯᠡᠭᠡ ᠶᠢ ᠴᠢᠩᠭᠠᠳᠬᠠᠨ᠎ᠠ᠃ ᠣᠨᠴᠠ ᠬᠦᠴᠢᠷᠳᠡᠯᠲᠡᠶ ᠬᠥᠮᠦᠰ ᠤᠨ ᠠᠰᠠᠷᠠᠨ ᠬᠠᠷᠠᠭᠠᠯᠵᠠᠬᠤ  ᠶᠢ ᠬᠠᠮᠤᠷᠤᠭᠰᠠᠨ ᠨᠠᠰᠤᠨ ᠳᠤ ᠦᠯᠦ ᠬᠦᠷᠦᠭᠰᠡᠳ ᠤᠨ ᠨᠠᠰᠤ ᠶᠢ ᠪᠦᠬᠦᠯᠢ 16 ᠨᠠᠰᠤ ᠪᠠᠶᠢᠭᠰᠠᠨ ᠠᠴᠠ ᠪᠠᠨ ᠪᠦᠬᠦᠯᠢ 18 ᠨᠠᠰᠤ ᠪᠣᠯᠭᠠᠨ ᠤᠷᠲᠤᠳᠬᠠᠵᠤ᠂ ᠬᠤᠲᠠ ᠪᠠᠯᠭᠠᠰᠤ ᠶᠢᠨ ᠣᠨᠴᠠ ᠬᠦᠴᠢᠷᠳᠡᠯᠲᠡᠶ ᠠᠰᠠᠷᠠᠨ ᠬᠠᠷᠠᠭᠠᠯᠵᠠᠬᠤ ᠬᠥᠮᠦᠰ ᠤᠨ ᠰᠠᠯᠤᠩᠬᠢ   ᠠᠰᠠᠷᠠᠨ ᠬᠠᠷᠠᠭᠠᠯᠵᠠᠬᠤ ᠪᠠᠷᠢᠮᠵᠢᠶ᠎ᠠ ᠶᠢ 400 ᠲᠥᠭᠦᠷᠢᠭ ᠨᠡᠮᠡᠭᠳᠡᠭᠦᠯᠤᠭᠡᠳ᠂ ᠬᠥᠮᠦᠨ ᠪᠦᠷᠢ ᠰᠠᠷ᠎ᠠ ᠳᠤ 1600 ᠲᠦᠭᠦᠷᠢᠭ ᠪᠣᠯᠭᠠᠪᠠ︔ ᠮᠠᠯᠵᠢᠬᠤ ᠲᠠᠷᠢᠶᠠᠯᠠᠬᠤ ᠣᠷᠣᠨ ᠤ ᠣᠨᠴᠠ ᠬᠦᠴᠢᠷᠳᠡᠯᠲᠡᠶ ᠬᠥᠮᠦᠰ ᠢ ᠰᠠᠯᠤᠩᠬᠢ ᠠᠰᠠᠷᠠᠨ ᠬᠠᠷᠠᠭᠠᠯᠵᠠᠬᠤ ᠪᠠᠷᠢᠮᠵᠢᠶ᠎ᠠ ᠶᠢ 2590 ᠲᠥᠭᠦᠷᠢᠭ  ᠨᠡᠮᠡᠵᠤ᠂ ᠬᠥᠮᠦᠨ ᠪᠦᠷᠢ ᠵᠢᠯ ᠳᠤ 10000 ᠲᠥᠭᠦᠷᠢᠭ ᠲᠤ ᠬᠦᠷᠭᠡᠪᠡ  ᠃
 
ᠢᠷᠡᠯᠲᠡ᠄ ᠠᠷᠠᠳ ᠤᠨ ᠶᠠᠪᠤᠳᠠᠯ ᠤᠨ ᠲᠢᠩᠬᠢᠮ ᠤᠨ ᠬᠢᠲᠠᠳ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号